ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠣᠭᠲᠠᠴᠠ᠄ ᠠᠷᠠᠳ ᠤᠨ ᠵᠣᠪᠠᠨᠢᠯ ᠢ ᠠᠷᠢᠯᠭᠠᠨ ᠠᠷᠠᠳ ᠤᠨ ᠰᠡᠳᠬᠢᠯ ᠢ ᠳᠤᠯᠠᠭᠠᠯᠠᠵᠤ᠂ ᠣᠯᠠᠨ ᠲᠦᠮᠡᠨ ᠳᠤ ᠦᠢᠯᠡᠴᠢᠯᠡᠬᠦ 《 ᠬᠠᠮᠤᠭ ᠰᠡᠭᠦᠯᠴᠢ ᠶᠢᠨ ᠨᠢᠭᠡ ᠺᠢᠯᠣᠮᠧᠳ᠋ᠷ 》 ᠢ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2024/12/17
      ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠣᠭᠲᠠᠴᠠ᠄ ᠠᠷᠠᠳ ᠤᠨ ᠵᠣᠪᠠᠨᠢᠯ ᠢ ᠠᠷᠢᠯᠭᠠᠨ ᠠᠷᠠᠳ ᠤᠨ ᠰᠡᠳᠬᠢᠯ ᠢ ᠳᠤᠯᠠᠭᠠᠯᠠᠵᠤ᠂ ᠣᠯᠠᠨ ᠲᠦᠮᠡᠨ ᠳᠤ ᠦᠢᠯᠡᠴᠢᠯᠡᠬᠦ 《 ᠬᠠᠮᠤᠭ ᠰᠡᠭᠦᠯᠴᠢ ᠶᠢᠨ ᠨᠢᠭᠡ ᠺᠢᠯᠣᠮᠧᠳ᠋ᠷ 》 ᠢ ᠨᠡᠪᠲᠡᠷᠡᠭᠦᠯᠦᠨ᠎ᠡ             ᠣᠶᠢᠷ᠎ᠠ ᠳᠤ᠂ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠵᠢᠶᠧ ᠹᠠᠩ ᠵᠠᠮ ᠤᠨ ᠨᠡᠶᠢᠭᠡᠮ ᠲᠣᠭᠤᠷᠢᠭ ᠤᠨ ᠵᠢᠩ ᠲᠠᠢ ᠬᠤᠸᠠ ᠶᠤᠸᠠᠨ ᠰᠠᠭᠤᠭᠠᠯᠢ ᠲᠣᠭᠤᠷᠢᠭ ᠤᠨ 260 ᠭᠠᠷᠤᠢ ᠡᠷᠦᠬᠡ ᠰᠠᠭᠤᠭᠠᠯᠢ ᠠᠷᠠᠳ ᠠᠮᠢᠳᠤᠷᠠᠯ ᠤᠨ ᠣᠷᠴᠢᠨ ᠲᠣᠭᠤᠷᠢᠨ ᠤ ᠴᠢᠬᠤᠯᠠ ᠶᠡᠭᠡ ᠬᠤᠪᠢᠷᠠᠯᠲᠠ ᠶᠢ ᠤᠭᠲᠤᠨ ᠠᠪᠤᠭᠰᠠᠨ ᠪᠠᠶᠢᠨ᠎ᠠ᠃ᠲᠡᠳᠡᠨᠡᠷ ᠤᠨ ᠲᠦᠭᠡᠭᠡᠯ ᠤᠰᠤᠨ ᠤ ᠬᠠᠩᠭᠠᠯᠭ᠎ᠠ ᠪᠠ ᠪᠣᠬᠢᠷ ᠤᠰᠤ ᠰᠢᠢᠳᠪᠦᠷᠢᠯᠡᠬᠦ ᠠᠰᠠᠭᠤᠳᠠᠯ ᠢ ᠭᠠᠴᠢᠭᠳᠠᠭᠤᠯᠵᠤ ᠂ ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠣᠭᠲᠠᠴᠠ ᠶᠢᠨ ᠠᠬᠢᠭᠤᠯᠤᠯ ᠳᠣᠣᠷ᠎ᠠ ᠠᠮᠵᠢᠯᠲᠠ ᠲᠠᠢ ᠰᠢᠢᠳᠪᠦᠷᠢᠯᠡᠵᠦ᠂ ᠰᠠᠭᠤᠭᠠᠯᠢ ᠠᠷᠠᠳ ᠲᠤ ᠦᠨᠡᠨᠬᠦ 《 ᠶᠡᠭᠡ ᠬᠦᠴᠢᠷ ᠠᠰᠠᠭᠤᠳᠠᠯ 》 ᠢ ᠰᠢᠢᠳᠪᠦᠷᠢᠯᠡᠵᠦ ᠥᠭᠴᠡᠢ᠃
12.17+1.jpg
       ᠵᠢᠩ ᠲᠠᠢ ᠬᠤᠸᠠ ᠶᠤᠸᠠᠨ ᠰᠠᠭᠤᠭᠠᠯᠢ ᠲᠣᠭᠤᠷᠢᠭ 2014 ᠣᠨ ᠳᠤ ᠪᠠᠶᠢᠭᠤᠯᠤᠭᠳᠠᠵᠤ᠂ ᠡᠨᠡ ᠵᠢᠯ ᠤᠨ ᠵᠤᠨ᠂ ᠰᠠᠭᠤᠭᠠᠯᠢ ᠲᠣᠭᠤᠷᠢᠭ ᠤᠨ ᠲᠦᠭᠡᠭᠡᠯ ᠤᠰᠤᠨ ᠤ ᠬᠠᠩᠭᠠᠯᠭ᠎ᠠ 20 ᠭᠠᠷᠤᠢ ᠡᠳᠦᠷ ᠲᠠᠰᠤᠯᠳᠠᠵᠤ᠂ ᠠᠳᠠᠯ ᠠᠬᠤᠢ ᠶᠢᠨ ᠵᠣᠬᠢᠴᠠᠭᠤᠯᠭ᠎ᠠ ᠪᠠᠷ ᠵᠢᠮᠢᠰ ᠥᠬᠡᠢ ᠪᠣᠯᠵᠤ᠂ ᠰᠠᠭᠤᠭᠠᠯᠢ ᠠᠷᠠᠳ ᠨᠡᠶᠢᠭᠡᠮ ᠲᠣᠭᠤᠷᠢᠭ᠋/‍ᠠ᠋ᠴᠠ ᠲᠤᠰᠠᠯᠠᠮᠵᠢ ᠭᠤᠶᠤᠨ᠎ᠠ᠃ᠨᠡᠶᠢᠭᠡᠮ ᠲᠣᠭᠤᠷᠢᠭ ᠤᠨ ᠠᠵᠢᠯᠲᠠᠳ ᠪᠣᠳᠠᠲᠤ ᠪᠠᠶᠢᠳᠠᠯ ᠢ ᠨᠠᠷᠢᠨ ᠨᠢᠮᠪᠠᠢ ᠣᠶᠢᠯᠠᠭᠠᠭᠰᠠᠨ ᠪᠥᠭᠡᠳ ᠰᠠᠭᠤᠭᠠᠯᠢ ᠲᠣᠭᠤᠷᠢᠭ ᠨᠢ ᠪᠦᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠤ ᠲᠥᠯᠥᠪᠵᠢᠭᠦᠯᠭᠡ ᠵᠣᠬᠢᠰ ᠦᠭᠡᠢ  ᠠᠴᠠ ᠪᠣᠯᠵᠤ᠂ ᠪᠣᠬᠢᠷ ᠤᠰᠤ ᠭᠠᠳᠠᠭᠰᠢᠯᠠᠭᠤᠯᠬᠤ ᠰᠢᠰᠲ᠋ᠧᠮ ᠢ ᠶᠡᠷᠦ ᠨᠢ ᠬᠤᠲᠠ ᠶᠢᠨ ᠬᠤᠭᠤᠯᠠᠢ ᠶᠢᠨ ᠲᠣᠣᠷ ᠲᠤ ᠣᠷᠣᠭᠤᠯᠤᠭᠰᠠᠨ ᠦᠭᠡᠢ᠂ ᠣᠯᠠᠨ ᠵᠢᠯ ᠤᠨ ᠲᠤᠷᠰᠢ ᠠᠳᠠᠯ ᠠᠬᠤᠢ ᠳᠤ ᠲᠦᠰᠢᠭᠯᠡᠵᠦ ᠲᠣᠭᠲᠠᠮᠠᠯ ᠬᠤᠭᠤᠴᠠᠭ᠎ᠠ ᠲᠠᠢ ᠪᠠᠷ ᠪᠣᠬᠢᠷ ᠤᠰᠤ ᠭᠠᠳᠠᠭᠰᠢᠯᠠᠭᠤᠯᠤᠨ ᠠᠮᠢᠳᠤᠷᠠᠯ ᠤᠨ ᠡᠮᠬᠢ ᠳᠢᠭᠯᠢᠮ ᠢ ᠪᠠᠲᠤᠯᠠᠵᠤ ᠪᠠᠶᠢᠭᠰᠠᠨ ᠪᠣᠯᠪᠠᠴᠤ ᠠᠳᠠᠯ ᠠᠬᠤᠢ ᠶᠢᠨ ᠺᠣᠮᠫᠠᠨᠢ ᠪᠣᠬᠢᠷ ᠤᠰᠤ ᠭᠠᠳᠠᠭᠰᠢᠯᠠᠭᠤᠯᠬᠤ ᠪᠠᠨ  ᠵᠤᠭᠰᠤᠭᠠᠭᠰᠠᠨ ᠠᠴᠠ ᠪᠣᠯᠵᠤ ᠪᠣᠬᠢᠷ ᠤᠰᠤ ᠬᠤᠷᠠᠭᠠᠳ᠂ ᠦᠮᠡᠬᠡᠢ ᠠᠭᠤᠷ ᠠᠮᠢᠰᠬᠤᠯ ᠪᠣᠢ ᠪᠣᠯᠵᠠᠢ᠃ ᠡᠨᠡᠬᠦ ᠪᠠᠴᠢᠮ ᠪᠠᠶᠢᠳᠠᠯ ᠳᠤ ᠴᠢᠭᠯᠡᠭᠦᠯᠦᠨ᠂ ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠤᠯᠠᠭᠠᠨ ᠬᠤᠸᠠ ᠪᠠᠯᠭᠠᠰᠤ᠂ ᠨᠡᠶᠢᠭᠡᠮ ᠲᠣᠭᠤᠷᠢᠭ ᠤᠨ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ  ᠨᠢ ᠨᠢᠭᠲᠡ ᠬᠠᠮᠵᠢᠯᠴᠠᠨ᠂ ᠲᠤᠰ ᠪᠠᠭ᠎ᠠ ᠲᠣᠭᠤᠷᠢᠭ ᠤᠨ ᠲᠦᠭᠡᠭᠡᠯ ᠤᠰᠤᠨ ᠤ ᠬᠤᠭᠤᠯᠠᠢ ᠤᠳᠠᠭᠠᠨ ᠰᠡᠯᠪᠢᠨ ᠵᠠᠰᠠᠭᠠᠳᠤᠢ᠂ ᠪᠣᠬᠢᠷ ᠤᠰᠤ ᠭᠠᠳᠠᠭᠰᠢᠯᠠᠭᠤᠯᠬᠤ ᠠᠰᠠᠭᠤᠳᠠᠯ ᠢ ᠣᠷᠣᠯᠠᠨ ᠭᠦᠢᠴᠡᠳᠬᠡᠬᠦ ᠵᠦᠢᠯᠡᠰ ᠲᠤ ᠣᠷᠣᠭᠤᠯᠵᠠᠢ ᠃ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠬᠤ᠂ ᠲᠥᠰᠦᠯ ᠲᠣᠭᠲᠠᠭᠠᠬᠤ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠰᠠᠭᠤᠭᠠᠯᠢ ᠠᠷᠠᠳ ᠤᠨ ᠣᠯᠠᠨ ᠵᠢᠯ ᠵᠣᠪᠠᠭᠠᠭᠰᠠᠨ 《 ᠶᠡᠭᠡ ᠲᠦᠪᠡᠭᠲᠡᠢ ᠠᠰᠠᠭᠤᠳᠠᠯ 》 ᠢ ᠠᠮᠵᠢᠯᠲᠠ ᠲᠠᠢ ᠰᠢᠢᠳᠪᠦᠷᠢᠯᠡᠪᠡ᠃
12.17+2.jpg
       ᠵᠢᠩ ᠲᠠᠢ ᠬᠤᠸᠠ ᠶᠤᠸᠠᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠶᠠᠩ ᠷᠦᠩ ᠷᠦᠩ ᠷᠦᠩ᠄ 《 ᠮᠠᠨ ᠤ ᠪᠠᠭ᠎ᠠ ᠲᠣᠭᠤᠷᠢᠭ ᠲᠤ ᠡᠨᠡ ᠵᠤᠨ ᠠᠴᠠ ᠨᠠᠮᠤᠷ ᠪᠣᠯᠲᠠᠯ᠎ᠠ 20 ᠭᠠᠷᠤᠢ ᠡᠳᠦᠷ ᠤᠰᠤ ᠦᠭᠡᠢ ᠪᠠᠶᠢᠵᠠᠢ ᠂ ᠰᠡᠭᠦᠯᠡᠷ ᠨᠢ ᠲᠦᠭᠡᠭᠡᠯ ᠤᠰᠤᠨ ᠤ ᠬᠤᠭᠤᠯᠠᠢ ᠡᠪᠳᠡᠷᠡᠭᠰᠡᠨ ᠪᠠᠶᠢᠬᠤ ᠶᠢ ᠮᠡᠳᠡᠪᠡ᠃ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠠᠳᠠᠯ ᠠᠬᠤᠢ ᠡᠷᠢᠬᠦ᠂ ᠠᠳᠠᠯ ᠠᠬᠤᠢ ᠬᠠᠮᠢᠶᠠᠷᠬᠤ ᠦᠭᠡᠢ᠂ ᠳᠠᠷᠠᠭ᠎ᠠ ᠨᠢ ᠬᠥᠮᠦᠰ ᠨᠡᠶᠢᠭᠡᠮ ᠲᠣᠭᠤᠷᠢᠭ ᠢ ᠡᠷᠢᠨ᠎ᠡ᠃ᠨᠡᠶᠢᠭᠡᠮ ᠲᠣᠭᠤᠷᠢᠭ ᠨᠢ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠪᠠᠷ ᠳᠠᠮᠵᠢᠭᠤᠯᠤᠨ ᠪᠢᠳᠡᠨ ᠳᠤ ᠬᠤᠭᠤᠯᠠᠢ ᠤᠭᠰᠠᠷᠠᠵᠤ᠂ ᠤᠰᠤ ᠢᠳᠡᠬᠦ ᠠᠰᠠᠭᠤᠳᠠᠯ ᠢ ᠰᠢᠢᠳᠪᠦᠷᠢᠯᠡᠵᠡᠢ᠃ᠳᠠᠮᠵᠢᠭᠤᠯᠬᠤ ᠬᠤᠭᠤᠯᠠᠢ ᠶᠢ ᠰᠣᠯᠢᠬᠤ ᠦᠶ᠎ᠡ ᠳᠤ ᠪᠣᠬᠢᠷ ᠤᠰᠤᠨ ᠤ ᠬᠤᠭᠤᠯᠠᠢ ᠶᠢᠨ ᠲᠣᠣᠷ ᠲᠤ ᠵᠠᠯᠭᠠᠵᠤ ᠣᠷᠣᠭᠤᠯᠤᠭᠰᠠᠨ ᠦᠭᠡᠢ᠂ ᠪᠣᠬᠢᠷ ᠤᠰᠤ ᠶᠢ ᠰᠢᠢᠳᠪᠦᠷᠢᠯᠡᠬᠦ ᠳᠤ ᠪᠠᠰᠠ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠢ᠃ᠰᠡᠭᠦᠯᠡᠷ ᠨᠢ ᠨᠡᠶᠢᠭᠡᠮ ᠲᠣᠭᠤᠷᠢᠭ᠂ ᠵᠠᠰᠠᠭ ᠤᠨ ᠣᠷᠳᠣᠨ ᠤ ᠵᠣᠬᠢᠴᠠᠭᠤᠯᠭ᠎ᠠ ᠪᠠᠷ ᠳᠠᠮᠵᠢᠨ᠂ ᠣᠳᠣ ᠪᠤᠵᠠᠷ ᠤᠰᠤ ᠶᠢ ᠴᠦ ᠵᠠᠰᠠᠵᠤ ᠳᠠᠭᠤᠰᠬᠠᠵᠠᠢ᠂ ᠲᠦᠭᠡᠭᠡᠯ ᠤᠰᠤ ᠶᠢ ᠴᠦ ᠵᠠᠰᠠᠵᠤ ᠳᠠᠭᠤᠰᠬᠠᠵᠠᠢ᠃ᠪᠢᠳᠡᠨ ᠤ ᠠᠮᠢᠳᠤᠷᠠᠯ ᠳᠥᠭᠦᠮ ᠪᠣᠯᠪᠠ᠃
12.17+3.jpg
      ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠣᠭᠲᠠᠴᠠ ᠳᠤ ᠠᠰᠢᠭ ᠬᠦᠷᠲᠡᠭᠴᠢ ᠴᠠᠭᠠᠨ ᠪᠤᠯᠠᠭ ᠰᠤᠮᠤᠨ ᠤ ᠴᠠᠭᠠᠨ ᠪᠤᠯᠠᠭ ᠭᠠᠴᠠᠭ᠎ᠠ ᠶᠢᠨ ᠮᠠᠯᠴᠢᠨ᠃ᠣᠶᠢᠷ᠎ᠠ ᠶᠢᠨ ᠵᠢᠯ‌‍ᠡᠴᠡ ᠨᠡᠰᠢ᠂ ᠭᠠᠵᠠᠷ ᠳᠣᠣᠷᠠᠬᠢ ᠤᠰᠤᠨ ᠲᠦᠪᠰᠢᠨ ᠳᠣᠷᠣᠭᠰᠢᠯᠠᠵᠤ᠂ ᠴᠠᠭ ᠠᠭᠤᠷ᠂ ᠤᠯᠠᠷᠢᠯ ᠤᠨ ᠨᠥᠯᠥᠭᠡᠯᠡᠯ‌‍ᠡᠴᠡ ᠪᠣᠯᠵᠤ᠂ ᠮᠠᠯᠴᠢᠳ ᠡᠨᠡ ᠵᠤᠨ ᠤᠰᠤ ᠠᠯᠳᠠᠬᠤ ᠪᠠᠶᠢᠳᠠᠯ ᠢᠯᠡᠷᠡᠪᠡ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠭᠤᠷᠪᠠᠨ ᠱᠠᠲᠤᠨ ᠤ ᠲᠣᠭᠲᠠᠴᠠ ᠶᠢᠨ ᠲᠦᠯᠬᠢᠴᠡ ᠳᠣᠣᠷ᠎ᠠ᠂ ᠣᠯᠠᠨ ᠤᠳᠠᠭᠠᠨ ᠤ ᠵᠣᠬᠢᠴᠠᠩᠭᠤᠢ ᠴᠢᠷᠮᠠᠶᠢᠯᠭ᠎ᠠ ᠪᠠᠷ ᠳᠠᠮᠵᠢᠨ᠂ ᠬᠤᠶᠠᠷ ᠰᠠᠷ᠎ᠠ ᠪᠣᠯᠤᠭᠰᠠᠨ ᠥᠬᠡᠢ ᠭᠠᠴᠠᠭᠠᠨ᠋‌‍ᠠ᠋ᠴᠠ ᠰᠢᠨ᠎ᠡ ᠬᠤᠳᠳᠤᠭ ᠠᠮᠵᠢᠯᠲᠠ ᠲᠠᠢ ᠪᠠᠶᠢᠭᠤᠯᠵᠤ᠂ ᠰᠠᠭᠤᠭᠠᠯᠢ ᠠᠷᠠᠳ 24 ᠴᠠᠭ ᠴᠡᠪᠡᠷ ᠲᠤᠩᠭᠠᠯᠠᠭ ᠤᠰᠤ ᠣᠯᠵᠤ ᠤᠤᠭᠤᠬᠤ ᠮᠥᠷᠲᠡᠭᠡᠨ ᠠᠮᠢᠳᠤᠷᠠᠯ ᠤᠨ ᠴᠢᠨᠠᠷ ᠨᠢ ᠢᠯᠡᠳᠲᠡ ᠳᠡᠭᠡᠭᠰᠢᠯᠡᠵᠡᠢ᠃
12.17+4.jpg
       《 ᠡᠨᠡ ᠵᠢᠯ ᠤᠨ 5 ᠰᠠᠷ᠎ᠠ ᠶᠢᠨ ᠳᠤᠮᠳᠠᠴᠢ  ᠠᠴᠠ ᠪᠢᠳᠡ ᠤᠰᠤ ᠳᠤᠲᠠᠬᠤ ᠦᠶ᠎ᠡ ᠳᠤ᠂ ᠨᠠᠮ ᠤᠨ ᠡᠭᠦᠷ ᠤᠨ ᠱᠦᠵᠢ ᠳᠡᠭᠡᠳᠦ ᠱᠠᠲᠤᠨ ᠳᠤ ᠢᠳᠡᠪᠬᠢᠲᠡᠢ ᠲᠤᠰᠬᠠᠭᠰᠠᠨ ᠢᠶᠠᠷ᠂ ᠵᠥᠪᠬᠡᠨ 20 ᠭᠠᠷᠤᠢ ᠡᠳᠦᠷ ᠬᠤᠳᠳᠤᠭ ᠮᠠᠯᠲᠠᠵᠤ ᠭᠠᠷᠭᠠᠭᠠᠳ᠂ ᠪᠢᠳᠡᠨ ᠤ ᠤᠰᠤ ᠢᠳᠡᠬᠦ ᠠᠰᠠᠭᠤᠳᠠᠯ ᠢ ᠴᠦ ᠰᠢᠢᠳᠪᠦᠷᠢᠯᠡᠪᠡ 》 ᠭᠡᠪᠡ᠃ᠣᠳᠣ ᠪᠣᠯᠲᠠᠯ᠎ᠠ ᠤᠰᠤ ᠡᠯᠪᠡᠭ ᠳᠡᠯᠪᠡᠭ᠂ ᠬᠠᠭᠠᠰ ᠰᠥᠨᠢ ᠶᠢᠨ ᠠᠷᠪᠠᠨ ᠬᠤᠶᠠᠷ ᠴᠠᠭ ᠲᠤ ᠤᠰᠤᠨ ᠴᠣᠷᠭᠤ ᠶᠢ ᠮᠤᠰᠬᠢᠪᠠᠴᠤ ᠤᠰᠤ ᠲᠠᠢ᠃》 ᠴᠠᠭᠠᠨᠪᠤᠯᠠᠭ ᠰᠤᠮᠤ ᠶᠢᠨ ᠴᠠᠭᠠᠨ ᠪᠤᠯᠠᠭ ᠭᠠᠴᠠᠭᠠᠨ ᠳᠤ ᠠᠮᠢᠳᠤᠷᠠᠵᠤ ᠪᠠᠶᠢᠭ᠎ᠠ ᠮᠠᠯᠴᠢᠨ ᠵᠣᠣ ᠯᠦ ᠯᠧ ᠰᠤᠷᠪᠤᠯᠵᠢᠯᠠᠭᠴᠢ ᠳᠤ ᠬᠡᠯᠡᠬᠦ ᠳᠡᠭᠡᠨ᠃
12.17+5.jpg
      ᠳᠥᠷᠪᠡᠳ ᠬᠤᠰᠢᠭᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠣᠭᠲᠠᠴᠠ ᠶᠢ ᠬᠡᠷᠡᠭᠵᠢᠭᠦᠯᠦᠭᠰᠡᠨ᠋‌‍ᠡᠴᠡ ᠨᠡᠰᠢ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ 《 ᠬᠥᠮᠦᠨ ᠢᠶᠠᠷ ᠦᠨᠳᠦᠰᠦ ᠪᠣᠯᠭᠠᠬᠤ᠂ ᠠᠷᠠᠳ ᠲᠤ ᠳᠥᠭᠦᠮ ᠦᠵᠡᠭᠦᠯᠬᠦ 》 ᠠᠵᠢᠯ ᠤᠨ ᠣᠨᠣᠯᠵᠢᠬᠤᠨ ᠢᠶᠠᠷ᠂ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠪᠠᠶᠢᠭᠤᠯᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠂ ᠵᠥᠷᠢᠴᠡᠯ ᠢ ᠵᠢᠭᠰᠡᠭᠠᠨ ᠪᠠᠶᠢᠴᠠᠭᠠᠬᠤ ᠪᠠ ᠴᠤᠪᠤᠷᠠᠯ ᠤᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠳᠤᠮᠳᠠ ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃
12.17+6.jpg
      ᠭᠠᠳᠠᠷ ᠣᠷᠣᠨ ᠤ ᠬᠥᠯᠥᠰᠥᠨ ᠠᠵᠢᠯᠴᠢᠨ ᠤ ᠴᠠᠯᠢᠩ ᠢ ᠣᠷᠣᠯᠠᠨ ᠭᠦᠢᠴᠡᠳᠬᠡᠬᠦ ᠠᠰᠠᠭᠤᠳᠠᠯ ᠨᠢ ᠬᠥᠳᠡᠯᠮᠦᠷᠢᠴᠢᠳ ᠲᠤ ᠬᠥᠳᠡᠯᠮᠦᠷᠢᠯᠡᠭᠡᠳ ᠠᠰᠢᠭ ᠣᠷᠣᠯᠭ᠎ᠠ ᠣᠯᠭᠤᠨ᠎ᠠ ;ᠠᠳᠠᠯ ᠠᠬᠤᠢ ᠶᠢᠨ ᠵᠢᠵᠢᠭ ᠲᠣᠭᠤᠷᠢᠭ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠰᠠᠭᠤᠳᠠᠯ ᠢ ᠣᠷᠣᠯᠠᠨ ᠡᠷᠬᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠢ ;ᠨᠢᠭᠡᠳᠦᠭᠡᠷ ᠬᠤᠶᠠᠳᠤᠭᠠᠷ ᠳᠠᠪᠬᠤᠷᠭ᠎ᠠ ᠶᠢᠨ ᠰᠠᠭᠤᠭᠠᠯᠢ ᠠᠷᠠᠳ ᠤᠨ ᠴᠣᠩᠬᠤᠨ ᠬᠠᠯᠬᠠᠪᠴᠢ ᠬᠠᠪᠲᠠᠰᠤᠨ ᠠᠴᠠ ᠪᠣᠯᠤᠭᠰᠠᠨ ᠵᠥᠷᠢᠴᠡᠯ ᠵᠢᠭᠤᠷᠠᠯᠳᠤᠭᠠᠨ ᠢ ᠵᠣᠬᠢᠴᠠᠭᠤᠯᠵᠤ᠂ ᠬᠦᠷᠰᠢ ᠵᠡᠷᠭᠡᠯᠡᠳᠡᠭᠡ ᠶᠢᠨ ᠡᠶ᠎ᠡ ᠵᠣᠬᠢᠴᠠᠯ ᠢ ᠠᠬᠢᠭᠤᠯᠤᠨ᠎ᠠ ;ᠬᠠᠮᠲᠤ ᠪᠠᠷ ᠰᠠᠭᠤᠭ᠎ᠠ ᠬᠠᠮᠲᠤ ᠪᠠᠷ ᠪᠠᠶᠢᠭᠤᠯᠬᠤ ᠨᠢᠭᠡᠴᠢ ᠶᠢ ᠵᠣᠬᠢᠴᠠᠭᠤᠯᠵᠤ᠂ ᠬᠦᠷᠢᠶ᠎ᠡ ᠬᠡᠷᠡᠮ ᠢ ᠰᠡᠯᠪᠢᠨ ᠵᠠᠰᠠᠵᠤ᠂ ᠳᠠᠯᠳᠠ ᠭᠡᠮ ᠢ ᠠᠷᠢᠯᠭᠠᠨ᠎ᠠ ;ᠲᠣᠰᠬᠤᠨ ᠤ ᠠᠷᠠᠳ ᠤᠨ ᠳᠣᠣᠷ᠎ᠠ ᠭᠠᠵᠠᠷ ᠲᠠᠷᠢᠶᠠᠨ ᠭᠠᠵᠠᠷ ᠤᠨ ᠤᠰᠤ ᠶᠢ ᠴᠡᠪᠡᠷᠯᠡᠬᠦ᠂ ᠬᠤᠭᠤᠯᠠᠢ ᠬᠠᠭᠠᠷᠠᠬᠤ ᠶᠢ ᠰᠢᠢᠳᠪᠦᠷᠢᠯᠡᠬᠦ᠂ ᠵᠠᠮ ᠤᠨ ᠭᠠᠳᠠᠷᠭᠤ ᠶᠢ ᠲᠡᠭᠰᠢᠯᠡᠵᠦ ᠬᠠᠲᠠᠭᠤᠷᠠᠭᠤᠯᠬᠤ᠂ ᠭᠤᠳᠤᠮᠵᠢ ᠳᠤ ᠤᠰᠤ ᠬᠤᠷᠠᠬᠤ ᠶᠢ ᠰᠢᠯᠤᠭᠤᠳᠬᠠᠬᠤ ᠵᠡᠷᠭᠡ ᠠᠰᠠᠭᠤᠳᠠᠯ ᠢ ᠳᠠᠷᠦ᠋ᠢᠬᠠᠨ ᠵᠠᠷᠭᠤ ᠶᠢᠨ ᠳᠠᠷᠤᠢ ᠳᠤᠨᠢ ᠭᠦᠢᠴᠡᠳᠬᠡᠬᠦ᠂ ᠵᠠᠷᠭᠤ ᠦᠭᠡᠢ ᠪᠠᠷ ᠤᠷᠢᠳᠠᠪᠠᠷ ᠭᠦᠢᠴᠡᠳᠬᠡᠬᠦ ᠵᠠᠷᠴᠢᠮ ᠢ ᠪᠠᠷᠢᠮᠲᠠᠯᠠᠨ᠂ ᠴᠠᠭ ᠲᠤᠬᠠᠢ ᠳᠤᠨᠢ ᠵᠢᠭᠰᠡᠭᠠᠨ ᠪᠠᠶᠢᠴᠠᠭᠠᠬᠤ᠂ ᠬᠢᠨᠠᠮᠠᠭᠠᠢ ᠬᠦᠯᠢᠶᠡᠨ ᠠᠪᠬᠤ᠂ ᠴᠠᠭ ᠲᠤᠬᠠᠢ ᠳᠤᠨᠢ ᠵᠣᠬᠢᠴᠠᠭᠤᠯᠬᠤ᠂ ᠬᠠᠮᠤᠭ ᠤᠨ ᠣᠬᠤᠷ ᠬᠤᠭᠤᠴᠠᠭᠠᠨ ᠤ ᠳᠣᠲᠣᠷ᠎ᠠ ᠭᠦᠢᠴᠡᠳᠬᠡᠵᠦ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠠᠷᠠᠳ ᠲᠦᠮᠡᠨ ᠤ ᠲᠥᠯᠥᠭᠡ ᠭᠡᠬᠦ‍ ᠨᠢᠭᠡ ᠯᠡ ᠪᠣᠳᠠᠲᠤ ᠬᠡᠷᠡᠭ ᠪᠣᠯ ᠦᠷ᠎ᠡ ᠪᠦᠲᠦᠭᠡᠯ ᠮᠥᠷᠲᠡᠭᠡᠨ ᠲᠤᠷᠰᠢᠯᠭ᠎ᠠ ᠪᠣᠯᠤᠨ᠎ᠠ᠃       ᠳᠥᠷᠪᠡᠳ ᠬᠤᠰᠢᠭᠤ ᠵᠠᠬᠢᠶ᠎ᠠ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠤᠨ ᠳᠤᠮᠳᠠ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠯᠠᠭᠤᠯᠵᠤ᠃ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠤᠰᠢᠭᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠳᠤ ᠲᠣᠮᠢᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠨᠢᠭᠡᠳᠦᠯᠲᠡᠢ ᠲᠥᠯᠥᠪᠵᠢᠭᠦᠯᠪᠡ ;ᠣᠷᠣᠯᠠᠨ ᠭᠦᠢᠴᠡᠳᠬᠡᠬᠦ ᠡᠩᠨᠡᠭᠡ ᠶᠢ ᠪᠠᠶᠢᠭᠤᠯᠵᠤ᠂ 《 ᠨᠡᠶᠢᠭᠡᠮ ᠲᠣᠭᠤᠷᠢᠭ ᠲᠤ ᠱᠦᠭᠯᠦ ᠦᠯᠢᠶᠡᠬᠦ᠂ ᠰᠠᠯᠠᠭ᠎ᠠ ᠮᠥᠴᠢᠷ ᠤᠨ ᠬᠢᠨ ᠮᠡᠳᠡᠭᠡᠯᠡᠬᠦ 》 ᠠᠵᠢᠯ ᠤᠨ ᠪᠠᠶᠢᠷᠢᠰᠢᠯ ᠢ ᠴᠣᠭᠴᠠᠯᠠᠨ ᠪᠠᠶᠢᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠳᠤ ᠰᠠᠭᠠᠳ ᠥᠬᠡᠢ ᠨᠡᠪᠲᠡᠷᠡᠬᠦ ᠵᠠᠮ ᠢ ᠬᠠᠩᠭᠠᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠦᠢᠯ ᠤᠳ ᠢ ᠲᠣᠬᠢᠲᠠᠢ᠂ ᠲᠦᠷᠭᠡᠨ᠂ ᠥᠨᠳᠥᠷ ᠦᠷ᠎ᠡ ᠪᠦᠲᠦᠮᠵᠢᠲᠡᠢ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃         ᠦᠨᠳᠦᠰᠦᠨ ᠱᠠᠲᠤᠨ ᠤ ᠠᠷᠢᠯᠭᠠᠬᠤ ᠳᠠᠪᠠᠭᠤᠯᠢᠭ ᠢ ᠪᠠᠳᠠᠷᠠᠭᠤᠯᠵᠤ ᠂《 ᠡᠷᠲᠡ ᠠᠳᠬᠤᠵᠤ᠂ ᠪᠠᠭ᠎ᠠ ᠶᠠᠪᠤᠳᠠᠯ ᠢ ᠠᠳᠬᠤᠵᠤ᠂ ᠪᠠᠭ᠎ᠠ ᠶᠠᠪᠤᠳᠠᠯ ᠢ ᠠᠳᠬᠤᠬᠤ 》 ᠠᠵᠢᠯ ᠤᠨ ᠵᠠᠷᠴᠢᠮ ᠶᠣᠰᠣᠭᠠᠷ ᠤᠷᠢᠳᠴᠢᠯᠠᠨ ᠰᠡᠷᠡᠮᠵᠢᠯᠡᠭᠦᠯᠵᠦ᠂ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠴᠢᠩᠭᠠᠷᠠᠭᠤᠯᠤᠨ᠂ ᠦᠷᠭᠦᠯᠵᠢᠯᠡᠭᠰᠡᠨ ᠮᠠᠶ᠋ᠢᠭ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠡᠭᠠᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠢᠭᠰᠡᠭᠠᠨ ᠪᠠᠶᠢᠴᠠᠭᠠᠭᠰᠠᠨ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ ᠪᠡᠶᠡᠯᠡᠭᠦᠯᠬᠦ ᠬᠡᠷᠡᠭᠲᠡᠢ ;ᠰᠡᠷᠭᠡᠶᠢᠯᠡᠬᠦ᠂ ᠬᠠᠤᠯᠢᠵᠢᠭᠤᠯᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠭᠠᠨ᠂ ᠲᠣᠭᠲᠠᠭᠤᠨ ᠪᠤᠰᠤ ᠡᠯᠧᠮᠧᠨᠲ ᠢ ᠲᠥᠷᠥᠯ ᠬᠤᠪᠢᠶᠠᠨ ᠬᠤᠪᠢᠶᠠᠵᠤ᠂ ᠳᠠᠩᠰᠠ ᠪᠠᠶᠢᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠰᠠᠭᠤᠳᠠᠯ ᠢ ᠴᠠᠭ ᠲᠤᠬᠠᠢ ᠳᠤᠨᠢ ᠰᠡᠷᠡᠵᠦ ᠮᠡᠳᠡᠵᠦ᠂ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠨ᠎ᠠ ;ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ᠂ ᠰᠤᠷᠪᠤᠯᠵᠢᠯᠠᠬᠤ ᠵᠢᠭᠰᠠᠭᠠᠨ ᠪᠠᠶᠢᠴᠠᠭᠠᠬᠤ᠂ ᠭᠡᠷ ᠲᠤᠨᠢ ᠰᠤᠷᠪᠤᠯᠵᠢᠯᠠᠬᠤ ᠪᠠᠷ ᠳᠠᠩᠰᠠᠯᠠᠬᠤ ᠶᠢ ᠬᠢᠨᠠᠮᠠᠭᠠᠢ ᠥᠷᠨᠢᠭᠦᠯᠵᠦ᠂ ᠣᠷᠣᠯᠠᠨ ᠭᠦᠢᠴᠡᠳᠬᠡᠬᠦ ᠴᠤᠪᠤᠷᠠᠯ ᠢ ᠴᠢᠩᠭ᠎ᠠ ᠵᠢᠷᠤᠮᠯᠠᠨ ᠠᠰᠠᠭᠤᠳᠠᠯ ᠢ ᠰᠢᠢᠳᠪᠦᠷᠢᠯᠡᠨ᠎ᠡ ;《 ᠤᠳᠤᠷᠢᠳᠤᠯᠭ᠎ᠠ ᠶᠢᠨ ᠰᠤᠷᠪᠤᠯᠵᠢᠯᠠᠭ᠎ᠠ ᠬᠦᠯᠢᠶᠡᠬᠦ ᠳᠦᠷᠢᠮ 》  ᠲᠠᠢ ᠤᠶᠠᠯᠳᠤᠭᠤᠯᠤᠨ᠂ ᠨᠢᠭᠤᠷᠳᠠᠨ ᠰᠢᠢᠳᠪᠦᠷᠢᠯᠡᠬᠦ ᠶᠢᠨ ᠠᠷᠭ᠎ᠠ ᠥᠬᠡᠢ ᠠᠰᠠᠭᠤᠳᠠᠯ ᠢ ᠲᠤᠰ ᠡᠳᠦᠷ ᠰᠤᠷᠪᠤᠯᠵᠢᠯᠠᠭ᠎ᠠ ᠬᠦᠯᠢᠶᠡᠬᠦ ᠤᠳᠤᠷᠢᠳᠤᠯᠭ᠎ᠠ ᠳᠤ ᠲᠤᠰᠢᠶᠠᠨ ᠵᠣᠬᠢᠴᠠᠭᠤᠯᠤᠨ ᠰᠢᠢᠳᠪᠦᠷᠢᠯᠡᠭᠦᠯᠵᠦ᠂ 《 ᠣᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠬᠦ 》 ᠶᠢ 《 ᠣᠯᠠᠨ ᠲᠦᠮᠡᠨ ᠳᠤ ᠣᠷᠣᠯᠠᠨ ᠭᠦᠢᠴᠡᠳᠬᠡᠬᠦ 》 ᠪᠣᠯᠭᠠᠨ ᠬᠤᠪᠢᠷᠠᠭᠤᠯᠵᠤ᠂ 《 ᠰᠠᠨᠠᠭᠠᠴᠢᠯᠠᠭᠠᠲᠤ ᠪᠤᠰᠤ ᠪᠠᠷ ᠵᠥᠷᠢᠴᠡᠯ ᠢ ᠠᠷᠢᠯᠭᠠᠬᠤ 》 ᠶᠢ 《  ᠰᠠᠨᠠᠭᠠᠴᠢᠯᠠᠭ᠎ᠠ ᠠᠴᠠ ᠪᠠᠨ ᠠᠰᠠᠭᠤᠳᠠᠯ 》 ᠪᠣᠯᠭᠠᠨ ᠬᠤᠪᠢᠷᠠᠭᠤᠯᠪᠠ᠃        ᠴᠤᠪᠤᠷᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠷᠤᠮᠵᠢᠭᠤᠯᠤᠨ ᠭᠦᠢᠴᠡᠳᠬᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃《 ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ 》 ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠯᠠᠨ ᠭᠦᠢᠴᠡᠳᠬᠡᠬᠦ ᠴᠤᠪᠤᠷᠠᠯ ᠢ ᠣᠷᠣᠭᠤᠯᠵᠤ᠂ ᠨᠠᠷᠢᠨ ᠵᠦᠢᠯ‌‍ᠡᠴᠡ ᠭᠠᠷᠳᠠᠨ ᠡᠯ᠎ᠡ ᠭᠤᠭᠴᠤᠭ᠎ᠠ ᠶᠢ ᠨᠢᠭᠡ ᠨᠢᠭᠡ ᠪᠠᠷ ᠵᠢᠷᠤᠮᠵᠢᠭᠤᠯᠬᠤ ᠶᠢ ᠦᠨᠡᠨᠬᠦ ᠪᠠᠲᠤᠯᠠᠨ᠎ᠠ ;ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠵᠢᠷᠤᠮᠵᠢᠭᠤᠯᠤᠨ ᠬᠢᠵᠠᠭᠠᠷᠯᠠᠬᠤ ᠪᠠ ᠱᠠᠩᠨᠠᠵᠤ ᠲᠣᠷᠭᠠᠵᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠣᠷᠣᠯᠠᠨ ᠭᠦᠢᠴᠡᠳᠬᠡᠬᠦ ᠠᠵᠢᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠣᠷᠣᠯᠠᠨ ᠭᠦᠢᠴᠡᠳᠬᠡᠬᠦ ᠠᠵᠢᠯ ᠤᠨ ᠴᠠᠭᠲᠤ ᠴᠢᠨᠠᠷ ᠢ ᠳᠡᠭᠡᠭᠰᠢᠯᠡᠭᠦᠯᠵᠦ᠂ ᠪᠤᠷᠤᠭᠤ ᠭᠦᠢᠴᠡᠳᠬᠡᠬᠦ᠂ ᠳᠤᠷ᠎ᠠ ᠪᠠᠷ ᠢᠶᠠᠨ ᠭᠦᠢᠴᠡᠳᠬᠡᠬᠦ᠂ ᠰᠣᠯᠪᠢᠴᠠᠨ ᠭᠦᠢᠴᠡᠳᠬᠡᠬᠦ ᠵᠡᠷᠭᠡ ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠢ᠃        ᠣᠳᠣᠬᠠᠨ ᠪᠣᠯᠲᠠᠯ᠎ᠠ᠂ ᠪᠦᠬᠦ ᠬᠤᠰᠢᠭᠤ ᠣᠯᠠᠨ ᠲᠦᠮᠡᠨ ᠳᠤ 2692 ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠵᠦ᠂ 2687 ᠵᠠᠬᠢᠳᠠᠯ ᠭᠦᠢᠴᠡᠳᠬᠡᠨ ᠥᠭᠴᠦ᠂ ᠦᠯᠡᠳᠡᠭᠰᠡᠨ 5 ᠬᠡᠷᠡᠭ ᠢ ᠨᠢ ᠶᠠᠭ ᠰᠢᠢᠳᠪᠦᠷᠢᠯᠡᠵᠦ ᠪᠣᠢ᠃ ᠣᠯᠠᠨ ᠲᠦᠮᠡᠨ ᠳᠤ ᠦᠢᠯᠡᠴᠢᠯᠡᠬᠦ 《 ᠬᠠᠮᠤᠭ ᠡᠴᠦᠰ ᠤᠨ ᠨᠢᠭᠡ ᠺᠢᠯᠣᠮᠧᠳ᠋ᠷ 》 ᠢ ᠪᠥᠬᠦ ᠲᠠᠯ᠎ᠠ ᠪᠠᠷ ᠨᠡᠪᠲᠡᠷᠡᠭᠦᠯᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ 《 ᠬᠠᠮᠤᠭ ᠠᠷᠪᠢᠨ ᠳᠠᠭᠠᠨ ᠨᠢᠭᠡ ᠭᠠᠵᠠᠷ ᠭᠦᠶᠦᠬᠦ ᠪᠠᠨ ᠭᠦᠶᠦᠨ᠎ᠡ 》 《 ᠬᠠᠮᠤᠭ ᠣᠯᠠᠨ ᠳᠠᠭᠠᠨ ᠨᠢᠭᠡ ᠤᠳᠠᠭ᠎ᠠ ᠰᠤᠷᠪᠤᠯᠵᠢᠯᠠᠭ᠎ᠠ ᠬᠢᠬᠦ 》 ᠬᠠᠷᠠᠯᠲᠠ ᠶᠢ ᠴᠢᠷᠮᠠᠶᠢᠨ ᠪᠡᠶᠡᠯᠡᠭᠦᠯᠪᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2