ᠢᠦᠢ ᠳ᠋ᠠᠢ ᠴᠢᠩ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ  ᠳᠤ ᠲᠤᠭᠤᠷᠢᠨ  ᠪᠠᠶᠢᠴᠠᠭᠠᠯᠲᠠ  ᠬᠢᠭᠰᠡᠨ
ᠨᠡᠶᠢᠲᠡᠯᠡᠭᠰᠡᠨ ᠴᠠᠭ᠄
2024/12/17
      ᠢᠦᠢ ᠳ᠋ᠠᠢ ᠴᠢᠩ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ  ᠳᠤ ᠲᠤᠭᠤᠷᠢᠨ  ᠪᠠᠶᠢᠴᠠᠭᠠᠯᠲᠠ  ᠬᠢᠭᠰᠡᠨ       12 ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠤᠯᠠᠭᠠᠨᠬᠤᠸᠠ ᠪᠠᠯᠭᠠᠰᠤ᠂ ᠵᠢᠢ ᠱᠧᠩ ᠲᠠᠢ ᠪᠠᠯᠭᠠᠰᠤ᠂  ᠭᠦᠩ ᠵᠢᠢ ᠲᠠᠩ ᠪᠠᠯᠭᠠᠰᠤ᠂ ᠬᠦᠷᠢᠶᠡᠲᠦ ᠪᠠᠯᠭᠠᠰᠤ᠂ ᠬᠤᠵᠢᠷᠲᠤ ᠰᠢᠶᠠᠩ ᠵᠡᠷᠭᠡ ᠭᠠᠵᠠᠷ ᠢᠶᠠᠷ ᠭᠦᠨᠵᠡᠭᠡᠶᠢᠷᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃
12.16+1.jpeg
       ᠬᠠᠮᠢᠭ᠎ᠠ ᠬᠦᠷᠦᠭᠰᠡᠨ ᠴᠦ  ᠢᠦᠢ ᠳ᠋ᠠᠢ ᠴᠢᠩ ᠴᠥᠮ ᠡᠷᠦᠬᠡ ᠠᠮᠠ ᠶᠢᠨ ᠳᠠᠩᠰᠠ ᠪᠠᠨ ᠰᠢᠯᠵᠢᠭᠦᠯᠦᠨ ᠰᠤᠷᠪᠤᠯᠵᠢᠯᠠᠵᠤ᠂ ᠬᠥᠳᠡᠭᠡ ᠲᠣᠰᠬᠤᠨ ᠤ ᠬᠥᠭᠵᠢᠨ ᠮᠠᠨᠳᠤᠬᠤ᠂ ᠨᠡᠭᠦᠷᠡᠰᠦ ᠴᠠᠬᠢᠯᠭᠠᠨ ᠥᠭᠡᠷᠡᠴᠢᠯᠡᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠬᠡᠷᠡᠭᠲᠡᠢ᠃ ᠡᠯ᠎ᠡ ᠲᠣᠰᠬᠤᠨ ᠤ ᠠᠷᠠᠳ ᠤᠨ ᠵᠥᠪᠯᠡᠯ ᠳᠤ᠂ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠲᠠᠢ ᠶᠠᠷᠢᠯᠴᠠᠵᠤ᠂ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠠᠵᠢᠯ ᠤᠨ ᠳᠤᠮᠳᠠ ᠣᠯᠤᠭᠰᠠᠨ ᠠᠮᠵᠢᠯᠲᠠ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠬᠤ ᠬᠡᠷᠡᠭᠲᠡᠢ᠃
12.16+2.jpeg
       ᠲᠡᠷᠡ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠠᠨᠢᠯᠲᠠ᠂ ᠣᠪᠣᠷ᠂ ᠬᠠᠷᠢᠭᠤᠴᠠᠯᠭ᠎ᠠ ᠭᠤᠷᠪᠠᠨ ᠲᠠᠯ᠎ᠠ ᠪᠠᠷ ᠳᠡᠭᠡᠭᠰᠢᠯᠡᠵᠦ᠂ ᠪᠥᠬᠦ ᠲᠠᠯ᠎ᠠ ᠪᠠᠷ ᠨᠠᠷᠢᠨ ᠣᠨᠣᠪᠴᠢᠲᠠᠢ ᠪᠠᠶᠢᠴᠠᠭᠠᠵᠤ ᠦᠨᠡᠨ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠵᠦ᠂ ᠬᠥᠳᠡᠯᠦᠩᠭᠦᠢ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠯᠢᠶᠡᠨ ᠠᠪᠴᠤ ᠴᠥᠮ ᠪᠠᠭᠲᠠᠭᠠᠨ᠂ ᠬᠡᠪᠴᠢᠶᠡᠵᠢᠯ ᠤᠨ ᠴᠢᠨᠠᠷᠲᠠᠢ ᠳᠠᠬᠢᠵᠤ ᠶᠠᠳᠠᠭᠤᠷᠠᠬᠤ ᠦᠭᠡᠢ ᠪᠠᠶᠢᠬᠤ ᠶᠢ ᠡᠷᠡᠰ ᠪᠠᠷᠢᠮᠲᠠᠯᠠᠬᠤ ᠬᠡᠷᠡᠭᠲᠡᠢ ᠭᠡᠪᠡ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠪᠣᠯᠤᠨ᠎ᠠ᠂ ᠬᠡᠳᠦᠨ ᠵᠢᠯ ᠤᠨ ᠳᠡᠯᠭᠡᠷᠡᠭᠦᠯᠦᠯ ᠢ ᠥᠩᠭᠡᠷᠡᠭᠡᠭᠡᠳ ᠶᠠᠪᠤᠬᠤ ᠳᠣᠳᠣᠮ ᠣᠯᠠᠨ ᠲᠦᠮᠡᠨ ᠳ᠋ᠦ᠋ᠮᠡᠨ ᠠᠯᠠᠰᠢᠨ ᠬᠤᠨᠢᠨ ᠤ ᠠᠵᠤ ᠠᠬᠤᠢ ᠶᠢᠨ ᠦᠷ᠎ᠡ ᠠᠰᠢᠭ ᠢ ᠲᠠᠨᠢᠵᠤ ᠣᠯᠬᠤ ᠲᠤᠯᠠ᠂ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠣᠷᠠᠭᠤᠯᠤᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠲᠤᠷᠰᠢᠯᠭ᠎ᠠ ᠪᠣᠯᠤᠨ ᠦᠷ᠎ᠡ ᠠᠰᠢᠭ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《 ᠠᠶᠢᠯ ᠡᠷᠦᠬᠡ ᠦᠬᠡᠷ ᠬᠤᠨᠢ ᠮᠠᠯᠵᠢᠬᠤ ᠡᠷᠦᠬᠡ ᠣᠷᠣᠯᠭ᠎ᠠ ᠪᠠᠨ ᠨᠡᠮᠡᠭᠳᠡᠭᠦᠯᠵᠦ ᠴᠢᠳᠠᠬᠤ 》 ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠲᠣᠰᠬᠤᠨ ᠤ 《 ᠬᠤᠶᠠᠷ ᠵᠥᠪᠯᠡᠯ 》 ᠤᠨ ᠺᠠᠳ᠋ᠷ ᠡᠷᠦᠬᠡ ᠳᠠᠷᠠᠭᠠᠯᠠᠨ ᠰᠤᠷᠪᠤᠯᠵᠢᠯᠠᠯ ᠬᠢᠵᠦ᠂ ᠣᠷᠣᠯᠭ᠎ᠠ ᠶᠢ ᠴᠢᠩᠭ᠎ᠠ ᠪᠣᠳᠠᠲᠠᠢ ᠲᠥᠰᠦᠭᠡᠯᠡᠨ ᠪᠣᠳᠣᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠪᠣᠢ ᠪᠣᠯᠭᠠᠭᠰᠠᠨ ᠠᠰᠢᠭ ᠲᠤᠰᠠ ᠶᠢ ᠣᠯᠠᠨ ᠲᠦᠮᠡᠨ ᠳᠤ ᠭᠦᠨᠵᠡᠭᠡᠢ ᠲᠠᠨᠢᠭᠤᠯᠬᠤ ᠬᠡᠷᠡᠭᠲᠡᠢ᠃ᠪᠣᠯᠪᠠᠰᠤᠨ ᠤ ᠱᠠᠩᠨᠠᠯ ᠤᠨ ᠬᠡᠳᠦ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠬᠤᠪᠢ ᠬᠤᠷᠠᠮᠳᠤᠭᠤᠯᠬᠤ ᠳᠦᠷᠢᠮ ᠤᠨ ᠱᠠᠩᠨᠠᠯ ᠢᠶᠠᠷ ᠡᠳ᠋ ᠪᠣᠳᠠᠰ ᠰᠣᠯᠢᠬᠤ ᠵᠡᠷᠭᠡ ᠬᠡᠯᠪᠡᠷᠢ ᠮᠠᠶ᠋ᠢᠭ ᠢᠶᠠᠷ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠬᠤ ᠬᠡᠷᠡᠭᠲᠡᠢ᠃ᠳᠠᠩᠰᠠ ᠡᠪᠬᠡᠮᠡᠯ ᠢ ᠡᠮᠬᠢᠳᠬᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠵᠦᠢᠯ ᠳᠠᠷᠠᠭᠠᠯᠠᠨ ᠬᠠᠷᠢᠴᠠᠭᠤᠯᠤᠨ᠂ ᠵᠦᠢᠯ ᠳᠠᠷᠠᠭᠠᠯᠠᠨ ᠡᠮᠬᠢᠯᠡᠵᠦ᠂ ᠲᠤᠭ᠎ᠠ ᠪᠠᠷᠢᠮᠲᠠ ᠶᠢ ᠪᠦᠷᠢᠨ ᠭᠦᠢᠴᠡᠳ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ 《 ᠦᠨᠳᠦᠰᠦᠯᠡᠯ ᠲᠠᠢ᠂ ᠵᠢᠷᠤᠮᠯᠠᠬᠤ ᠳᠦᠷᠢᠮ ᠲᠠᠢ ᠪᠠᠶᠢᠬᠤ 》 ᠶᠢ ᠦᠨᠡᠨᠬᠦ ᠪᠠᠲᠤᠯᠠᠬᠤ ᠬᠡᠷᠡᠭᠲᠡᠢ᠃         ᠬᠤᠰᠢᠭᠤᠨ ᠤ ᠤᠳᠤᠷᠢᠳᠤᠯᠭ᠎ᠠ ᠵᠠᠩ ᠮᠠᠨ ᠶᠤᠸᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠷ᠎ᠠ  ᠪᠤᠯᠵᠠᠢ ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2