ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2024/12/17
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ  ᠪᠦᠯᠬᠦᠮ ᠬᠤᠳᠠ ᠶᠢᠨ ᠨᠠᠮ ᠤᠨ ᠬᠤᠷᠢᠶᠠᠨ ᠤ  ᠨᠡᠶᠢᠭᠡᠮ ᠤᠨ ᠠᠵᠢᠯ ᠤᠨ ᠬᠡᠯᠲᠡᠰ ᠲᠤ ᠬᠦᠷᠴᠦ ᠤᠬᠠᠭᠤᠯᠤᠨ  ᠲᠠᠶᠢᠯᠪᠤᠷᠢᠯᠠᠪᠠ      8 ᠰᠠᠷ᠎ᠠ ᠶᠢᠨ 29 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠳᠠ ᠶᠢᠨ ᠨᠠᠮ ᠤᠨ ᠬᠤᠷᠢᠶᠠᠨ ᠤ  ᠨᠡᠶᠢᠭᠡᠮ ᠤᠨ ᠠᠵᠢᠯ ᠤᠨ ᠬᠡᠯᠲᠡᠰ ᠲᠤ ᠬᠦᠷᠴᠦ ᠤᠬᠠᠭᠤᠯᠤᠨ  ᠲᠠᠶᠢᠯᠪᠤᠷᠢᠯᠠᠪᠠ ᠃          ᠤᠬᠠᠭᠤᠯᠤᠨ ᠲᠠᠶᠢᠯᠪᠤᠷᠢᠯᠠᠬᠤ  ᠳᠤᠮᠳᠠ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ ᠹᠧᠩ ᠰᠢᠤᠸᠠᠢ ᠡᠨᠡ ᠤᠳᠠᠭ᠎ᠠ ᠶᠢᠨ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ  ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠤᠶᠢᠯᠭᠠᠵᠣ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠡᠷᠭᠡ ᠲᠠᠯ᠎ᠠ ᠠᠴᠠ ᠭᠦᠨᠵᠡᠭᠡᠢ ᠪᠥᠭᠡᠳ  ᠤᠶᠢᠯᠭᠠᠮᠵᠢᠲᠠᠢ  ᠲᠠᠶᠢᠯᠤᠮᠵᠢ ᠬᠢᠵᠡᠢ᠃          ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠭᠦᠨᠵᠡᠭᠡᠢ ᠲᠦᠷᠦᠭᠳᠡᠯ ᠲᠠᠢ ᠪᠣᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ  ᠬᠤᠶᠢᠰᠢᠲᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠡᠷᠡ ᠬᠡᠪ ᠢᠶᠠᠷ ᠰᠤᠷᠤᠯᠴᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠨᠡᠪᠲᠡᠷᠡᠲᠡᠯ᠎ᠡ ᠰᠤᠷᠤᠯᠴᠠᠵᠤ᠂ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ   ᠤᠶᠢᠯᠭᠠᠵᠣ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠭᠤᠣᠯ ᠡᠭᠦᠷᠭᠡ ᠪᠠ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠠᠵᠢᠯ ᠢᠶᠠᠨ  ᠰᠠᠶᠢᠳᠤᠷ ᠠᠳᠬᠤᠬᠤ ᠲᠠᠢ  ᠨᠢᠭᠲᠠ ᠤᠶᠠᠯᠳᠤᠭᠤᠯᠵᠤ᠂  ᠨᠡᠶᠢᠭᠡᠮ ᠤᠨ ᠠᠵᠢᠯ ᠤᠨ ᠬᠡᠯᠲᠡᠰ ᠤᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠴᠢᠩᠭ᠎ᠠ ᠰᠠᠭᠤᠷᠢᠯᠠᠵᠤ᠂ ᠭᠠᠵᠠᠷ ᠣᠷᠣᠨ ᠤ  ᠪᠠᠶᠢᠳᠠᠯ ᠳᠠᠭᠠᠨ ᠲᠤᠬᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠪᠦᠬᠦᠳᠡ ᠬᠤᠷᠠᠯ ᠤᠨ  ᠨᠡᠶᠢᠭᠡᠮ ᠤᠨ ᠠᠵᠢᠯ ᠤᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠲᠤᠬᠠᠢ ᠳᠤᠷᠠᠳᠤᠭᠰᠠᠨ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠪᠣᠳᠠᠲᠠᠢ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ  ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠨ᠎ᠠ ᠭᠡᠵᠦ ᠢᠯᠡᠳᠬᠡᠵᠡᠭᠡᠪᠡ᠃                                                 ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2