ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠭᠤᠷᠪᠠᠨ ᠠᠷᠭ᠎ᠠ ᠠᠪᠴᠠᠯ ᠢ ᠵᠡᠷᠭᠡᠳᠡ ᠶᠠᠪᠤᠭᠳᠠᠭᠤᠯᠵᠤ ᠨᠠᠰᠤᠲᠠᠶᠢᠴᠤᠳ ᠤᠨ ᠡᠷᠡᠭᠦᠯ ᠴᠢᠭᠢᠷᠠᠭ ᠤᠨ ᠰᠡᠷᠭᠡᠶᠢᠯᠡᠯᠲᠡ ᠶᠢᠨ ᠱᠤᠭᠤᠮ ᠢ ᠰᠠᠬᠢᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2024/12/18
      ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠭᠤᠷᠪᠠᠨ ᠠᠷᠭ᠎ᠠ ᠠᠪᠴᠠᠯ ᠢ ᠵᠡᠷᠭᠡᠳᠡ ᠶᠠᠪᠤᠭᠳᠠᠭᠤᠯᠵᠤ ᠨᠠᠰᠤᠲᠠᠶᠢᠴᠤᠳ ᠤᠨ ᠡᠷᠡᠭᠦᠯ ᠴᠢᠭᠢᠷᠠᠭ ᠤᠨ ᠰᠡᠷᠭᠡᠶᠢᠯᠡᠯᠲᠡ ᠶᠢᠨ ᠱᠤᠭᠤᠮ ᠢ ᠰᠠᠬᠢᠨ ᠬᠠᠮᠠᠭᠠᠯᠠᠶ᠎ᠠ       ᠬᠥᠮᠦᠨ ᠠᠮᠠ ᠶᠢᠨ ᠨᠠᠰᠤᠵᠢᠯᠲᠠ ᠶᠢᠨ ᠬᠦᠨᠳᠦᠷᠡᠬᠦ ᠶᠢ ᠳᠠᠭᠠᠯᠳᠤᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠰᠠᠭᠤᠳᠠᠯ ᠡᠳᠦᠷ ᠢᠷᠡᠬᠦᠶ᠎ᠡ ᠨᠡᠶᠢᠭᠡᠮ ᠤᠨ ᠠᠩᠬᠠᠷᠤᠯ ᠢ ᠲᠠᠲᠠᠵᠤ ᠪᠠᠶᠢᠨ᠎ᠠ᠃ᠬᠠᠷᠢᠶ᠎ᠠ ᠣᠷᠣᠨ ᠤ ᠳᠣᠲᠣᠷᠠᠬᠢ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠶᠢᠨ ᠲᠤᠰᠠᠳᠠ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠨᠢᠭᠡᠳᠦᠭᠡᠷ᠂ ᠬᠤᠶᠠᠳᠤᠭᠠᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢᠳᠡᠪᠬᠢᠲᠡᠢ ᠬᠥᠳᠡᠯᠦᠯᠴᠡᠵᠦ᠂ ᠭᠤᠷᠪᠠᠨ ᠵᠦᠢᠯ ᠤᠨ ᠴᠢᠬᠤᠯᠠ ᠠᠷᠭ᠎ᠠ ᠪᠠᠷᠢᠯ ᠢᠶᠠᠷ ᠳᠠᠮᠵᠢᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠠᠢ᠃
12.18+1.jpg
      ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠢ ᠴᠢᠩᠭᠠᠳᠬᠠᠵᠤ᠂ ᠡᠮᠴᠢᠯᠡᠭᠡᠨ ᠤ ᠬᠠᠯᠠᠮᠵᠢᠯᠠᠯ ᠢ ᠬᠠᠩᠭᠠᠬᠤ ᠬᠡᠷᠡᠭᠲᠡᠢ᠃ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ  ᠨᠢ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠦᠯᠬᠦᠮ ᠠᠩᠭᠢ ᠪᠠᠷ ᠲᠤᠯᠭᠠᠭᠤᠷᠢᠯᠠᠬᠤ ᠴᠢᠭ ᠪᠣᠯᠭᠠᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠦᠬᠦ ᠶᠠᠪᠤᠴᠠ ᠳᠤ ᠠᠭᠤᠰᠤᠯᠴᠠᠭᠤᠯᠵᠤ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡ ᠬᠢᠬᠦ ᠨᠠᠰᠤᠲᠠᠳ ᠲᠤ ᠨᠢᠭᠤᠷᠳᠠᠨ ᠰᠤᠷᠪᠤᠯᠵᠢᠯᠠᠬᠤ ᠦᠢᠯᠡᠴᠢᠯᠡᠭᠡ᠂ ᠡᠷᠡᠭᠦᠯ ᠮᠡᠨᠳᠦ ᠶᠢᠨ ᠵᠢᠯᠣᠭᠤᠳᠤᠯᠭ᠎ᠠ ᠪᠠ ᠲᠥᠷᠥ ᠶᠢᠨ ᠪᠣᠳᠣᠯᠭ᠎ᠠ ᠶᠢᠨ ᠤᠬᠠᠭᠤᠯᠤᠯ ᠬᠠᠩᠭᠠᠵᠤ᠂ ᠡᠮᠴᠢᠯᠡᠭᠡ ᠪᠠ ᠰᠡᠷᠭᠡᠶ᠋ᠢᠯᠡᠯ ᠯᠦᠭᠡ ᠠᠭᠤᠰᠤᠯᠴᠠᠬᠤ ᠶᠢ ᠦᠨᠡᠨᠬᠦ ᠠᠬᠢᠭᠤᠯᠤᠨ᠎ᠠ᠃ ᠲᠢᠲᠢᠮ ᠵᠢᠷᠦᠬᠡᠨ ᠤ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠪᠠ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠬᠠᠮᠢᠶᠠᠷᠤᠯᠲᠠ᠂ ᠬᠢᠲᠠᠳ ᠡᠮᠨᠡᠯᠭᠡ ᠶᠢᠨ ᠡᠷᠡᠭᠦᠯᠵᠢᠯ ᠤᠨ ᠡᠮᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠥᠪᠡᠷᠮᠢᠴᠡ ᠦᠢᠯᠡᠴᠢᠯᠡᠭᠡ ᠬᠠᠩᠭᠠᠵᠤ᠂ ᠠᠳᠠᠯᠢ ᠪᠤᠰᠤ ᠨᠠᠰᠤᠲᠠᠶᠢᠴᠤᠳ ᠤᠨ ᠣᠯᠠᠨ ᠳᠡᠰ ᠳᠠᠪᠬᠤᠷᠭ᠎ᠠ ᠶᠢᠨ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠨ᠎ᠠ᠃ ᠤᠳᠠᠭᠠᠨ ᠴᠢᠨᠠᠷᠲᠠᠢ ᠡᠪᠡᠳᠴᠢᠨ ᠲᠠᠢ ᠨᠠᠰᠤᠲᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠬᠢᠨᠠᠨ ᠬᠡᠮᠵᠢᠵᠦ᠂ ᠡᠮ ᠤᠤᠭᠤᠭᠰᠠᠨ ᠪᠠᠶᠢᠳᠠᠯ ᠢ ᠨᠢ ᠲᠡᠮᠳᠡᠭᠯᠡᠨ᠂ ᠡᠪᠡᠳᠴᠢᠲᠡᠨ ᠤ ᠪᠠᠶᠢᠳᠠᠯ ᠲᠠᠢ ᠤᠶᠠᠯᠳᠤᠭᠤᠯᠤᠨ ᠬᠥᠳᠡᠯᠭᠡᠭᠡᠨ᠂ ᠢᠳᠡᠭᠡᠨ ᠤᠮᠳᠠᠭᠠᠨ ᠵᠡᠷᠭᠡ ᠡᠷᠡᠭᠦᠯ ᠮᠡᠨᠳᠦ ᠶᠢᠨ ᠵᠣᠷ ᠪᠢᠴᠢᠵᠦ᠂ ᠡᠪᠡᠳᠴᠢᠨ ᠤ ᠪᠠᠶᠢᠳᠠᠯ ᠤᠨ ᠬᠤᠪᠢᠷᠠᠯᠲᠠ ᠶᠢ ᠪᠦᠲᠦᠮᠵᠢᠲᠡᠢ ᠬᠢᠵᠠᠭᠠᠷᠯᠠᠨ᠂ ᠡᠪᠡᠳᠴᠢᠨ ᠡᠮᠭᠡᠭ ᠤᠨ ᠬᠤᠣᠷ ᠬᠥᠨᠥᠭᠡᠯ ᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃
12.18+2.jpg
       ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠬᠠᠷᠢᠶᠠᠲᠤ ᠲᠣᠭᠤᠷᠢᠭ ᠤᠨ ᠲᠣᠰᠬᠤᠨ (ᠰᠠᠭᠤᠭᠠᠯᠢ) 65 ᠨᠠᠰᠤ ᠵᠢᠴᠢ  ᠲᠡᠭᠦᠨ ᠠᠴᠠ ᠳᠡᠭᠡᠭᠰᠢᠬᠢ ᠨᠠᠰᠤᠲᠠᠶᠢᠴᠤᠳ ᠲᠤ ᠦᠨ᠎ᠡ ᠲᠥᠯᠥᠪᠦᠷᠢ ᠥᠬᠡᠢ ᠪᠠᠷ ᠪᠡᠶ᠎ᠡ ᠶᠢᠨ ᠪᠠᠶᠢᠴᠠᠭᠠᠯᠲᠠ ᠬᠠᠩᠭᠠᠵᠤ᠂ ᠭᠡᠷ ᠲᠤᠨᠢ ᠬᠦᠷᠴᠦ ᠠᠵᠢᠯᠯᠠᠭ᠎ᠠ ᠬᠢᠬᠦ ᠳᠤ ᠳᠥᠭᠦᠮ ᠦᠭᠡᠢ ᠨᠠᠰᠤᠲᠠᠶᠢᠴᠤᠳ ᠲᠤ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠂ ᠡᠭᠦᠨ ᠳᠤ ᠯᠠᠪᠯᠠᠨ ᠠᠰᠠᠭᠤᠬᠤ᠂ ᠪᠡᠶ᠎ᠡ ᠶᠢᠨ ᠪᠠᠶᠢᠴᠠᠭᠠᠯᠲᠠ ᠬᠢᠬᠦ ᠪᠠ ᠬᠠᠪᠰᠤᠷᠤᠮᠵᠢ ᠪᠠᠶᠢᠴᠠᠭᠠᠯᠲᠠ ᠬᠢᠬᠦ ᠵᠡᠷᠭᠡ ᠶᠢ ᠪᠠᠭᠲᠠᠭᠠᠨ᠎ᠠ᠂ ᠨᠠᠰᠤᠲᠠᠶᠢᠴᠤᠳ ᠤᠨ ᠦᠨᠳᠦᠰᠦᠨ ᠡᠷᠡᠭᠦᠯ ᠮᠡᠨᠳᠦ ᠶᠢᠨ ᠪᠠᠶᠢᠳᠠᠯ ᠪᠣᠯᠤᠨ ᠢᠳᠡᠭᠡᠨ ᠤᠮᠳᠠᠭᠠᠨ ᠬᠢᠵᠦ ᠠᠵᠢᠯᠯᠠᠵᠤ ᠠᠮᠠᠷᠠᠬᠤ ᠠᠮᠢᠳᠤᠷᠠᠯ ᠤᠨ ᠠᠷᠭ᠎ᠠ ᠮᠠᠶ᠋ᠢᠭ᠂ ᠥᠩᠭᠡᠷᠡᠭᠰᠡᠨ ᠡᠪᠡᠳᠴᠢᠨ ᠤ ᠲᠡᠦᠬᠡ᠂ ᠣᠳᠣᠬᠠᠨ ᠤ ᠤᠳᠠᠭᠠᠨ ᠴᠢᠨᠠᠷᠲᠠᠢ ᠡᠪᠡᠳᠴᠢᠨ ᠤ ᠪᠠᠶᠢᠳᠠᠯ ᠬᠢᠭᠡᠳ ᠡᠮᠨᠡᠨ ᠵᠠᠰᠠᠭᠰᠠᠨ ᠪᠠᠶᠢᠳᠠᠯ ᠵᠡᠷᠭᠡ ᠶᠢ ᠣᠶᠢᠯᠠᠭᠠᠵᠤ᠂ ᠨᠠᠰᠤᠲᠠᠶᠢᠴᠤᠳ ᠢ ᠬᠠᠪᠰᠤᠷᠤᠨ ᠡᠷᠡᠭᠦᠯ ᠮᠡᠨᠳᠦ ᠶᠢᠨ ᠲᠦᠭᠰᠢᠭᠦᠷᠢ ᠶᠢᠨ ᠬᠦᠴᠦᠨ ᠵᠦᠢᠯ ᠢ ᠡᠷᠲᠡᠬᠡᠨ ᠣᠯᠵᠤ ᠮᠡᠳᠡᠬᠦ ᠶᠢᠨ ᠬᠠᠮᠲᠤ ᠬᠠᠨᠳᠤᠯᠭᠠᠲᠤ ᠴᠢᠨᠠᠷᠲᠠᠢ ᠡᠮᠴᠢᠯᠡᠭᠡ ᠬᠢᠨ᠎ᠡ᠃ᠡᠭᠦᠨ ᠤ ᠬᠠᠮᠲᠤ᠂ ᠨᠠᠰᠤᠲᠠᠶᠢᠴᠤᠳ ᠲᠤ ᠡᠷᠡᠭᠦᠯᠵᠢᠯ ᠤᠨ ᠵᠢᠯᠣᠭᠤᠳᠤᠯᠭ᠎ᠠ ᠬᠠᠩᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠪᠦᠬᠦ ᠲᠠᠯ᠎ᠠ ᠪᠠᠷ ᠬᠠᠮᠠᠭᠠᠯᠠᠨ᠎ᠠ᠃
12.18+3.jpg
      ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠤᠬᠠᠭᠤᠯᠭ᠎ᠠ ᠬᠢᠵᠦ᠂ ᠳᠣᠲᠣᠷ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ ᠵᠡᠷᠭᠡ ᠲᠤᠰᠬᠠᠢ ᠮᠡᠷᠭᠡᠵᠢᠯᠲᠡᠨ ᠢ ᠤᠷᠢᠵᠤ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠨᠠᠰᠤᠲᠠᠶᠢᠴᠤᠳ ᠲᠤ ᠦᠷᠭᠦᠯᠵᠢ ᠲᠣᠬᠢᠶᠠᠯᠳᠤᠳᠠᠭ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠮᠡᠳᠡᠯᠭᠡ ᠶᠢ ᠬᠡᠯᠡᠵᠦ ᠥᠭᠬᠦ ᠬᠡᠷᠡᠭᠲᠡᠢ᠂ ᠵᠢᠱᠢᠶᠡᠯᠡᠪᠡᠯ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ ᠤ ᠡᠳᠦᠷ ᠲᠤᠲᠤᠮ ᠤᠨ ᠰᠤᠪᠢᠯᠠᠯᠲᠠ ᠵᠢᠴᠢ ᠬᠢᠲᠠᠳ ᠡᠮᠨᠡᠯᠭᠡ ᠶᠢᠨ ᠪᠡᠶ᠎ᠡ ᠰᠤᠪᠢᠯᠠᠬᠤ ᠠᠷᠭ᠎ᠠ ᠵᠡᠷᠭᠡ ᠪᠣᠯᠤᠨ᠎ᠠ᠃ ᠲᠠᠶᠢᠯᠤᠮᠵᠢ ᠶᠢᠨ ᠲᠤᠬᠠᠢ ᠶᠢᠨ ᠭᠠᠵᠠᠷ ᠲᠤ ᠪᠠᠰᠠ ᠬᠠᠷᠢᠯᠴᠠᠨ ᠬᠥᠳᠡᠯᠦᠯᠴᠡᠬᠦ ᠭᠤᠭᠴᠤᠭ᠎ᠠ ᠭᠠᠷᠭᠠᠵᠠᠢ᠂ ᠨᠠᠰᠤᠲᠠᠶᠢᠴᠤᠳ ᠥᠪᠡᠷ ᠤᠨ ᠪᠡᠶ᠎ᠡ ᠶᠢᠨ ᠡᠷᠡᠭᠦᠯ ᠴᠢᠭᠢᠷᠠᠭ ᠤᠨ ᠠᠰᠠᠭᠤᠳᠠᠯ ᠤᠨ ᠲᠤᠬᠠᠢ ᠠᠰᠠᠭᠤᠨ ᠯᠠᠪᠯᠠᠵᠤ ᠪᠣᠯᠤᠨ᠎ᠠ᠂ ᠲᠤᠰᠬᠠᠢ ᠮᠡᠷᠭᠡᠵᠢᠯᠲᠡᠳ ᠨᠢᠭᠡ ᠨᠢᠭᠡ ᠪᠠᠷ ᠬᠦᠯᠢᠴᠡᠩᠭᠦᠢ ᠬᠠᠷᠢᠭᠤᠯᠲᠠ ᠥᠭᠴᠡᠢ᠃ᠥᠨᠳᠥᠷ ᠨᠠᠰᠤᠲᠠᠶᠢᠴᠤᠳ ᠤᠨ ᠥᠪᠡᠷ ᠢᠶᠠᠨ ᠡᠷᠡᠭᠦᠯ ᠮᠡᠨᠳᠦ ᠪᠠᠶᠢᠬᠤ ᠤᠬᠠᠮᠰᠠᠷ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠦᠷ᠎ᠡ ᠲᠦᠩ ᠲᠠᠢ ᠳᠡᠭᠡᠭᠰᠢᠯᠡᠭᠦᠯᠦᠭᠰᠡᠨ ᠪᠠᠶᠢᠨ᠎ᠠ᠃      ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠨᠢᠭᠡᠳᠦᠭᠡᠷ ᠬᠤᠶᠠᠳᠤᠭᠠᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠡᠨᠡ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠨ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠣᠯᠠᠨ ᠳᠡᠰ ᠳᠠᠪᠬᠤᠷᠭ᠎ᠠ ᠪᠠᠷ ᠶᠠᠪᠤᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠷᠭᠡᠨ ᠮᠠᠭᠲᠠᠭᠠᠯ ᠰᠠᠶᠢᠰᠢᠶᠠᠯ ᠪᠠ ᠢᠲᠡᠭᠡᠯ ᠢ ᠣᠯᠤᠭᠰᠠᠨ ᠪᠥᠭᠡᠳ ᠡᠷᠡᠭᠦᠯ ᠮᠡᠨᠳᠦ᠂ ᠨᠠᠰᠤᠵᠢᠭᠰᠠᠨ ᠨᠡᠶᠢᠭᠡᠮ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ ᠳᠠᠷᠠᠭ᠎ᠠ ᠠᠯᠬᠤᠮ ᠳᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠦᠢᠯᠡᠴᠢᠯᠡᠭᠡᠨ ᠤ ᠠᠭᠤᠯᠭ᠎ᠠ ᠪᠣᠯᠤᠨ ᠵᠠᠭᠪᠤᠷ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠨᠡᠩ ᠣᠯᠠᠨ ᠨᠠᠰᠤᠲᠠᠳ ᠲᠤ ᠡᠷᠡᠭᠦᠯ ᠰᠠᠷᠠᠭᠤᠯ ᠵᠣᠯ ᠵᠢᠷᠭᠠᠯ ᠲᠠᠢ ᠦᠳᠡᠯᠦᠭᠡ ᠨᠠᠰᠤᠨ ᠤ ᠠᠮᠢᠳᠤᠷᠠᠯ ᠢ ᠨᠢ ᠡᠳ᠋ᠯᠡᠭᠦᠯᠬᠦ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2