ᠮᠠᠨ ᠤ ᠬᠤᠰᠢᠭᠤᠨ ᠤ ᠠᠵᠤ ᠠᠬᠤᠶᠢᠯᠠᠯ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/12/2
      ᠮᠠᠨ ᠤ ᠬᠤᠰᠢᠭᠤᠨ ᠤ ᠠᠵᠤ ᠠᠬᠤᠶᠢᠯᠠᠯ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠦᠷᠨᠢᠭᠦᠯᠦᠭᠰᠡᠨ                ᠣᠶᠢᠷ᠎ᠠ ᠶᠢᠨ ᠡᠳᠦᠷ᠂ ᠤᠯᠠᠭᠠᠨᠴᠠᠪ ᠬᠤᠲᠠ ᠶᠢᠨ ᠴᠢᠰᠤᠨ ᠤ ᠭᠤᠣᠯ ᠥᠷᠲᠡᠭᠡ ᠮᠠᠨ ᠤ ᠬᠤᠰᠢᠭᠤᠨ ᠤ ᠬᠤᠸᠠ ᠱᠧᠩ ᠤᠰᠤᠳᠦ᠋ᠷᠦᠭᠴᠢ ᠹᠯᠣᠷ ᠬᠦᠴᠢᠯ ᠤᠨ ᠬᠢᠵᠠᠭᠠᠷᠲᠤ ᠺᠣᠮᠫᠠᠨᠢ᠂ ᠶᠦᠩ ᠾᠧ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠦᠨ᠎ᠡ ᠲᠥᠯᠥᠪᠦᠷᠢ ᠦᠭᠡᠢ ᠴᠢᠰᠤ ᠬᠠᠨᠳᠢᠪᠯᠠᠬᠤ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃      ᠠᠵᠢᠯᠯᠠᠭᠠᠨ ᠳᠤ᠂ ᠠᠵᠤ ᠠᠬᠤᠶᠢᠯᠠᠯ ᠤᠨ ᠠᠵᠢᠯᠲᠠᠳ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ  ᠪᠠᠷ ᠢᠶᠠᠨ ᠬᠠᠶᠢᠷ᠎ᠠ ᠰᠡᠳᠬᠢᠯ ᠪᠠ ᠡᠭᠦᠷᠭᠡᠯᠡᠯ ᠢᠶᠠᠨ ᠪᠡᠶᠡᠯᠡᠭᠦᠯᠦᠨ᠂ ᠡᠮ ᠡᠮᠨᠡᠯᠭᠡ ᠶᠢᠨ ᠡᠮᠴᠢᠯᠡᠭᠡᠨ ᠳᠤ ᠴᠢᠰᠤ ᠬᠡᠷᠡᠭᠯᠡᠬᠦ ᠶᠢᠨ ᠲᠥᠯᠥᠭᠡ ᠬᠦᠴᠦᠨ ᠴᠢᠳᠠᠯ ᠢᠶᠠᠨ ᠵᠤᠷᠢᠭᠤᠯᠤᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ 53 ᠠᠵᠢᠯᠲᠠᠨ ᠴᠢᠰᠤ  ᠪᠠᠨ ᠬᠠᠨᠳᠢᠪᠯᠠᠵᠤ᠂ ᠴᠢᠰᠤᠨ ᠤ ᠬᠡᠮᠵᠢᠶ᠎ᠡ 20200  ᠮᠢᠯᠢᠯᠢᠲᠷ ᠬᠦᠷᠴᠦ᠂ ᠡᠮᠨᠡᠯᠭᠡ ᠳᠤ ᠴᠢᠰᠤ ᠬᠡᠷᠡᠭᠯᠡᠬᠦ ᠪᠠᠴᠢᠮ ᠪᠠᠶᠢᠳᠠᠯ ᠢ ᠨᠠᠮᠳᠠᠭᠤᠯᠵᠤ᠂ ᠡᠪᠡᠳᠴᠢᠲᠡᠨ ᠢ ᠴᠠᠭ ᠲᠤᠬᠠᠢ ᠳᠤᠨᠢ ᠠᠪᠤᠷᠠᠨ ᠡᠮᠨᠡᠬᠦ ᠶᠢ ᠪᠠᠲᠤᠯᠠᠭᠰᠠᠨ ᠪᠠᠶᠢᠨ᠎ᠠ ᠃       ᠲᠤᠰ ᠤᠳᠠᠭᠠᠨ ᠤ ᠠᠵᠢᠯᠯᠠᠭ᠎ᠠ ᠨᠢ᠂ ᠠᠵᠤ ᠠᠬᠤᠶᠢᠯᠠᠯ ᠤᠨ ᠠᠵᠢᠯᠲᠠᠳ ᠤᠨ ᠬᠠᠷᠠᠮ  ᠦᠭᠡᠢ ᠰᠡᠳᠬᠢᠯ ᠡᠷᠬᠢᠮ ᠳᠡᠭᠡᠳᠦ ᠬᠠᠶᠢᠷ᠎ᠠ ᠶᠢ ᠢᠯᠡᠷᠡᠭᠦᠯᠦᠭᠰᠡᠨ ᠪᠠᠷ ᠪᠠᠷᠠᠬᠤ ᠥᠬᠡᠢ ᠨᠡᠶᠢᠭᠡᠮ ᠤᠨ ᠡᠯ᠎ᠡ ᠡᠲᠡᠭᠡᠳ ᠤᠨ ᠬᠢᠨ ᠪᠦᠯᠬᠦᠮᠳᠡᠨ ᠨᠢᠭᠡᠳᠴᠦ᠂ ᠠᠮᠢ ᠨᠠᠰᠤᠨ ᠤ ᠬᠠᠮᠠᠭᠠᠯᠠᠯᠲᠠ ᠶᠢᠨ ᠬᠦᠴᠦᠨ ᠢᠶᠠᠨ ᠬᠠᠮᠲᠤᠪᠠᠷ ᠡᠷᠭᠦᠵᠦ ᠬᠠᠶᠢᠷ᠎ᠠ ᠬᠠᠯᠠᠮᠵᠢ ᠶᠢᠨ ᠳᠠᠮᠵᠢᠭᠤᠯᠭ᠎ᠠ ᠶᠢ ᠦᠷᠬᠦᠯᠵᠢᠯᠡᠨ ᠥᠷᠭᠡᠳᠴᠦ᠂ ᠨᠡᠩ ᠣᠯᠠᠨ ᠬᠥᠮᠦᠰ ᠢ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠬᠤ ᠶᠢ ᠤᠷᠢᠶᠠᠯᠠᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠰᠤᠷᠤᠨ᠎ᠠ    ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2