ᠮᠠᠨ ᠤ ᠬᠤᠰᠢᠭᠤ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/12/2
      ᠮᠠᠨ ᠤ ᠬᠤᠰᠢᠭᠤ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠦᠭᠰᠡᠨ                  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠰᠢᠭᠤ ᠤᠯᠠᠭᠠᠨᠮᠥ᠋ᠴᠢᠷ ᠬᠠᠮᠲᠤᠷᠠᠨ᠂ ᠬᠤᠰᠢᠭᠤ ᠨᠠᠰᠤᠲᠠᠨ ᠤ ᠬᠦᠷᠢᠶᠡᠯᠡᠩ ᠳᠤ ᠭᠦᠨᠵᠡᠭᠡᠶᠢᠷᠡᠵᠦ᠂ ᠵᠠᠩ ᠵᠠᠩᠰᠢᠯ ᠢ ᠥᠭᠡᠷᠡᠴᠢᠯᠡᠬᠦ ᠤᠬᠠᠭᠤᠯᠭ᠎ᠠ ᠵᠢᠴᠢ《 ᠪᠠᠶᠠᠷ ᠪᠠᠶᠠᠰᠤᠯ ᠪᠣᠯᠪᠠᠰᠤᠨ ᠢ ᠬᠦᠷᠭᠡᠬᠦ 》ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠦᠭᠰᠡᠨ  ᠪᠠᠶᠢᠨ᠎ᠠ᠃       ᠠᠵᠢᠯᠯᠠᠭ᠎ᠠ ᠳᠤᠮᠳᠠ᠂ ᠬᠤᠰᠢᠭᠤ ᠨᠠᠮ ᠤᠨ ᠬᠤᠷᠢᠶᠠᠨ ᠤ ᠤᠬᠠᠭᠤᠯᠤᠨ  ᠲᠠᠶᠢᠯᠪᠤᠷᠢᠯᠠᠭᠴᠢ ᠠᠴᠠ《 ᠬᠡᠪ ᠵᠠᠩᠰᠢᠯ ᠢ ᠥᠭᠡᠷᠡᠴᠢᠯᠡᠵᠦ᠂ ᠰᠢᠨ᠎ᠡ ᠬᠡᠪ ᠰᠤᠷᠲᠠᠯ ᠢ ᠠᠬᠢᠭᠤᠯᠬᠤ 》 ᠪᠠᠷ ᠭᠤᠣᠯ ᠰᠡᠳᠦᠪ ᠪᠣᠯᠭᠠᠨ᠂ ᠣᠯᠠᠨ ᠲᠦᠮᠡᠨ ᠤ ᠪᠣᠯᠪᠠᠰᠤᠨ ᠰᠢᠨ᠎ᠡ ᠬᠡᠪ ᠰᠤᠷᠲᠠᠯ ᠤᠨ ᠦᠢᠯᠡᠳᠦᠯᠭᠡᠵᠢᠭᠦᠯᠦᠭᠴᠢ ᠪᠣᠯᠬᠤ ᠶᠢ ᠰᠠᠨᠠᠭᠠᠴᠢᠯᠠᠨ᠂ ᠨᠠᠰᠤᠲᠠᠶᠢᠴᠤᠳ ᠤᠨ ᠵᠠᠩ ᠳᠠᠳᠬᠠᠯ ᠢ ᠥᠭᠡᠷᠡᠴᠢᠯᠡᠬᠦ ᠰᠢᠨ᠎ᠡ ᠬᠡᠪ ᠰᠤᠷᠲᠠᠯ ᠤᠨ ᠲᠤᠬᠠᠢ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠪ ᠵᠠᠩᠰᠢᠯ ᠢ ᠥᠭᠡᠷᠡᠴᠢᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃       ᠮᠠᠨ ᠤ ᠬᠤᠰᠢᠭᠤ᠂ ᠪᠣᠯᠪᠠᠰᠤᠨ ᠰᠢᠨ᠎ᠡ ᠬᠡᠪ ᠰᠤᠷᠲᠠᠯ ᠢ ᠪᠣᠢ ᠪᠣᠯᠭᠠᠵᠤ᠂ ᠲᠥᠪ ᠭᠤᠣᠯᠴᠢ᠂ ᠡᠷᠡᠭᠦᠯ ᠪᠣᠯᠪᠠᠰᠤᠨ ᠡᠶ᠎ᠡ ᠵᠣᠬᠢᠴᠠᠯᠲᠤ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂《 ᠪᠠᠶᠠᠷ ᠪᠠᠶᠠᠰᠤᠯ ᠪᠣᠯᠪᠠᠰᠤᠨ ᠢ ᠬᠦᠷᠭᠡᠬᠦ 》 ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠤᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠯᠢᠭ ᠤᠨ ᠬᠡᠯᠪᠡᠷᠢ ᠪᠠᠷ ᠳᠠᠮᠵᠢᠭᠤᠯᠤᠨ ᠂ ᠨᠠᠮ ᠤᠨ ᠳᠠᠭᠤᠨ ᠪᠠ ᠬᠠᠶᠢᠷ᠎ᠠ ᠬᠠᠯᠠᠮᠵᠢ ᠶᠢ ᠦᠨᠳᠦᠰᠦᠨ ᠱᠠᠲᠤᠨ ᠳᠤ ᠬᠦᠷᠭᠡᠵᠦ᠂《 ᠤᠮᠠᠷᠠᠲᠤ ᠬᠢᠯᠢ ᠶᠢᠨ ᠰᠣᠶᠣᠯ 》 ᠤᠨ ᠨᠡᠷᠡᠲᠦ ᠲᠡᠮᠳᠡᠭ ᠢ ᠡᠭᠦᠳᠬᠦ ᠪᠠᠷ ᠲᠣᠬᠢᠶᠠᠯ ᠪᠣᠯᠭᠠᠨ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠪᠠ ᠬᠦᠷᠲᠡᠭᠡᠮᠵᠢ ᠶᠢᠨ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠲᠠᠨ᠎ᠠ    ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2