ᠤᠯᠠᠭᠠᠨᠴᠠᠪ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠳᠥᠷᠪᠡᠳ ᠬᠤᠰᠢᠭᠤᠨ ᠳᠤ ᠬᠦᠷᠴᠦ 《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠱᠤᠭᠤᠶ᠎ᠠ 》 ᠭᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/20
      ᠤᠯᠠᠭᠠᠨᠴᠠᠪ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠳᠥᠷᠪᠡᠳ ᠬᠤᠰᠢᠭᠤᠨ ᠳᠤ ᠬᠦᠷᠴᠦ 《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠱᠤᠭᠤᠶ᠎ᠠ 》 ᠭᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ       ᠤᠯᠠᠭᠠᠨᠴᠠᠪ ᠬᠤᠲᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠳᠠᠯᠢᠶᠠᠨ ᠳᠤ ᠬᠦᠷᠴᠦ ᠢᠷᠡᠪᠡ 12 ᠰᠠᠷ᠎ᠠ ᠶᠢᠨ 18 ᠤ ᠡᠳᠦᠷ᠂ ᠤᠯᠠᠭᠠᠨᠴᠠᠪ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠳᠥᠷᠪᠡᠳ ᠬᠤᠰᠢᠭᠤᠨ ᠤ ᠪᠠᠶᠠᠨᠴᠣᠭᠲᠤ ᠪᠠᠯᠭᠠᠰᠤ ᠪᠠ ᠵᠡᠭᠦᠨ ᠨᠠᠢᠮᠠᠳᠤᠭᠠᠷ ᠨᠣᠮᠧᠷᠲᠦ ᠰᠢᠶᠠᠩ ᠳᠤ ᠬᠦᠷᠴᠦ᠂ 《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ 》 ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠡᠯᠪᠡᠭ ᠪᠠᠶᠠᠯᠢᠭ ᠣᠶᠤᠨ ᠤ ᠠᠮᠤ ᠪᠤᠳᠠᠭ᠎ᠠ ᠬᠦᠷᠭᠡᠪᠡ᠃
12.21+1.jpg
      ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠳᠣᠲᠣᠭᠠᠳᠤ ᠠᠭᠤᠯᠭ᠎ᠠ ᠪᠣᠯᠤᠨ ᠠᠴᠢ ᠬᠤᠯᠪᠣᠭᠳᠠᠯ ᠤᠨ ᠲᠣᠭᠤᠷᠢᠨ ᠳᠤ᠂ ᠲᠡᠦᠬᠡ ᠰᠣᠶᠣᠯ ᠢ  ᠤᠯᠠᠮᠵᠢᠯᠠᠬᠤ ᠠᠴᠠ ᠣᠳᠣᠬᠠᠨ ᠤ ᠦᠨᠳᠦᠰᠦᠲᠡᠨ ᠤ ᠪᠦᠯᠬᠦᠮᠳᠡᠯ ᠤᠨ ᠠᠮᠢᠳᠤᠯᠢᠭ ᠦᠢᠯᠡᠳᠦᠯᠭᠡ ᠬᠦᠷᠲᠡᠯ᠎ᠡ᠂ ᠡᠯ᠎ᠡ ᠦᠨᠳᠦᠰᠦᠲᠡᠨ ᠡᠨᠡ ᠬᠡᠰᠡᠭ ᠭᠠᠵᠠᠷ ᠳᠡᠭᠡᠷ᠎ᠡ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠦᠯᠢᠭᠡᠷ ᠢ ᠣᠯᠠᠨ ᠲᠠᠯ᠎ᠠ  ᠠᠴᠠ ᠲᠣᠳᠣᠷᠬᠠᠶᠢᠯᠠᠨ ᠥᠭᠦᠯᠡᠵᠡᠢ᠃ ᠲᠣᠰᠬᠤᠨ ᠳᠤ ᠣᠴᠢᠵᠤ 《 ᠬᠠᠨᠵᠤ ᠶᠢᠨ ᠳᠡᠭᠡᠷ᠎ᠡ ᠨᠠᠶᠢᠵᠠᠯᠠᠵᠤ ᠤᠬᠠᠭᠤᠯᠭ᠎ᠠ ᠬᠢᠬᠦ 》 ᠬᠡᠯᠪᠡᠷᠢ ᠪᠠᠷ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠲᠠᠶᠢᠯᠪᠤᠷᠢ ᠬᠢᠵᠦ᠂ ᠳᠤᠮᠳᠠᠳᠤ ᠶᠢᠨ ᠦᠨᠳᠦᠰᠦᠲᠡᠨ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠬᠤ ᠂ ᠵᠣᠪᠠᠯ ᠵᠢᠷᠭᠠᠯ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠ ᠬᠠᠮᠲᠤ ᠶᠢᠨ ᠴᠣᠭᠴᠠ ᠮᠥᠨ ᠭᠡᠳᠡᠭ ᠢ ᠥᠷᠭᠡᠨ ᠣᠯᠠᠨ ᠺᠠᠳ᠋ᠷ ᠣᠯᠠᠨ ᠲᠦᠮᠡᠨ ᠳᠤ ᠭᠦᠨᠵᠡᠭᠡᠢ ᠲᠠᠨᠢᠭᠤᠯᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠣᠯᠠᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃
12.21+2.jpg
      ᠥᠨᠥᠳᠥᠷ ᠤᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠪᠢᠳᠡ ᠪᠣᠯ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠨᠢᠭᠡ ᠪᠦᠷᠢᠯᠳᠦᠬᠦᠨ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠶᠠᠭ ᠠᠨᠠᠷ ᠤᠨ ᠦᠷ᠎ᠡ ᠰᠢᠭ ᠨᠢᠭᠲᠡ ᠲᠡᠪᠡᠷᠢᠯᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠥᠭᠵᠢᠯᠲᠡ ᠶᠢ ᠪᠡᠶᠡᠯᠡᠭᠦᠯᠬᠦ ᠶᠢᠨ ᠪᠠᠲᠤ ᠪᠠᠬᠢ ᠰᠠᠭᠤᠷᠢ ᠪᠣᠯᠬᠤ ᠶᠢ ᠬᠦᠰᠡᠵᠦ ᠪᠠᠶᠢᠨ᠎ᠠ᠃ᠤᠬᠠᠭᠤᠯᠤᠨ ᠲᠠᠶᠢᠯᠪᠤᠷᠢᠯᠠᠭᠴᠢ ᠪᠣᠯᠤᠭᠰᠠᠨ ᠤ ᠬᠤᠪᠢ ᠳᠤ᠂ ᠪᠢᠳᠡ ᠤᠬᠠᠭᠤᠯᠤᠨ ᠲᠠᠶᠢᠯᠪᠤᠷᠢᠯᠠᠬᠤ ᠬᠢᠷᠢ ᠬᠡᠮᠵᠢᠶ᠎ᠡ ᠪᠣᠯᠤᠨ ᠠᠭᠤᠯᠭ᠎ᠠ ᠶᠢᠨ ᠴᠢᠨᠠᠷ ᠴᠢᠨᠰᠠᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠴᠣᠭᠴᠠᠯᠠᠬᠤ ᠶᠠᠪᠤᠳᠠᠯ ᠳᠤ ᠬᠦᠴᠦᠨ ᠴᠢᠳᠠᠯ ᠢᠶᠠᠨ ᠦᠷᠭᠦᠯᠵᠢᠯᠡᠨ ᠡᠷᠭᠦᠬᠦ ᠪᠣᠯᠤᠨ᠎ᠠ᠃ᠤᠯᠠᠭᠠᠨᠴᠠᠪ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ ᠾᠧᠦ ᠰᠢᠦᠢ ᡁᠢ ᠬᠡᠯᠡᠪᠡ᠃
12.21+3.jpg
      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠳᠥᠷᠪᠡᠳ ᠬᠤᠰᠢᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠬᠠᠯᠠᠭᠤᠨ ᠥᠷᠨᠢᠯᠲᠡ ᠭᠠᠷᠭᠠᠵᠤ᠂ ᠲᠤᠬᠠᠢ ᠶᠢᠨ ᠭᠠᠵᠠᠷ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠢ ᠠᠬᠢᠭᠤᠯᠬᠤ᠂ ᠡᠶ᠎ᠡ ᠵᠣᠬᠢᠴᠠᠩᠭᠤᠢ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠲᠠᠯᠪᠢᠵᠤ᠂ ᠥᠷᠭᠡᠨ ᠣᠯᠠᠨ ᠠᠷᠠᠳ ᠲᠦᠮᠡᠨ ᠤ ᠭᠠᠷ ᠬᠤᠯᠪᠣᠨ ᠬᠠᠮᠲᠤ ᠪᠠᠷ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠡᠭᠦᠳᠦᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠦ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠬᠦ ᠂ ᠬᠠᠮᠲᠤᠪᠠᠷ ᠴᠡᠴᠡᠭᠯᠡᠨ ᠬᠥᠭᠵᠢᠬᠦ ᠬᠦᠴᠦᠷᠬᠡᠭ ᠶᠡᠭᠡ ᠬᠦᠴᠦᠨ ᠢ  ᠨᠢᠭᠲᠠᠷᠠᠭᠤᠯᠵᠠᠢ᠃
12.21+4.jpg
       ᠪᠠᠶᠠᠨᠴᠣᠭᠲᠤ ᠪᠠᠯᠭᠠᠰᠤ ᠶᠢᠨ ᠤᠬᠠᠭᠤᠯᠤᠯ ᠤᠨ ᠭᠡᠰᠢᠭᠦᠨ ᠬᠠᠢ᠂ ᠰᠠᠷᠠᠩᠭᠤᠸ᠎ᠠ ᠄ 《 ᠲᠤᠰ ᠤᠳᠠᠭᠠᠨ ᠤ ᠤᠬᠠᠭᠤᠯᠤᠯ ᠤᠨ ᠠᠵᠢᠯᠯᠠᠭ᠎ᠠ ᠨᠢ ᠴᠠᠭ ᠲᠤᠬᠠᠢ ᠳᠤᠨᠢ ᠪᠣᠷᠣᠭᠠᠨ ᠣᠷᠣᠬᠤ ᠮᠡᠲᠦ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠬᠤ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠭᠰᠠᠨ ᠲᠤᠬᠠᠢ ᠨᠡᠩ ᠭᠦᠨ ᠭᠦᠨᠵᠡᠭᠡᠢ ᠣᠶᠢᠯᠠᠭᠠᠯᠲᠠ ᠲᠠᠢ ᠪᠣᠯᠵᠠᠢ 》 ᠭᠡᠵᠦ ᠢᠯᠡᠳᠬᠡᠪᠡ᠃ᠪᠢᠳᠡ ᠰᠤᠷᠤᠭᠰᠠᠨ ᠵᠦᠢᠯ ᠢᠶᠠᠨ ᠪᠣᠳᠠᠲᠤ ᠠᠵᠢᠯᠯᠠᠭ᠎ᠠ ᠳᠠᠭᠠᠨ ᠠᠭᠤᠰᠬᠠᠨ᠂ ᠪᠠᠶᠠᠨᠴᠣᠭᠲᠤ ᠪᠠᠯᠭᠠᠰᠤ ᠳᠤ ᠨᠡᠩ ᠡᠶ᠎ᠡ ᠵᠣᠬᠢᠴᠠᠩᠭᠤᠢ ᠪᠥᠭᠡᠳ ᠲᠣᠭᠲᠠᠭᠤᠨ᠂ ᠪᠦᠯᠬᠦᠮᠳᠡᠨ ᠲᠠᠪᠰᠢᠬᠤ ᠬᠥᠭᠵᠢᠯᠲᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠶᠢᠴᠢᠯᠠᠨ ᠰᠡᠳᠬᠢᠯ ᠨᠢᠭᠡᠳᠦᠨ᠂ ᠬᠦᠴᠦ ᠪᠠᠨ ᠬᠠᠮᠲᠤᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠬᠠᠮᠲᠤᠪᠠᠷ ᠴᠢᠷᠮᠠᠶᠢᠨ ᠪᠣᠢ ᠪᠣᠯᠭᠠᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2