ᠲᠥᠪ ᠤᠨ ᠠᠵᠤ ᠠᠬᠤᠶᠢᠯᠠᠯ ᠲᠣᠭᠲᠠᠭᠰᠠᠨ ᠴᠢᠭ ᠲᠤ ᠬᠠᠪᠰᠤᠷᠤᠨ ᠲᠡᠳᠬᠦᠭᠰᠡᠨ ᠰᠢᠨ᠎ᠡ ᠦᠷ᠎ᠡ ᠪᠦᠲᠦᠭᠡᠯ᠄ ᠳᠥᠷᠪᠡᠳ ᠬᠤᠰᠢᠭᠤᠨ ᠤ ᠵᠢᠩᠭᠧ ᠬᠤᠪᠴᠠᠰᠤᠨ ᠤ ᠦᠢᠯᠡᠳᠪᠦᠷᠢ᠂ ᠠᠵᠢᠯ ᠣᠯᠭᠤᠯᠲᠠ ᠶᠢ ᠳᠠᠶᠢᠴᠢᠯᠠᠬᠤ ᠰᠢᠨ᠎ᠡ ᠬᠦᠰᠡᠯ ᠡᠷᠡᠮᠡᠯᠵᠡᠯ
ᠨᠡᠶᠢᠲᠡᠯᠡᠭᠰᠡᠨ ᠴᠠᠭ᠄
2024/12/20
      ᠲᠥᠪ ᠤᠨ ᠠᠵᠤ ᠠᠬᠤᠶᠢᠯᠠᠯ ᠲᠣᠭᠲᠠᠭᠰᠠᠨ ᠴᠢᠭ ᠲᠤ ᠬᠠᠪᠰᠤᠷᠤᠨ ᠲᠡᠳᠬᠦᠭᠰᠡᠨ ᠰᠢᠨ᠎ᠡ ᠦᠷ᠎ᠡ ᠪᠦᠲᠦᠭᠡᠯ᠄ ᠳᠥᠷᠪᠡᠳ ᠬᠤᠰᠢᠭᠤᠨ ᠤ ᠵᠢᠩᠭᠧ ᠬᠤᠪᠴᠠᠰᠤᠨ ᠤ ᠦᠢᠯᠡᠳᠪᠦᠷᠢ᠂ ᠠᠵᠢᠯ ᠣᠯᠭᠤᠯᠲᠠ ᠶᠢ ᠳᠠᠶᠢᠴᠢᠯᠠᠬᠤ ᠰᠢᠨ᠎ᠡ ᠬᠦᠰᠡᠯ ᠡᠷᠡᠮᠡᠯᠵᠡᠯ      ᠲᠥᠪ ᠤᠨ ᠠᠵᠤ ᠠᠬᠤᠶᠢᠯᠠᠯ ᠴᠡᠭ ᠲᠣᠭᠲᠠᠭᠠᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ᠋‌‍ᠡᠴᠡ ᠨᠡᠰᠢ᠂ ᠲᠥᠪ ᠤᠨ ᠮᠠᠰᠢ ᠣᠯᠠᠨ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠵᠤ ᠦᠢᠯᠡᠰ ᠢᠶᠠᠷ ᠳᠡᠮᠵᠢᠬᠦ᠂ ᠮᠡᠷᠭᠡᠵᠢᠯ ᠤᠨ ᠲᠠᠯ᠎ᠠ ᠪᠠᠷ ᠲᠤᠰᠠᠯᠠᠬᠤ ᠪᠠ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ᠂ ᠲᠤᠰᠠᠯᠠᠮᠵᠢ ᠬᠦᠷᠲᠡᠭᠰᠡᠨ ᠭᠠᠵᠠᠷ ᠣᠷᠣᠨ ᠳᠤ ᠢᠯᠡᠳᠲᠡ ᠬᠥᠭᠵᠢᠯᠲᠡ ᠬᠤᠪᠢᠷᠠᠯᠲᠠ ᠭᠠᠷᠴᠠᠢ᠃ᠰᠢᠨ᠎ᠡ ᠪᠠᠷ ᠮᠠᠨᠳᠤᠭᠰᠠᠨ ᠵᠢᠢ ᠬᠤᠸᠠ ᠪᠦᠯᠦᠭᠯᠡᠯ ᠳᠥᠷᠪᠡᠳ ᠬᠤᠰᠢᠭᠤ ᠶᠢᠨ ᠬᠥᠭᠵᠢᠯᠲᠡ ᠶᠢ ᠬᠠᠪᠰᠤᠷᠤᠨ ᠠᠷᠪᠠᠨ ᠬᠡᠳᠦᠨ ᠵᠢᠯ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠢ ᠭᠦᠨᠵᠡᠭᠡᠶᠢᠷᠡᠭᠦᠯᠵᠦ᠂ ᠲᠡᠳᠬᠦᠮᠵᠢ ᠬᠦᠷᠲᠡᠬᠦ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠥᠬᠦ ᠲᠠᠯ᠎ᠠ  ᠪᠠᠷ ᠲᠦᠯᠬᠢᠨ ᠠᠬᠢᠭᠤᠯᠪᠠ᠃ᠡᠨᠡᠬᠦ ᠲᠥᠷᠥ ᠶᠢᠨ ᠪᠣᠳᠣᠯᠭ᠎ᠠ ᠶᠢᠨ ᠪᠠᠰᠠ ᠨᠢᠭᠡᠨ ᠠᠮᠵᠢᠯᠲᠠ ᠲᠠᠢ ᠦᠯᠢᠭᠡᠷ ᠵᠢᠱᠢᠶ᠎ᠡ ᠪᠣᠯᠤᠭᠰᠠᠨ ᠤ ᠬᠤᠪᠢ ᠳᠤ᠂ ᠳᠥᠷᠪᠡᠳ ᠬᠤᠰᠢᠭᠤᠨ ᠤ ᠵᠢᠩᠭᠡ ᠬᠤᠪᠴᠠᠰᠤᠨ ᠤ ᠦᠢᠯᠡᠳᠪᠦᠷᠢ ᠰᠢᠨ᠎ᠡ ᠦᠢᠯᠡᠳᠪᠦᠷᠢ ᠶᠢᠨ ᠪᠠᠶᠢᠰᠢᠩ ᠳᠤ ᠨᠡᠭᠦᠵᠦ ᠣᠷᠣᠭᠰᠠᠨ ᠤ ᠳᠠᠷᠠᠭ᠎ᠠ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠡᠨᠡᠬᠦ ᠬᠠᠮᠲᠤ ᠶᠢᠨ ᠠᠵᠢᠯᠯᠠᠭᠠᠨ ᠤ ᠲᠥᠷᠥᠯ ᠵᠦᠢᠯ ᠨᠢ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃
12.20+1.jpg
       ᠣᠶᠢᠷ᠎ᠠ ᠳᠤ᠂ ᠰᠤᠷᠪᠤᠯᠵᠢᠯᠠᠭᠴᠢ ᠳᠥᠷᠪᠡᠳ ᠬᠤᠰᠢᠭᠤᠨ ᠤ ᠵᠢᠩᠭᠧ ᠬᠤᠪᠴᠠᠰᠤᠨ ᠤ ᠦᠢᠯᠡᠳᠪᠦᠷᠢ ᠶᠢᠨ ᠠᠭᠤᠵᠢᠮ ᠰᠠᠷᠠᠭᠤᠯ ᠰᠢᠨ᠎ᠡ ᠦᠢᠯᠡᠳᠪᠦᠷᠢ ᠶᠢᠨ ᠲᠠᠰᠤᠭ ᠲᠤ ᠣᠷᠣᠵᠤ᠂ ᠮᠠᠰᠢᠨ ᠨᠢ ᠬᠦᠩᠭᠢᠨᠡᠵᠦ᠂ ᠠᠵᠢᠯᠴᠢᠳ ᠠᠵᠢᠯ ᠤᠨ ᠨᠢᠭᠡᠳᠦᠯᠲᠡᠢ ᠬᠤᠪᠴᠠᠰᠤ ᠡᠮᠦᠰᠴᠦ᠂ ᠮᠠᠰᠢᠨ ᠨᠢ ᠪᠣᠯᠪᠠᠰᠤᠷᠠᠩᠭᠤᠢ ᠬᠡᠷᠡᠭᠯᠡᠵᠦ᠂ ᠶᠠᠭ ᠰᠠᠶᠢᠬᠠᠨ ᠥᠪᠡᠷ ᠥᠪᠡᠷ ᠤᠨ ᠦᠢᠯᠡᠳᠪᠦᠷᠢᠯᠡᠯ ᠤᠨ ᠱᠤᠭᠤᠮ ᠳᠡᠭᠡᠷ᠎ᠡ ᠶᠠᠭᠠᠷᠠᠵᠤ᠂ ᠤᠷᠤᠰᠬᠠᠯ ᠱᠤᠭᠤᠮ ᠤᠨ ᠠᠵᠢᠯ ᠤᠨ ᠳᠠᠷᠠᠭᠠᠯᠠᠯ ᠪᠦᠷᠢ  ᠨᠢ ᠪᠦᠷ ᠪᠠᠴᠢᠮ ᠮᠥᠷᠲᠡᠭᠡᠨ ᠥᠨᠳᠥᠷ ᠦᠷ᠎ᠡ ᠪᠦᠲᠦᠮᠵᠢᠲᠡᠢ᠂ ᠦᠢᠯᠡᠳᠪᠦᠷᠢ ᠶᠢᠨ ᠲᠠᠰᠤᠭ ᠨᠢ ᠮᠠᠰᠢ ᠬᠥᠭᠵᠢᠶᠡᠨ ᠲᠠᠢ ᠪᠠᠶᠢᠯ᠎ᠠ᠃
12.20+2.jpg
      ᠳᠥᠷᠪᠡᠳ ᠬᠤᠰᠢᠭᠤᠨ ᠤ ᠶᠢᠨ ᠭᠧ ᠬᠤᠪᠴᠠᠰᠤᠨ ᠤ ᠦᠢᠯᠡᠳᠪᠦᠷᠢ ᠶᠢᠨ ᠣᠷᠣᠯᠠᠭᠴᠢ ᠳᠠᠷᠤᠭ᠎ᠠ ᠶᠠᠩ ᠬᠤᠩ ᠯᠢᠶᠠᠩ ᠲᠠᠨᠢᠯᠴᠠᠭᠤᠯᠬᠤ ᠳᠠᠭᠠᠨ᠄ 《 ᠣᠳᠣᠬᠠᠨ ᠳᠤ ᠮᠠᠨ ᠤ 150 ᠠᠵᠢᠯᠴᠢᠨ ᠪᠠᠶᠢᠵᠤ᠂ ᠡᠬᠢᠯᠡᠵᠦ ᠦᠢᠯᠡᠳᠪᠦᠷᠢ ᠪᠠᠶᠢᠭᠤᠯᠤᠭᠠᠳ ᠬᠠᠭᠠᠰ ᠵᠢᠯ ᠪᠣᠯᠵᠤ ᠪᠠᠶᠢᠨ᠎ᠠ᠂ ᠣᠳᠣ ᠡᠳᠦᠷ ᠪᠦᠷᠢ ᠶᠢᠨ ᠦᠢᠯᠡᠳᠪᠦᠷᠢᠯᠡᠬᠦ ᠴᠢᠳᠠᠪᠤᠷᠢ ᠨᠢ 260 ︱300 ᠬᠤᠪᠢ ᠣᠷᠴᠢᠮ ᠳᠤ ᠬᠦᠷᠴᠦ ᠪᠣᠢ 》 ᠭᠡᠯ᠎ᠡ᠃ᠣᠳᠣ ᠪᠢᠳᠡ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢ ᠳᠤ ᠨᠡᠭᠦᠵᠦ ᠣᠷᠣᠭᠠᠳ᠂ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢ ᠶᠢᠨ ᠲᠠᠰᠤᠭ ᠨᠢ 4000 ᠲᠡᠭᠰᠢ ᠳᠥᠷᠪᠡᠯᠵᠢᠨ ᠮᠧᠳ᠋ᠷ ᠪᠣᠯᠵᠤ᠂ ᠰᠡᠭᠦᠯᠴᠢ ᠶᠢᠨ ᠬᠤᠭᠤᠴᠠᠭᠠᠨ ᠳᠤ ᠳᠠᠬᠢᠨ ᠪᠠᠶᠢᠭᠤᠯᠬᠤ ᠦᠢᠯᠡᠳᠪᠦᠷᠢ ᠶᠢᠨ ᠲᠠᠰᠤᠭ ᠨᠢ 300 ~ 500 ᠬᠥᠮᠦᠨ ᠠᠵᠢᠯ ᠣᠯᠵᠤ ᠪᠣᠯᠤᠨ᠎ᠠ᠂ ᠢᠩᠭᠢᠪᠡᠯ ᠲᠤᠬᠠᠢ ᠶᠢᠨ ᠭᠠᠵᠠᠷ ᠤᠨ ᠠᠵᠢᠯ ᠣᠯᠬᠤ ᠬᠡᠦᠬᠡᠳ ᠤᠨ ᠠᠰᠠᠭᠤᠳᠠᠯ ᠢ ᠶᠡᠭᠡ  ᠪᠠᠷ ᠰᠢᠢᠳᠪᠦᠷᠢᠯᠡᠵᠦ ᠳᠡᠶᠢᠯᠦᠨ᠎ᠡ᠃
12.20+3.jpg
         ᠳᠥᠷᠪᠡᠳ ᠬᠤᠰᠢᠭᠤᠨ ᠤ ᠵᠢᠩᠭᠡ ᠬᠤᠪᠴᠠᠰᠤᠨ ᠤ ᠦᠢᠯᠡᠳᠪᠦᠷᠢ ᠵᠢᠬᠤᠸ᠎ᠠ 3534 ᠬᠤᠪᠴᠠᠰᠤᠨ ᠤ ᠺᠣᠮᠫᠠᠨᠢ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠪᠦᠬᠦ ᠬᠦᠴᠦᠨ ᠤ ᠳᠡᠮᠵᠢᠯᠭᠡ ᠳᠤ ᠲᠦᠰᠢᠭᠯᠡᠨ᠂ 2024 ᠣᠨ ᠤ 4 ᠳ᠋ᠦ᠋ᠭᠡᠷ ᠰᠠᠷ᠎ᠠ ᠶᠢᠨ 12 ᠤ ᠡᠳᠦᠷ ᠠᠯᠪᠠᠨ ᠶᠣᠰᠣᠭᠠᠷ ᠪᠠᠶᠢᠭᠤᠯᠤᠭᠳᠠᠪᠠ᠃ ᠬᠤᠪᠴᠠᠰᠤᠨ ᠤ ᠦᠢᠯᠡᠳᠪᠦᠷᠢ ᠭᠤᠣᠯᠳᠠᠭᠤ ᠴᠡᠷᠢᠭ ᠤᠨ ᠬᠤᠪᠴᠠᠰᠤ ᠪᠠ ᠡᠳ᠋ᠰᠢᠭᠦᠯᠵᠦ᠂ ᠨᠢᠭᠡᠳᠦᠭᠡᠷ ᠤᠷᠤᠰᠬᠠᠯ ᠱᠤᠭᠤᠮ ᠤᠨ ᠠᠵᠢᠯᠴᠢᠨ 5 ᠰᠠᠷ᠎ᠠ ᠶᠢᠨ 13 ᠤ ᠡᠳᠦᠷ‌‍ᠡᠴᠡ ᠡᠬᠢᠯᠡᠨ ᠵᠢᠩᠬᠢᠨᠢ ᠪᠠᠷ ᠠᠵᠢᠯ ᠡᠬᠢᠯᠡᠵᠦ᠂ ᠣᠳᠣᠬᠠᠨ ᠳᠤ 163 ᠬᠥᠮᠦᠨ ᠠᠵᠢᠯ ᠳᠤ ᠭᠠᠷᠴᠤ ᠪᠣᠢ᠃ᠡᠨᠡ ᠤᠳᠠᠭ᠎ᠠ ᠰᠢᠨ᠎ᠡ ᠦᠢᠯᠡᠳᠪᠦᠷᠢ ᠶᠢᠨ ᠪᠠᠶᠢᠰᠢᠩ ᠳᠤ ᠨᠡᠭᠦᠨ ᠣᠷᠣᠭᠰᠠᠨ ᠨᠢ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠳᠠᠷᠠᠭ᠎ᠠ ᠪᠠᠷ ᠨᠢ ᠳᠠᠬᠢᠨ ᠦᠢᠯᠡᠳᠪᠦᠷᠢ ᠶᠢᠨ ᠭᠡᠷ ᠪᠠᠶᠢᠰᠢᠩ ᠪᠠᠶᠢᠭᠤᠯᠵᠤ ᠠᠰᠢᠭᠯᠠᠯᠲᠠ ᠳᠤ ᠣᠷᠣᠬᠤ ᠶᠢ ᠳᠠᠭᠠᠯᠳᠤᠨ᠂ ᠳᠥᠷᠪᠡᠨ ᠤᠷᠤᠰᠬᠠᠯ ᠱᠤᠭᠤᠮ ᠨᠢ ᠪᠦᠭᠦᠳᠡ ᠠᠰᠢᠭᠯᠠᠯᠲᠠ ᠳᠤ ᠣᠷᠣᠵᠤ᠂ 560 ᠲᠡᠷᠢᠭᠦᠨ ᠤ ᠲᠣᠨᠤᠭ ᠲᠥᠬᠦᠭᠡᠷᠦᠮᠵᠢ ᠲᠣᠬᠢᠷᠠᠭᠤᠯᠤᠨ᠂ ᠣᠶᠢᠷ᠎ᠠ ᠬᠠᠪᠢ ᠶᠢᠨ ᠲᠠᠪᠤᠨ ᠵᠠᠭᠤ ᠰᠢᠬᠠᠮ ᠬᠥᠮᠦᠰ ᠤᠨ ᠠᠵᠢᠯ ᠣᠯᠭᠤᠯᠲᠠ ᠶᠢ ᠠᠬᠢᠭᠤᠯᠵᠤ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠮᠠᠯᠵᠢᠬᠤ ᠲᠠᠷᠢᠶᠠᠯᠠᠬᠤ ᠣᠷᠣᠨ ᠵᠢᠴᠢ ᠬᠤᠲᠠ ᠪᠠᠯᠭᠠᠰᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠬᠤ ᠳᠤ ᠬᠦᠴᠦᠲᠡᠢ ᠳᠡᠮᠵᠢᠯᠭᠡ ᠬᠠᠩᠭᠠᠨ᠎ᠠ᠃
12.20+4.jpg
       ᠦᠢᠯᠡᠳᠪᠦᠷᠢ ᠶᠢᠨ ᠲᠠᠰᠤᠭ ᠤᠨ ᠨᠢᠭᠡ ᠥᠨᠴᠥᠭ ᠲᠤ᠂ ᠰᠤᠷᠪᠤᠯᠵᠢᠯᠠᠭᠴᠢ ᠡᠨᠡ ᠵᠢᠯ ᠤᠨ 9 ᠳ᠋ᠦ᠋ᠭᠡᠷ ᠰᠠᠷ᠎ᠠ ᠳᠤ ᠰᠠᠶ᠋ᠢᠬᠠᠨ ᠠᠵᠢᠯ ᠳᠤ ᠣᠷᠣᠬᠤ ᠲᠦᠩ ᠬᠤᠨ ᠮᠠᠢ ᠶᠢ ᠣᠯᠵᠤ ᠬᠠᠷᠠᠭᠰᠠᠨ᠃ᠲᠡᠷᠡᠪᠡᠷ ᠬᠥᠬᠡᠬᠤᠲᠠ ᠶᠢᠨ ᠨᠢᠭᠡᠨ ᠬᠤᠪᠴᠠᠰᠤᠨ ᠤ ᠦᠢᠯᠡᠳᠪᠦᠷᠢ ᠳᠤ ᠣᠯᠠᠨ ᠵᠢᠯ ᠤᠨ ᠲᠤᠷᠰᠢ ᠬᠤᠪᠴᠠᠰᠤᠨ ᠤ ᠠᠵᠤ ᠦᠢᠯᠡᠳᠪᠦᠷᠢ ᠡᠷᠬᠢᠯᠡᠵᠦ᠂ ᠣᠳᠣ ᠨᠢᠭᠡᠨᠲᠡ ᠺᠠᠩᠭ ᠤᠨ ᠬᠤᠪᠴᠠᠰᠤᠨ ᠤ ᠦᠢᠯᠡᠳᠪᠦᠷᠢ ᠶᠢᠨ ᠲᠠᠰᠤᠭ ᠤᠨ ᠬᠤᠪᠴᠠᠰᠤᠨ ᠤ ᠦᠢᠯᠡᠳᠪᠦᠷᠢᠯᠡᠯ ᠤᠨ ᠱᠤᠭᠤᠮ ᠤᠨ ᠨᠢᠭᠡᠨ ᠬᠡᠰᠡᠭ ᠤᠨ ᠳᠠᠷᠤᠭ᠎ᠠ ᠪᠣᠯᠪᠠ᠃ᠳ᠋ᠦ᠋ᠩ ᠬᠤᠩ ᠮᠧᠢ ᠰᠤᠷᠪᠤᠯᠵᠢᠯᠠᠭᠴᠢ ᠳᠤ᠂ ᠲᠡᠭᠦᠨ ᠤ ᠰᠠᠷ᠎ᠠ ᠪᠦᠷᠢ ᠶᠢᠨ ᠴᠠᠯᠢᠩ ᠨᠢ 3000 ᠭᠠᠷᠤᠢ ᠲᠥᠭᠦᠷᠢᠭ᠂ ᠭᠡᠷ ᠤᠨ ᠵᠠᠷᠤᠳᠠᠯ ᠲᠠᠢ᠂ ᠡᠨᠡ ᠬᠣ ᠠᠵᠢᠯ ᠨᠢ ᠲᠡᠭᠦᠨ ᠢ ᠮᠠᠰᠢ ᠬᠠᠩᠭᠠᠵᠤ ᠳᠡᠶᠢᠯᠦᠨ᠎ᠡ ᠭᠡᠵᠦ ᠬᠡᠯᠡᠪᠡ᠃      《 ᠪᠢ ᠡᠩ ᠤᠨ ᠨᠢᠭᠡ ᠠᠵᠢᠯᠴᠢᠨ ᠠᠴᠠ ᠳᠤᠭᠤᠶᠢᠯᠠᠩ ᠤᠨ ᠳᠠᠷᠤᠭ᠎ᠠ ᠬᠦᠷᠲᠡᠯ᠎ᠡ ᠣᠳᠣ ᠶᠢᠨ ᠠᠵᠢᠯ ᠪᠣᠯ ᠦᠢᠯᠡᠳᠪᠦᠷᠢᠯᠡᠯ ᠤᠨ ᠠᠯᠬᠤᠮ ᠳᠠᠷᠠᠭ᠎ᠠ ᠶᠢ ᠬᠠᠮᠢᠶᠠᠷᠬᠤ ᠶᠠᠪᠤᠳᠠᠯ ᠪᠣᠯᠤᠨ᠎ᠠ᠂ ᠲᠧᠭᠨᠢᠭ ᠮᠡᠷᠭᠡᠵᠢᠯ ᠤᠨ ᠲᠠᠯ᠎ᠠ ᠪᠠᠷ ᠪᠠᠭ᠎ᠠ ᠰᠠᠭ᠎ᠠ ᠠᠰᠠᠭᠤᠳᠠᠯ ᠢ ᠪᠢ ᠬᠠᠪᠰᠤᠷᠴᠤ ᠰᠢᠢᠳᠪᠦᠷᠢᠯᠡᠵᠦ ᠥᠭᠭᠦᠶ᠎ᠡ᠃ᠮᠢᠨᠦ ᠣᠳᠣ ᠶᠢᠨ ᠳᠤᠮᠳᠠᠴᠢ ᠴᠠᠯᠢᠩ 3000 ᠭᠠᠷᠤᠢ ᠪᠠᠶᠢᠨ᠎ᠠ᠂ ᠭᠡᠪᠡᠴᠦ ᠮᠢᠨᠦ ᠬᠤᠪᠢ ᠳᠤ᠂ ᠭᠡᠷ ᠤᠨ ᠡᠭᠦᠳᠡᠨ ᠳᠤ ᠠᠵᠢᠯᠯᠠᠵᠤ ᠴᠢᠳᠠᠬᠤ ᠳᠤ ᠪᠢ ᠨᠢᠭᠡᠨᠲᠡ ᠰᠡᠳᠬᠢᠯ ᠬᠠᠨᠤᠮᠵᠢᠲᠠᠢ ᠪᠣᠯᠵᠠᠢ᠂ ᠮᠠᠨ ᠤ ᠠᠯᠲᠠᠨ ᠬᠤᠶᠠᠭ ᠢᠷᠡᠭᠡᠳᠦᠢ ᠶᠢᠨ ᠬᠤᠭᠤᠴᠠᠭ᠎ᠠ ᠭᠡᠵᠦ ᠯᠠᠪᠲᠠᠢ ᠢᠲᠡᠭᠡᠵᠦ ᠪᠠᠶᠢᠨ᠎ᠠ᠃》 ᠭᠡᠵᠦ ᠳ᠋ᠦ᠋ᠩ ᠬᠤᠩ ᠮᠧᠢ ᠶᠢᠨ ᠴᠢᠷᠠᠢ ᠳᠤ ᠵᠣᠯ ᠵᠢᠷᠭᠠᠯ ᠤᠨ ᠮᠦᠰᠢᠶᠡᠯ ᠪᠢᠯᠬᠠᠵᠤ ᠪᠠᠶᠢᠯ᠎ᠠ᠃      ᠦᠢᠯᠡᠳᠪᠦᠷᠢ ᠶᠢᠨ ᠲᠠᠰᠤᠭ ᠲᠤ ᠰᠤᠷᠪᠤᠯᠵᠢᠯᠠᠭᠴᠢ ᠪᠠᠰᠠ ᠪᠡᠭᠡᠵᠢᠩ ᠤᠨ ᠵᠢᠢ ᠬᠤᠸᠠ 3534 ᠬᠤᠪᠴᠠᠰᠤᠨ ᠤ ᠺᠣᠮᠫᠠᠨᠢ ᠶᠢᠨ ᠮᠡᠷᠭᠡᠵᠢᠯᠲᠡᠨ ᠰᠢᠶᠣᠤ ᠵᠠᠩ ᠴᠢᠩ ᠲᠠᠢ ᠠᠭᠤᠯᠵᠠᠵᠠᠢ᠃ ᠺᠣᠮᠫᠠᠨᠢ ᠶᠢᠨ ᠬᠢᠨ ᠤ ᠠᠵᠢᠯᠲᠠᠨ ᠠᠵᠢᠯᠴᠢᠨ ᠳᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ ᠪᠠᠶᠢᠭ᠎ᠠ ᠲᠤᠰᠬᠠᠢ ᠮᠡᠷᠭᠡᠵᠢᠯᠲᠡᠨ ᠪᠣᠯᠤᠭᠰᠠᠨ ᠤ ᠬᠤᠪᠢ ᠳᠤ᠂ ᠰᠢᠶᠣᠤ ᠵᠠᠩ ᠴᠢᠨ ᠵᠢᠩᠡ ᠬᠤᠪᠴᠠᠰᠤᠨ ᠤ ᠦᠢᠯᠡᠳᠪᠦᠷᠢ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠨ᠎ᠠ᠃《 ᠪᠢ ᠵᠢᠢ ᠬᠤᠸᠠ  ᠠᠴᠠ ᠢᠷᠡᠵᠦ᠂ ᠭᠤᠣᠯᠳᠠᠭᠤ ᠠᠵᠢᠯᠴᠢᠨ ᠤ ᠮᠡᠷᠭᠡᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ 》᠃ᠪᠢᠳᠡ ᠲᠡᠷᠢᠭᠦᠨ ᠤ ᠮᠡᠷᠭᠡᠵᠢᠯ ᠪᠣᠯᠤᠨ ᠬᠠᠮᠢᠶᠠᠷᠤᠯᠲᠠ ᠶᠢᠨ ᠲᠤᠷᠰᠢᠯᠭ᠎ᠠ ᠶᠢ ᠠᠪᠴᠢᠷᠠᠨ ᠠᠳᠡᠬᠢ ᠠᠵᠢᠯᠲᠠᠳ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠤᠪᠴᠠᠰᠤᠨ ᠤ ᠦᠢᠯᠡᠳᠪᠦᠷᠢ ᠶᠢᠨ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠪᠡ᠃ ᠰᠢᠶᠣᠤ ᠵᠠᠩ ᠴᠢᠨ ᠬᠡᠯᠡᠭᠰᠡᠨ ᠨᠢ᠂ ᠲᠡᠷᠡ ᠪᠦᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ᠂ ᠬᠤᠪᠴᠠᠰᠤᠨ ᠤ ᠦᠢᠯᠡᠳᠪᠦᠷᠢ ᠶᠢᠨ ᠮᠡᠷᠭᠡᠵᠢᠯ ᠤᠨ ᠳᠡᠭᠡᠭᠰᠢᠯᠡᠯᠲᠡ ᠪᠠ ᠦᠢᠯᠡᠳᠬᠦᠨ ᠤ ᠶᠠᠰᠤ ᠴᠢᠨᠠᠷ ᠢ ᠬᠠᠮᠠᠭᠠᠯᠠᠬᠤ ᠳᠤ ᠵᠣᠷᠢᠭᠤᠯᠤᠭᠰᠠᠨ ᠶᠤᠮ᠃       ᠳᠥᠷᠪᠡᠳ ᠬᠤᠰᠢᠭᠤᠨ ᠤ ᠶᠢᠨ ᠭᠧ ᠬᠤᠪᠴᠠᠰᠤᠨ ᠤ ᠦᠢᠯᠡᠳᠪᠦᠷᠢ ᠶᠢᠨ ᠠᠰᠢᠭᠯᠠᠯᠲᠠ ᠳᠤ ᠣᠷᠣᠭᠰᠠᠨ ᠨᠢ ᠲᠥᠪ ᠤᠨ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠣᠷᠣᠨ ᠨᠤᠲᠤᠭ ᠤᠨ ᠦᠢᠯᠡᠳᠦᠯᠭᠡ ᠳᠤᠮᠳᠠᠬᠢ ᠪᠠᠰᠠ ᠨᠢᠭᠡᠨ ᠠᠮᠵᠢᠯᠲᠠ ᠲᠠᠢ ᠬᠡᠷᠡᠭ ᠪᠣᠯᠤᠨ᠎ᠠ᠃ᠲᠥᠪ ᠤᠨ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ᠋‌‍ᠡᠴᠡ ᠨᠡᠰᠢ᠂ ᠪᠦᠯᠦᠭᠯᠡᠯᠲᠦ ᠺᠣᠮᠫᠠᠨᠢ ᠪᠣᠯᠤᠨ ᠳᠥᠷᠪᠡᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠪᠠᠶᠢᠩᠭᠤ ᠶᠢᠨ ᠦᠢᠯᠡᠳᠦᠯᠴᠡᠨ ᠵᠠᠯᠭᠠᠯᠳᠤᠬᠤ ᠶᠢ ᠪᠠᠲᠤᠯᠠᠵᠤ ᠂ ᠬᠠᠮᠵᠢᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠡᠢ᠃ᠵᠢᠩᠡ ᠬᠤᠪᠴᠠᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠰᠢᠭᠯᠠᠯᠲᠠ ᠳᠤ ᠣᠷᠣᠭᠰᠠᠨ ᠨᠢ ᠳᠥᠷᠪᠡᠳ ᠬᠤᠰᠢᠭᠤᠨ ᠳᠤ ᠡᠳ᠋ ᠤᠨ ᠵᠠᠰᠠᠭ ᠤᠨ ᠰᠢᠨ᠎ᠡ ᠥᠰᠦᠯᠲᠡ ᠶᠢᠨ ᠴᠡᠭ ᠠᠪᠴᠢᠷᠠᠭᠰᠠᠨ ᠢᠶᠠᠷ ᠪᠠᠷᠠᠬᠤ ᠦᠭᠡᠢ᠂ ᠨᠡᠩ ᠴᠦ ᠬᠥᠳᠡᠭᠡ ᠲᠣᠰᠬᠤᠨ ᠪᠣᠯᠤᠨ ᠬᠤᠲᠠ ᠪᠠᠯᠭᠠᠰᠤᠨ ᠤ ᠬᠥᠳᠡᠯᠮᠦᠷᠢ ᠬᠦᠴᠦᠨ ᠤ ᠰᠢᠯᠵᠢᠨ ᠠᠵᠢᠯ ᠣᠯᠬᠤ ᠳᠤ ᠬᠦᠴᠦᠲᠡᠢ ᠳᠡᠮᠵᠢᠯᠭᠡ ᠬᠠᠩᠭᠠᠵᠤ᠂ ᠲᠤᠬᠠᠢ ᠶᠢᠨ ᠭᠠᠵᠠᠷ ᠤᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠬᠥᠳᠡᠭᠡ ᠲᠣᠰᠬᠤᠨ ᠤ ᠬᠥᠭᠵᠢᠨ ᠮᠠᠨᠳᠤᠬᠤ ᠳᠤ ᠬᠦᠴᠦᠨ ᠨᠡᠮᠡᠷᠢᠯᠡᠵᠡᠢ᠃       ᠬᠤᠪᠴᠠᠰᠤᠨ ᠤ ᠦᠢᠯᠡᠳᠪᠦᠷᠢ ᠶᠢᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠬᠤᠰᠢᠭᠤ ᠵᠠᠰᠠᠭ ᠤᠨ ᠣᠷᠳᠣᠨ ᠲᠤᠰᠠᠯᠠᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠩ ᠣᠯᠠᠨ ᠠᠵᠢᠯ ᠣᠯᠬᠤ ᠳᠤ ᠬᠦᠴᠢᠷᠲᠡᠢ ᠬᠥᠮᠦᠰ ᠲᠤ ᠠᠵᠢᠯ ᠣᠯᠬᠤ ᠵᠠᠪᠰᠢᠶᠠᠨ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠨ᠎ᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2