ᠴᠠᠭᠠᠨᠪᠤᠯᠠᠭ ᠰᠤᠮᠤ ᠶᠢᠨ  ᠭᠡᠷᠡᠯᠲᠤᠶᠠᠭ᠎ᠠ ᠭᠠᠴᠠᠭ᠎ᠠ᠄ ᠲᠠᠯ᠎ᠠ ᠨᠤᠲᠤᠭ ᠤᠨ ᠨᠣᠮ ᠤᠨ ᠥᠷᠥᠭᠡ ᠶᠢ ᠲᠢᠭᠯᠡᠵᠦ ᠪᠦᠬᠦ ᠠᠷᠠᠳ ᠤᠨ ᠤᠩᠰᠢᠯᠭ᠎ᠠ ᠶᠢ ᠪᠠᠶᠠᠯᠢᠭᠵᠢᠭᠤᠯᠤᠶ᠎ᠠ
ᠨᠡᠶᠢᠲᠡᠯᠡᠭᠰᠡᠨ ᠴᠠᠭ᠄
2024/12/24
      ᠴᠠᠭᠠᠨᠪᠤᠯᠠᠭ ᠰᠤᠮᠤ ᠶᠢᠨ  ᠭᠡᠷᠡᠯᠲᠤᠶᠠᠭ᠎ᠠ ᠭᠠᠴᠠᠭ᠎ᠠ᠄ ᠲᠠᠯ᠎ᠠ ᠨᠤᠲᠤᠭ ᠤᠨ ᠨᠣᠮ ᠤᠨ ᠥᠷᠥᠭᠡ ᠶᠢ ᠲᠢᠭᠯᠡᠵᠦ ᠪᠦᠬᠦ ᠠᠷᠠᠳ ᠤᠨ ᠤᠩᠰᠢᠯᠭ᠎ᠠ ᠶᠢ ᠪᠠᠶᠠᠯᠢᠭᠵᠢᠭᠤᠯᠤᠶ᠎ᠠ       ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠴᠠᠭᠠᠨᠪᠤᠯᠠᠭ ᠰᠤᠮᠤ ᠶᠢᠨ  ᠭᠡᠷᠡᠯᠲᠤᠶᠠᠭ᠎ᠠ ᠭᠠᠴᠠᠭ᠎ᠠ ᠨᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠨᠣᠮ ᠪᠢᠴᠢᠭ ᠢ ᠡᠮᠬᠢᠳᠬᠡᠬᠦ ᠠᠵᠢᠯ ᠥᠷᠨᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠢᠨᠵᠢᠯᠡᠬᠦ ᠤᠬᠠᠭᠠᠨᠴᠢ᠂ ᠳᠦᠷᠢᠮᠵᠢᠭᠰᠡᠨ ᠬᠠᠮᠢᠶᠠᠷᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠠᠷᠠᠳ ᠢᠶᠠᠷ ᠢᠶᠠᠨ ᠨᠣᠮ ᠪᠢᠴᠢᠭ ᠤᠩᠰᠢᠬᠤ ᠶᠢ ᠬᠦᠴᠦᠯᠡᠨ ᠲᠤᠰᠠᠯᠠᠵᠠᠢ᠃
12.24+1.jpg
       ᠠᠵᠢᠯᠯᠠᠭ᠎ᠠ ᠳᠤᠮᠳᠠ᠂ ᠣᠯᠠᠨ ᠢᠶᠠᠷ ᠢᠶᠠᠨ ᠨᠣᠮ ᠪᠢᠴᠢᠭ ᠤᠨ ᠲᠥᠷᠥᠯ ᠢᠯᠭᠠᠯ ᠢ ᠦᠨᠳᠦᠰᠦᠯᠡᠨ ᠵᠢᠶᠠᠰᠠ ᠶᠢᠨ ᠪᠠᠶᠢᠷᠢᠨ ᠳᠠᠭᠠᠨ ᠭᠠᠷᠬᠤ ᠪᠠᠶᠢᠷᠢ ᠶᠢ ᠳᠠᠬᠢᠨ ᠰᠢᠨ᠎ᠡ ᠪᠠᠷ ᠲᠥᠯᠥᠪᠵᠢᠭᠦᠯᠬᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠬᠢᠷᠠᠭᠤᠯᠤᠨ ᠲᠠᠷᠬᠠᠭᠠᠭᠰᠠᠨ ᠰᠢᠨ᠎ᠡ ᠨᠣᠮ ᠪᠢᠴᠢᠭ ᠢ ᠡᠮᠬᠢᠳᠬᠡᠨ ᠳᠠᠩᠰᠠ ᠡᠪᠬᠡᠮᠡᠯ ᠳᠤ ᠣᠷᠣᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠡᠳᠦᠷ ᠳᠣᠳᠣᠮ ᠤᠨ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ ᠪᠦᠷᠢᠨᠰᠢᠭᠦᠯᠵᠦ᠂ ᠳᠦᠷᠢᠮᠵᠢᠯ ᠢᠶᠠᠷ ᠨᠣᠮ ᠪᠢᠴᠢᠭ ᠤᠨ ᠲᠥᠷᠥᠯ ᠬᠤᠪᠢᠶᠠᠬᠤ᠂ ᠳᠠᠩᠰᠠᠯᠠᠬᠤ᠂ ᠵᠢᠶᠠᠰᠠᠨ ᠳᠤ ᠭᠠᠷᠭᠠᠬᠤ ᠪᠠ ᠡᠳᠦᠷ ᠳᠣᠳᠣᠮ ᠤᠨ ᠵᠢᠭᠡᠯᠡᠨ ᠤᠩᠰᠢᠬᠤ ᠵᠡᠷᠭᠡ ᠠᠵᠢᠯ ᠢ ᠰᠠᠶᠢᠲᠤᠷ ᠬᠢᠵᠦ᠂ ᠨᠣᠮ ᠤᠨ ᠥᠷᠥᠭᠡ ᠶᠢᠨ ᠠᠷᠢᠭᠤᠨ ᠴᠡᠪᠡᠷ ᠢ ᠴᠡᠪᠡᠷᠯᠡᠨ᠂ ᠴᠠᠭ᠋/‍ᠠ᠋ᠴᠠ ᠥᠩᠭᠡᠷᠡᠭᠰᠡᠨ᠂ ᠡᠪᠳᠡᠷᠡᠵᠦ ᠰᠦᠢᠳᠦᠭᠰᠡᠨ ᠵᠡᠷᠭᠡ ᠣᠯᠠᠨ ᠲᠦᠮᠡᠨ ᠤ ᠤᠩᠰᠢᠬᠤ ᠳᠤ ᠲᠣᠬᠢᠷᠠᠬᠤ ᠦᠭᠡᠢ ᠨᠣᠮ ᠪᠢᠴᠢᠭ ᠢ ᠢᠯᠭᠠᠷᠠᠭᠤᠯᠤᠨ ᠳᠡᠪᠲᠡᠷᠯᠡᠬᠦ ᠬᠡᠷᠡᠭᠲᠡᠢ᠃ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠨᠣᠮ ᠤᠨ ᠥᠷᠥᠭᠡ ᠶᠢᠨ ᠨᠣᠮ ᠪᠢᠴᠢᠭ ᠢ ᠪᠦᠬᠦᠨ ᠢ ᠳᠠᠩᠰᠠ ᠡᠪᠬᠡᠮᠡᠯ ᠳᠤ ᠣᠷᠣᠭᠤᠯᠤᠨ ᠡᠮᠬᠢᠳᠬᠡᠵᠦ᠂ ᠨᠣᠮ ᠪᠢᠴᠢᠭ ᠲᠤ ᠤᠯᠤᠰ ᠲᠥᠷᠥ ᠶᠢᠨ ᠣᠨᠣᠯ᠂ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠷᠭᠡᠵᠢᠯ ᠤᠨ ᠴᠢᠳᠠᠪᠤᠷᠢ ᠂ ᠤᠳᠬ᠎ᠠ ᠵᠣᠬᠢᠶᠠᠯ ᠤᠨ ᠪᠦᠲᠦᠭᠡᠯ ᠵᠡᠷᠭᠡ ᠲᠥᠷᠥᠯ ᠵᠦᠢᠯ ᠪᠠᠭᠲᠠᠵᠤ᠂ ᠬᠠᠷᠢᠶ᠎ᠠ ᠣᠷᠣᠨ ᠤ ᠲᠠᠷᠢᠶᠠᠴᠢᠨ ᠮᠠᠯᠴᠢᠨ ᠲᠦᠮᠡᠨ ᠤ ᠨᠣᠮ ᠤᠩᠰᠢᠬᠤ ᠬᠡᠷᠡᠭᠴᠡᠭᠡ ᠶᠢ ᠦᠨᠡᠨᠬᠦ ᠬᠠᠩᠭᠠᠭᠰᠠᠨ ᠪᠠᠶᠢᠨ᠎ᠠ᠃
12.24+2.jpg
       ᠳᠠᠷᠠᠭᠠᠴᠢ ᠶᠢᠨ ᠠᠯᠬᠤᠮ ᠳᠤ᠂ ᠴᠠᠭᠠᠨᠪᠤᠯᠠᠭ ᠰᠤᠮᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠳᠦᠷᠢᠮᠵᠢᠭᠰᠡᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠠᠬᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠭᠡᠰᠢᠭᠦᠳ ᠤᠨ ᠬᠥᠮᠦᠵᠢᠯ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠵᠡᠷᠭᠡ ᠠᠵᠢᠯ ᠲᠠᠢ ᠣᠷᠭᠠᠨᠢᠭ ᠢᠶᠠᠷ ᠠᠭᠤᠰᠤᠯᠴᠠᠬᠤ ᠶᠢ ᠠᠬᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠵᠡᠯ ᠰᠠᠨᠠᠭ᠎ᠠ ᠶᠢ ᠤᠯᠠᠮᠵᠢᠯᠠᠬᠤ᠂ ᠰᠣᠶᠣᠯ ᠢ ᠤᠯᠠᠮᠵᠢᠯᠠᠬᠤ᠂ ᠬᠥᠮᠦᠰ ᠤᠨ ᠰᠡᠳᠬᠢᠯ ᠢ ᠤᠮᠳᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 《 ᠵᠢᠵᠢᠭ 》 ᠨᠣᠮ ᠤᠨ ᠥᠷᠥᠭᠡ ᠶᠢ 《 ᠲᠣᠮᠣ 》 ᠶᠢᠨ ᠪᠣᠯᠪᠠᠰᠤᠨ ᠪᠣᠯᠭᠠᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2