ᠳᠥᠷᠪᠡᠳ ᠬᠤᠰᠢᠭᠤᠨ ᠤ ᠤᠯᠠᠭᠠᠨᠮᠥ᠋ᠴᠢᠷ ᠴᠠᠩ ᠴᠦᠨ ᠬᠤᠲᠠ ᠳᠤ ᠬᠦᠷᠴᠦ ᠲᠤᠰᠬᠠᠢ ᠲᠣᠭᠯᠠᠯᠲᠠ ᠥᠷᠨᠢᠭᠦᠯᠦᠨ᠎ᠡ᠄ ᠬᠤᠣᠰ ᠴᠢᠭᠯᠡᠯ ᠢᠶᠠᠷ ᠤᠷᠤᠭᠰᠢᠯᠠᠵᠤ᠂ ᠬᠤᠶᠠᠷ ᠭᠠᠵᠠᠷ ᠤᠨ ᠰᠣᠶᠣᠯ ᠵᠤᠭᠠᠴᠠᠯ ᠤᠨ ᠦᠢᠯᠡᠰ ᠢ 《 ᠬᠥᠭᠵᠢᠶᠡᠨᠲᠡᠢ ᠪᠣᠯᠭᠠᠶ᠎ᠠ 》
ᠨᠡᠶᠢᠲᠡᠯᠡᠭᠰᠡᠨ ᠴᠠᠭ᠄
2024/12/24
      ᠳᠥᠷᠪᠡᠳ ᠬᠤᠰᠢᠭᠤᠨ ᠤ ᠤᠯᠠᠭᠠᠨᠮᠥ᠋ᠴᠢᠷ ᠴᠠᠩ ᠴᠦᠨ ᠬᠤᠲᠠ ᠳᠤ ᠬᠦᠷᠴᠦ ᠲᠤᠰᠬᠠᠢ ᠲᠣᠭᠯᠠᠯᠲᠠ ᠥᠷᠨᠢᠭᠦᠯᠦᠨ᠎ᠡ᠄ ᠬᠤᠣᠰ ᠴᠢᠭᠯᠡᠯ ᠢᠶᠠᠷ ᠤᠷᠤᠭᠰᠢᠯᠠᠵᠤ᠂ ᠬᠤᠶᠠᠷ ᠭᠠᠵᠠᠷ ᠤᠨ ᠰᠣᠶᠣᠯ ᠵᠤᠭᠠᠴᠠᠯ ᠤᠨ ᠦᠢᠯᠡᠰ ᠢ 《 ᠬᠥᠭᠵᠢᠶᠡᠨᠲᠡᠢ ᠪᠣᠯᠭᠠᠶ᠎ᠠ 》       ᠤᠯᠠᠭᠠᠨᠮᠦ᠋ᠴᠢᠷ ᠤᠨ ᠬᠢᠨ ᠥᠪᠥᠷ ᠮᠣᠩᠭᠤᠯ ᠤᠨ ᠲᠠᠯ᠎ᠠ ᠨᠤᠲᠤᠭ ᠤᠨ ᠬᠠᠯᠠᠭᠤᠨ ᠰᠡᠳᠬᠢᠯ ᠢᠶᠠᠷ ᠴᠠᠭᠠᠨ ᠰᠠᠷ᠎ᠠ ᠶᠢᠨ ᠠᠷᠠᠳ ᠲᠦᠮᠡᠨ ᠳᠤ ᠦᠪᠡᠳᠡᠭᠰᠢ ᠨᠠᠶᠢᠷ ᠡᠷᠭᠦᠬᠦ ᠪᠠᠷ ᠤᠷᠢᠭᠳᠠᠵᠠᠢ 12 ᠰᠠᠷ᠎ᠠ ᠶᠢᠨ 16 ᠠᠴᠠ 18 ᠤ ᠡᠳᠦᠷ ᠪᠣᠯᠲᠠᠯ᠎ᠠ᠂ ᠳᠥᠷᠪᠡᠳ ᠬᠤᠰᠢᠭᠤᠨ ᠤ ᠤᠯᠠᠭᠠᠨᠮᠦ᠋ᠴᠢᠷ ᠤᠷᠢᠯᠭ᠎ᠠ ᠪᠠᠷ ᠴᠠᠩ ᠴᠦᠨ ᠬᠤᠲᠠ ᠳᠤ ᠲᠤᠰᠬᠠᠢ ᠲᠣᠭᠯᠠᠯᠲᠠ ᠭᠠᠷᠭᠠᠵᠤ᠂ ᠤᠯᠠᠭᠠᠨᠮᠦ᠋ᠴᠢᠷ ᠤᠨ ᠭᠡᠰᠢᠭᠦᠳ ᠨᠢ ᠥᠪᠥᠷ ᠮᠣᠩᠭᠤᠯ ᠤᠨ ᠲᠠᠯ᠎ᠠ ᠨᠤᠲᠤᠭ ᠤᠨ ᠬᠠᠯᠠᠭᠤᠨ ᠰᠡᠳᠬᠢᠯᠭᠡ ᠪᠠᠷ ᠴᠠᠩ ᠴᠦᠨ ᠬᠤᠲᠠ ᠶᠢᠨ ᠠᠷᠠᠳ ᠲᠦᠮᠡᠨ ᠳᠤ ᠦᠨᠳᠦᠰᠦᠲᠡᠨ ᠤ ᠵᠠᠩ ᠵᠠᠩᠰᠢᠯ ᠥᠳᠬᠡᠨ ᠵᠤᠵᠠᠭᠠᠨ᠂ ᠴᠠᠭ ᠦᠶ᠎ᠡ ᠶᠢᠨ ᠲᠠᠮᠠᠭ᠎ᠠ ᠲᠡᠮᠳᠡᠭ ᠲᠣᠳᠣᠷᠠᠭᠤᠨ ᠤᠮᠠᠷᠠᠲᠤ ᠬᠢᠯᠢ ᠶᠢᠨ ᠰᠣᠶᠣᠯ ᠤᠷᠠᠯᠢᠭ ᠤᠨ ᠦᠪᠡᠳᠡᠭᠰᠢ ᠨᠠᠶᠢᠷ ᠡᠷᠭᠦᠵᠡᠢ᠃ 
12.24+1.jpg
        ᠡᠨᠡ ᠤᠳᠠᠭ᠎ᠠ ᠶᠢᠨ ᠲᠤᠰᠬᠠᠢ ᠲᠣᠭᠯᠠᠯᠲᠠ ᠳᠤᠮᠳᠠ᠂ ᠳᠥᠷᠪᠡᠳ ᠬᠤᠰᠢᠭᠤᠨ ᠤ ᠤᠯᠠᠭᠠᠨᠮᠦ᠋ᠴᠢᠷ ᠨᠢ ᠥᠪᠡᠷᠮᠢᠴᠡ ᠲᠠᠲᠠᠬᠤ ᠬᠦᠴᠦᠨ ᠢᠶᠠᠷ ᠢᠶᠠᠨ ᠣᠯᠠᠨ ᠦᠵᠡᠭᠴᠢᠳ ᠤᠨ ᠠᠩᠬᠠᠷᠤᠯ ᠢ ᠲᠠᠲᠠᠵᠠᠢ᠃ᠪᠥᠵᠢᠭ 《 ᠳᠠᠪᠬᠢᠭ᠎ᠠ ᠳᠠᠪᠬᠢᠭ᠎ᠠ 》  ᠨᠢ ᠲᠠᠯ᠎ᠠ ᠨᠤᠲᠤᠭ ᠤᠨ ᠬᠥᠪᠡᠭᠦᠳ ᠥᠬᠢᠳ ᠤᠨ ᠡᠷᠬᠡ ᠴᠢᠯᠥᠭᠡ ᠪᠠ ᠬᠠᠯᠠᠭᠤᠨ ᠵᠣᠷᠢᠭ ᠢ ᠬᠠᠷᠠᠭᠤᠯᠵᠤ᠂ ᠮᠣᠷᠢᠨ ᠬᠤᠭᠤᠷ ᠤᠨ ᠨᠠᠶᠢᠷᠠᠯ ᠬᠥᠭᠵᠢᠮ ᠨᠢ ᠲᠠᠯ᠎ᠠ ᠨᠤᠲᠤᠭ ᠤᠨ ᠠᠭᠲᠠ ᠬᠦᠯᠦᠭ ᠢ ᠳᠡᠭᠦᠯᠢᠨ ᠨᠢᠰᠬᠡᠭᠰᠡᠨ ᠦᠯᠢᠭᠡᠷ ᠢ ᠬᠦᠦᠷᠨᠢᠨ᠎ᠡ᠃《 ᠲᠠᠯ᠎ᠠ ᠨᠤᠲᠤᠭ ᠤᠨ ᠢᠷᠦᠭᠡᠯ 》 《 ᠲᠧᠰ ᠭᠤᠣᠯ ᠤᠨ ᠮᠠᠭᠲᠠᠭᠠᠯ 》 《 ᠳᠥᠷᠪᠡᠳ ᠵᠡᠷᠭᠡ ᠭᠤᠶᠣ 》 《 ᠥᠨᠢ ᠮᠥᠩᠬᠡ ᠶᠢᠨ ᠤᠯᠠᠭᠠᠨᠮᠦ᠋ᠴᠢᠷ 》 ᠁ ᠳᠥᠷᠪᠡᠳ ᠬᠤᠰᠢᠭᠤᠨ ᠤ ᠤᠯᠠᠭᠠᠨᠮᠦ᠋ᠴᠢᠷ ᠤᠨ ᠬᠢᠨ ᠨᠠᠶᠢᠷᠠᠯ ᠳᠠᠭᠤᠤ᠂ ᠮᠣᠷᠢᠨ ᠬᠤᠭᠤᠷ ᠤᠨ ᠨᠠᠶᠢᠷᠠᠯ ᠬᠥᠭᠵᠢᠮ᠂ ᠳᠠᠭᠤᠤ ᠪᠥᠵᠢᠭ ᠵᠡᠷᠭᠡ ᠣᠯᠠᠨ ᠶᠠᠩᠵᠤ ᠶᠢᠨ ᠲᠣᠭᠯᠠᠯᠲᠠ ᠶᠢᠨ ᠲᠣᠭᠯᠠᠯᠲᠠ ᠵᠢᠴᠢ ᠤᠳᠬ᠎ᠠ ᠤᠷᠠᠯᠢᠭ ᠤᠨ ᠲᠣᠭᠯᠠᠯᠲᠠ ᠨᠢ ᠣᠯᠠᠨ ᠶᠠᠩᠵᠤ ᠶᠢᠨ ᠪᠠᠶᠢᠵᠤ᠂ ᠦᠵᠡᠭᠴᠢᠳ ᠤᠨ ᠤᠷᠮ᠎ᠠ ᠰᠡᠳᠬᠢᠯᠭᠡ ᠶᠢ ᠠᠪᠴᠤ ᠲᠠᠯ᠎ᠠ ᠨᠤᠲᠤᠭ ᠲᠤ ᠬᠦᠷᠭᠡᠬᠦ ᠲᠤᠯᠠ᠂ ᠲᠠᠯ᠎ᠠ ᠨᠤᠲᠤᠭ ᠤᠨ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠤᠨ ᠵᠠᠩ ᠵᠠᠩᠰᠢᠯ ᠢ ᠬᠥᠮᠦᠰ ᠲᠤ ᠲᠠᠨᠢᠭᠤᠯᠤᠭᠰᠠᠨ ᠪᠠᠶᠢᠨ᠎ᠠ᠃ 
12.24+2.jpg
         ᠵᠢᠷᠤᠭ ᠪᠣᠯ ᠳᠥᠷᠪᠡᠳ ᠬᠤᠰᠢᠭᠤᠨ ᠤ ᠤᠯᠠᠭᠠᠨᠮᠦ᠋ᠴᠢᠷ ᠴᠠᠩ ᠵᠢᠩ ᠮᠦᠽᠧᠢ ᠳᠤ ᠶᠠᠭᠠᠷᠠᠯᠲᠠᠢ ᠲᠣᠭᠯᠠᠯᠲᠠ ᠭᠠᠷᠭᠠᠵᠤ ᠪᠠᠶᠢᠭ᠎ᠠ ᠨᠢ ᠵᠢᠷᠤᠭ ᠪᠣᠯ ᠳᠥᠷᠪᠡᠳ ᠬᠤᠰᠢᠭᠤᠨ ᠤ ᠤᠯᠠᠭᠠᠨᠮᠦ᠋ᠴᠢᠷ ᠤᠨ ᠧᠦ ᠶᠠ ᠬᠤᠳᠠᠯᠳᠤᠭᠠᠨ ᠤ ᠲᠠᠯᠠᠪᠠᠢ ᠳᠤ ᠲᠤᠰᠬᠠᠢ ᠲᠣᠭᠯᠠᠯᠲᠠ ᠭᠠᠷᠭᠠᠵᠤ ᠪᠠᠶᠢᠭ᠎ᠠ ᠨᠢ 
12.24+3.jpg
          ᠵᠢᠷᠤᠭ ᠪᠣᠯ ᠳᠥᠷᠪᠡᠳ ᠬᠤᠰᠢᠭᠤᠨ ᠤ ᠤᠯᠠᠭᠠᠨᠮᠦ᠋ᠴᠢᠷ ᠤᠨ ᠲᠣᠭᠯᠠᠭᠴᠢ ᠬᠢᠭᠡᠳ ᠦᠵᠡᠭᠴᠢᠳ ᠤᠨ ᠬᠠᠯᠠᠭᠤᠨ ᠰᠡᠳᠬᠢᠯ ᠤᠨ ᠬᠠᠷᠢᠯᠴᠠᠨ ᠦᠢᠯᠡᠳᠦᠯᠴᠡᠵᠦ ᠪᠠᠶᠢᠭ᠎ᠠ ᠨᠢ 
12.24+4.jpg
         ᠵᠢᠷᠤᠭ ᠪᠣᠯ ᠳᠥᠷᠪᠡᠳ ᠬᠤᠰᠢᠭᠤᠨ ᠤ ᠤᠯᠠᠭᠠᠨᠮᠦ᠋ᠴᠢᠷ 《 ᠠᠳᠡ ᠠᠭᠤᠯᠠ 》 ᠳᠤ ᠲᠣᠭᠯᠠᠯᠲᠠ ᠭᠠᠷᠭᠠᠵᠤ ᠪᠠᠶᠢᠭ᠎ᠠ ᠨᠢ       ᠳᠥᠷᠪᠡᠳ ᠬᠤᠰᠢᠭᠤᠨ ᠤ ᠤᠯᠠᠭᠠᠨᠮᠦ᠋ᠴᠢᠷ ᠨᠢ ᠤᠯᠠᠭᠠᠨᠮᠦ᠋ᠴᠢᠷ ᠤᠨ ᠨᠠᠢᠮᠠᠨ ᠵᠦᠢᠯ ᠤᠨ ᠡᠭᠦᠷᠭᠡ ᠴᠢᠳᠠᠪᠬᠢ ᠶᠢᠨ ᠳᠤᠮᠳᠠᠬᠢ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠢᠵᠦ᠂ ᠪᠢᠳᠡ ᠴᠠᠩᠴᠦ᠋ᠨ ᠬᠤᠲᠠ ᠳᠤ ᠬᠦᠷᠴᠦ᠂ ᠡᠨᠡ ᠬᠣ ᠲᠣᠭᠯᠠᠯᠲᠠ ᠶᠢᠨ ᠶᠠᠪᠤᠴᠠ ᠳᠤ᠂ ᠪᠢᠳᠡ ᠴᠠᠩᠴᠦ᠋ᠨ ᠤ ᠠᠷᠠᠳ ᠲᠦᠮᠡᠨ ᠤ ᠬᠠᠯᠠᠭᠤᠨ ᠰᠡᠳᠬᠢᠯᠭᠡ ᠶᠢ ᠮᠡᠳᠡᠷᠡᠵᠦ᠂ ᠪᠢᠳᠡ ᠬᠡᠳᠦ᠋ᠪᠡᠷ ᠮᠠᠰᠢ ᠰᠡᠳᠬᠢᠯ ᠬᠥᠳᠡᠯᠵᠦ᠂ ᠠᠭᠤᠷ ᠠᠮᠢᠰᠬᠤᠯ ᠬᠦᠢᠲᠡᠨ ᠪᠣᠯᠪᠠᠴᠤ᠂ ᠦᠨᠳᠦᠰᠦᠲᠡᠨ ᠤ ᠰᠣᠶᠣᠯ ᠢᠶᠠᠨ ᠨᠡᠩ ᠰᠠᠶᠢᠨ ᠢᠯᠡᠷᠡᠭᠦᠯᠵᠦ᠂ ᠦᠵᠡᠭᠴᠢ ᠣᠯᠠᠨ ᠳᠤ ᠥᠪᠥᠷ ᠮᠣᠩᠭᠤᠯ ᠤᠨ ᠬᠠᠯᠠᠭᠤᠨ ᠰᠡᠳᠬᠢᠯᠭᠡ ᠪᠠ ᠪᠥᠵᠢᠭ ᠤᠨ ᠲᠠᠲᠠᠬᠤ ᠬᠦᠴᠦᠨ ᠢ ᠮᠡᠳᠡᠷᠡᠭᠦᠯᠬᠦ ᠪᠠᠷ ᠬᠦᠰᠡᠵᠦ ᠪᠣᠢ᠃ ᠳᠥᠷᠪᠡᠳ ᠬᠤᠰᠢᠭᠤᠨ ᠤ ᠤᠯᠠᠭᠠᠨᠮᠦ᠋ᠴᠢᠷ ᠤᠨ ᠵᠢᠯᠣᠭᠤᠳᠤᠭᠴᠢ ᠨᠠᠮᠤᠯᠠ᠄ 《 ᠡᠭᠦᠨ ᠤ ᠬᠠᠮᠲᠤ ᠡᠨᠡ ᠬᠡᠳᠦᠨ ᠡᠳᠦᠷ ᠪᠢᠳᠡ ᠪᠠᠰᠠ ᠲᠤᠬᠠᠢ ᠶᠢᠨ ᠭᠠᠵᠠᠷ ᠤᠨ ᠣᠯᠠᠨ ᠠᠵᠢᠯᠯᠠᠭ᠎ᠠ ᠳᠤ ᠣᠷᠣᠯᠴᠠᠪᠠ᠂ ᠴᠠᠩ ᠴᠦᠨ ᠬᠤᠲᠠ ᠶᠢᠨ ᠠᠷᠠᠳ ᠲᠦᠮᠡᠨ ᠪᠢᠳᠡᠨ ᠢ ᠨᠡᠩ ᠢᠯᠡᠭᠦᠦ ᠣᠶᠢᠯᠠᠭᠠᠵᠤ᠂ ᠪᠢᠳᠡᠨ ᠲᠠᠢ ᠬᠠᠷᠢᠯᠴᠠᠨ ᠲᠠᠨᠢᠯᠴᠠᠵᠤ᠂ ᠮᠠᠨ ᠤ ᠳᠥᠷᠪᠡᠳ ᠬᠤᠰᠢᠭᠤᠨ ᠳᠤ ᠬᠦᠷᠦᠯᠴᠡᠨ ᠢᠷᠡᠵᠦ ᠵᠣᠴᠢᠨ ᠪᠣᠯᠵᠤ᠂ ᠮᠠᠨ ᠤ ᠳᠥᠷᠪᠡᠳ ᠬᠤᠰᠢᠭᠤᠨ ᠤ ᠮᠥᠰᠥ ᠴᠠᠰᠤᠨ ᠤ ᠨᠠᠭᠠᠳᠤᠮ ᠳᠤ ᠣᠷᠣᠯᠴᠠᠬᠤ ᠶᠢ ᠬᠦᠰᠡᠵᠦ ᠪᠠᠶᠢᠨ᠎ᠠ 》 ᠭᠡᠵᠦ ᠲᠠᠨᠢᠯᠴᠠᠭᠤᠯᠪᠠ᠃
12.24+5.jpg
       ᠲᠤᠬᠠᠢ ᠶᠢᠨ ᠲᠠᠯᠠᠪᠠᠢ ᠶᠢᠨ ᠦᠵᠡᠭᠴᠢᠳ ᠶᠠᠩ ᠰᠧ ᠴᠢᠨ  ᠠᠴᠠ᠄ 《 ᠪᠢ ᠮᠣᠷᠢᠨ ᠬᠤᠭᠤᠷ ᠤᠨ ᠲᠣᠭᠯᠠᠯᠲᠠ ᠳᠤ ᠲᠤᠩ ᠭᠦᠨ ᠰᠠᠭᠤᠭᠳᠠᠯ ᠦᠯᠡᠳᠡᠭᠡᠨ᠎ᠡ᠂ ᠶᠠᠭ ᠥᠪᠥᠷ ᠮᠣᠩᠭᠤᠯ ᠤᠨ ᠲᠠᠯ᠎ᠠ ᠨᠤᠲᠤᠭ ᠲᠤ ᠪᠠᠶᠢᠭ᠎ᠠ ᠥᠷᠭᠡᠨ ᠠᠭᠤᠳᠠᠮ ᠲᠡᠷᠡᠬᠦ ᠲᠥᠷᠥᠭᠳᠡᠯ ᠲᠠᠢ᠂ ᠳᠠᠭᠤ ᠨᠢ ᠴᠦ ᠲᠤᠩ ᠯᠠᠪᠳᠠᠭᠤᠨ᠂ ᠳᠣᠲᠣᠭᠠᠳᠤ ᠠᠭᠤᠯᠬᠤᠨ ᠲᠠᠢ᠂ ᠰᠣᠨᠣᠰᠬᠤ ᠳᠤ ᠲᠤᠩ ᠲᠠᠭᠠᠯᠠᠮᠵᠢᠲᠠᠢ᠃ᠫᠷᠤᠭ᠍ᠷᠠᠮ`ᠷᠠᠮ ᠤᠨ ᠲᠣᠭᠯᠠᠯᠲᠠ ᠨᠢ ᠳᠠᠷᠤᠢ ᠣᠨᠴᠠᠭᠠᠢ ᠬᠦᠴᠦᠨ ᠲᠠᠢ ᠶᠦ᠋ᠮ᠂ ᠮᠢᠨᠦ ᠥᠪᠥᠷ ᠮᠣᠩᠭᠤᠯ ᠢ ᠣᠶᠢᠯᠠᠭᠠᠵᠤ ᠳᠡᠶᠢᠯᠬᠦ ᠲᠥᠷᠥᠭᠳᠡᠯ ᠯᠦᠭᠡ ᠮᠠᠰᠢ ᠨᠡᠶᠢᠴᠡᠨ᠎ᠡ᠂ ᠲᠣᠬᠢᠶᠠᠯ ᠲᠠᠢ ᠪᠣᠯ ᠪᠠᠰᠠ ᠥᠪᠥᠷ ᠮᠣᠩᠭᠤᠯ ᠳᠤ ᠣᠴᠢᠵᠤ ᠲᠤᠬᠠᠢ ᠶᠢᠨ ᠭᠠᠵᠠᠷ ᠤᠨ ᠰᠣᠶᠣᠯ ᠢ ᠣᠶᠢᠯᠠᠭᠠᠶ᠎ᠠ ᠭᠡᠵᠦ ᠶᠡᠭᠡ ᠪᠣᠳᠣᠵᠤ ᠪᠠᠶᠢᠨ᠎ᠠ᠃  
12.24+6.jpg
       ᠵᠢᠷᠤᠭ ᠪᠣᠯ ᠠᠬᠤᠢ ᠲᠠᠯᠠᠪᠠᠢ ᠶᠢᠨ ᠦᠵᠡᠭᠴᠢᠳ ᠤᠨ ᠬᠠᠯᠠᠭᠤᠨ ᠰᠡᠳᠬᠢᠯ ᠤᠨ ᠬᠥᠲᠦᠯᠦᠯ       ᠠᠩᠭᠢ ᠪᠠᠶᠢᠭᠤᠯᠤᠭᠳᠠᠭᠰᠠᠨ ᠠᠴᠠ ᠨᠡᠰᠢ᠂ ᠳᠥᠷᠪᠡᠳ ᠬᠤᠰᠢᠭᠤᠨ ᠤ ᠤᠯᠠᠭᠠᠨᠮᠦ᠋ᠴᠢᠷ ᠨᠢ ᠰᠢᠨ᠎ᠡ ᠴᠠᠭ ᠦᠶ᠎ᠡ ᠶᠢᠨ 《 ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ 》 ᠤᠨ ᠡᠭᠦᠷᠭᠡ ᠬᠠᠷᠢᠭᠤᠴᠠᠯᠭ᠎ᠠ ᠶᠢ ᠢᠮᠠᠭᠲᠠ ᠭᠤᠶᠢᠪᠢᠰᠢ ᠦᠭᠡᠢ ᠡᠭᠦᠷᠭᠡᠯᠡᠵᠦ ᠪᠣᠢ᠃ᠲᠡᠳᠡ ᠲᠩᠷᠢ ᠪᠠᠷ ᠬᠥᠰᠢᠭᠡ ᠪᠣᠯᠭᠠᠨ᠂ ᠭᠠᠵᠠᠷ ᠰᠢᠷᠣᠢ ᠪᠠᠷ ᠲᠠᠪᠴᠠᠩ ᠪᠣᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠠᠷᠠᠳ ᠣᠯᠠᠨ ᠳᠤ ᠦᠢᠯᠡᠴᠢᠯᠡᠳᠡᠭ ᠶᠦ᠋ᠮ᠃ ᠨᠤᠲᠤᠭ ᠤᠰᠤᠨ ᠤ ᠡᠬᠢ ᠪᠠᠶᠠᠯᠢᠭ᠂ ᠭᠦᠨ ᠵᠤᠵᠠᠭᠠᠨ ᠲᠡᠦᠬᠡ ᠵᠢᠴᠢ ᠰᠣᠶᠣᠯ ᠤᠨ ᠵᠠᠩ ᠳᠠᠳᠬᠠᠯ ᠢ ᠭᠦᠨᠵᠡᠭᠡᠢ ᠠᠭᠤᠳᠠᠯᠤᠨ᠂ ᠵᠣᠬᠢᠶᠠᠨ ᠪᠦᠲᠦᠭᠡᠬᠦ ᠡᠬᠢ ᠰᠤᠷᠪᠤᠯᠵᠢ ᠶᠢ ᠲᠠᠰᠤᠷᠠᠯᠲᠠ ᠦᠭᠡᠢ ᠡᠷᠢᠵᠦ᠂ ᠰᠢᠨ᠎ᠡ ᠶᠢ ᠡᠭᠦᠳᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠥᠪᠡᠷᠮᠢᠴᠡ ᠤᠷᠠᠯᠢᠭ ᠤᠨ ᠬᠡᠯᠪᠡᠷᠢ ᠪᠠᠷ ᠣᠷᠣᠨ ᠨᠤᠲᠤᠭ ᠤᠨ ᠣᠨᠴᠠᠯᠢᠭ ᠢ ᠭᠦᠢᠴᠡᠳ ᠢᠯᠡᠷᠡᠭᠦᠯᠦᠨ ᠂ ᠤᠮᠠᠷᠠᠲᠤ ᠬᠢᠯᠢ ᠶᠢᠨ ᠰᠣᠶᠣᠯ ᠤᠨ ᠴᠡᠴᠡᠭᠯᠡᠨ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠠᠯᠢ ᠣᠯᠠᠨ ᠭᠠᠵᠠᠷ ᠣᠷᠣᠨ ᠤ ᠣᠨᠴᠠᠯᠢᠭ ᠲᠠᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠪᠠ ᠵᠥᠪᠰᠢᠶᠡᠷᠡᠯ ᠢ ᠣᠯᠤᠭᠰᠠᠨ ᠢᠶᠠᠷ ᠪᠠᠷᠠᠬᠤ ᠦᠭᠡᠢ᠂ ᠳᠥᠷᠪᠡᠨ ᠬᠡᠦᠬᠡᠳ ᠤᠨ ᠸᠠᠩ ᠤᠨ ᠬᠤᠰᠢᠭᠤᠨ ᠤ ᠨᠢᠭᠡᠨ ᠰᠣᠳᠣᠨ ᠨᠡᠷᠡᠲᠦ ᠪᠦᠲᠦᠭᠡᠯ ᠪᠣᠯᠤᠭᠰᠠᠨ ᠪᠠᠶᠢᠨ᠎ᠠ᠃ 
12.24+7.jpg
        ᠵᠢᠷᠤᠭ ᠪᠣᠯ ᠳᠥᠷᠪᠡᠳ ᠬᠤᠰᠢᠭᠤᠨ ᠤ ᠤᠯᠠᠭᠠᠨᠮᠦ᠋ᠴᠢᠷ ᠤᠨ ᠶᠠᠪᠠᠭᠠᠨ ᠭᠠᠯᠠᠭᠤ ᠲᠣᠰᠬᠤᠨ ᠳᠤ ᠡᠬᠢᠯᠡᠯᠲᠡ ᠶᠢᠨ ᠶᠣᠰᠣᠯᠠᠯ ᠬᠢᠵᠦ ᠪᠠᠶᠢᠭ᠎ᠠ ᠨᠢ        ᠲᠤᠰ ᠤᠳᠠᠭᠠᠨ ᠤ ᠲᠤᠰᠬᠠᠢ ᠲᠣᠭᠯᠠᠯᠲᠠ ᠨᠢ᠂ ᠵᠢᠢ ᠮᠧᠩ ᠬᠤᠶᠠᠷ ᠭᠠᠵᠠᠷ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠪᠠᠰᠠ 《 ᠳᠠᠭᠤᠤ ᠳᠠᠭᠤᠯᠠᠯ ᠢᠶᠠᠷ ᠵᠤᠭᠠᠴᠠᠬᠤ ᠥᠪᠥᠷ ᠮᠣᠩᠭᠤᠯ 》 ᠤᠨ ᠨᠡᠷᠡᠲᠦ ᠲᠡᠮᠳᠡᠭ ᠢ ᠲᠦᠯᠬᠢᠨ ᠠᠬᠢᠭᠤᠯᠵᠤ᠂ ᠴᠠᠩ ᠴᠦᠨ ᠨᠥᠬᠦᠷ ᠤᠨ ᠳᠥᠷᠪᠡᠳ ᠬᠤᠰᠢᠭᠤᠨ ᠤ ᠵᠤᠭᠠᠴᠠᠯ ᠤᠨ ᠬᠦᠰᠡᠯ ᠡᠷᠡᠮᠡᠯᠵᠡᠯ ᠢ ᠬᠥᠭᠵᠢᠭᠡᠵᠦ᠂ ᠬᠤᠶᠠᠷ ᠭᠠᠵᠠᠷ ᠤᠨ ᠰᠣᠶᠣᠯ ᠵᠤᠭᠠᠴᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
12.24+8.jpg
      ᠵᠢᠷᠤᠭ ᠪᠣᠯ ᠳᠥᠷᠪᠡᠳ ᠬᠤᠰᠢᠭᠤᠨ ᠤ ᠤᠯᠠᠭᠠᠨᠮᠦ᠋ᠴᠢᠷ 《 ᠠᠳᠡ ᠠᠭᠤᠯᠠ 》 ᠳᠤ ᠲᠣᠭᠯᠠᠯᠲᠠ ᠭᠠᠷᠭᠠᠵᠤ ᠪᠠᠶᠢᠭ᠎ᠠ ᠨᠢ      《 ᠡᠨᠡ ᠪᠣᠯ ᠨᠢᠭᠡ ᠤᠳᠠᠭ᠎ᠠ ᠶᠢᠨ ᠬᠠᠷᠠᠭᠠᠨ ᠰᠠᠷᠠᠯ ᠪᠣᠯᠤᠨ ᠰᠣᠨᠣᠷ ᠤᠨ ᠦᠪᠡᠳᠡᠭᠰᠢ ᠦᠳᠡᠰᠢᠯᠡᠭᠡ ᠪᠣᠯᠤᠨ᠎ᠠ᠂ ᠳᠥᠷᠪᠡᠨ ᠬᠡᠦᠬᠡᠳ ᠤᠨ ᠬᠤᠰᠢᠭᠤᠨ ᠤ ᠤᠯᠠᠭᠠᠨᠮᠦ᠋ᠴᠢᠷ ᠪᠣᠯ ᠮᠠᠰᠢ ᠨᠡᠷᠡᠲᠡᠢ ᠲᠣᠭᠯᠠᠯᠲᠠ ᠶᠢᠨ ᠠᠩᠭᠢ ᠪᠣᠯᠤᠨ᠎ᠠ᠂ ᠡᠨᠡ ᠤᠳᠠᠭ᠎ᠠ ᠲᠡᠳᠡ ᠴᠠᠩᠴᠦᠨ ᠳᠤ ᠬᠦᠷᠴᠦ ᠢᠷᠡᠵᠡᠢ᠂ ᠪᠢᠳᠡ ᠲᠤᠬᠠᠢ ᠶᠢᠨ ᠲᠠᠯᠠᠪᠠᠢ ᠳᠤ ᠡᠨᠡ ᠤᠳᠠᠭ᠎ᠠ ᠶᠢᠨ ᠲᠣᠭᠯᠠᠯᠲᠠ ᠶᠢ ᠣᠯᠵᠤ ᠬᠠᠷᠠᠭᠰᠠᠨ ᠳᠠᠭᠠᠨ ᠮᠠᠰᠢ ᠠᠵᠠ ᠲᠠᠢ᠂ ᠲᠡᠭᠦᠨ ᠤ ᠳᠣᠲᠣᠷ᠎ᠠ ᠬᠠᠮᠤᠭ ᠰᠡᠳᠬᠢᠯ ᠳᠣᠭᠳᠣᠯᠳᠠᠭ ᠨᠢ ᠳᠠᠷᠤᠢ ᠡᠨᠡ ᠬᠦ 《 ᠮᠠᠭᠲᠠᠭᠠᠯ ᠳᠠᠭᠤᠤ 》᠂ ᠶᠠᠭ ᠰᠠᠶᠢᠬᠠᠨ ᠪᠢᠳᠡ ᠣᠳᠣ ᠶᠠᠭ ᠡᠨᠡ ᠲᠣᠭᠯᠠᠯᠲᠠ ᠶᠢ ᠪᠣᠯᠪᠠᠰᠤᠷᠠᠵᠤ ᠪᠠᠶᠢᠨ᠎ᠠ᠂ ᠮᠠᠰᠢ ᠶᠡᠭᠡ ᠰᠡᠩᠬᠡᠷᠡᠭᠦᠯᠦᠯ ᠬᠦᠷᠲᠡᠵᠦ ᠪᠠᠶᠢᠨ᠎ᠠ᠂ ᠪᠢᠳᠡ ᠲᠡᠳᠡᠨ᠋‌‍ᠡᠴᠡ ᠰᠤᠷᠤᠯᠴᠠᠬᠤ ᠶᠢ ᠬᠦᠰᠡᠵᠦ ᠪᠠᠶᠢᠨ᠎ᠠ᠂ ᠡᠭᠦᠨ ᠤ ᠬᠠᠮᠲᠤ ᠡᠨᠡ ᠤᠳᠠᠭ᠎ᠠ ᠶᠢᠨ ᠲᠣᠭᠯᠠᠯᠲᠠ ᠪᠠᠷ ᠳᠠᠮᠵᠢᠨ᠂ ᠪᠢᠳᠡ ᠬᠠᠷᠢᠯᠴᠠᠨ ᠣᠶᠢᠯᠠᠭᠠᠯᠴᠠᠵᠤ᠂ ᠬᠤᠵᠢᠮ ᠪᠢᠳᠡ ᠪᠠᠰᠠ ᠲᠠᠯ᠎ᠠ ᠨᠤᠲᠤᠭ ᠲᠤ ᠬᠦᠷᠴᠦ ᠲᠣᠭᠯᠠᠯᠲᠠ ᠭᠠᠷᠭᠠᠵᠤ ᠪᠠᠶᠢᠨ᠎ᠠ᠃》 ᠭᠡᠵᠦ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠤᠷᠠᠯᠢᠭ ᠤᠨ ᠪᠦᠯᠬᠦᠮ ᠤᠨ ᠤᠯᠤᠰ ᠲᠥᠷᠥ ᠶᠢᠨ ᠭᠡᠰᠢᠭᠦᠨ ‍ᠬᠤ` ᠲᠢᠶᠧ ᠵᠢᠶᠦ᠋ᠨ ᠬᠡᠯᠡᠨ᠎ᠡ᠃
12.24+9.jpg
       ᠵᠢᠷᠤᠭ ᠪᠣᠯ ᠳᠥᠷᠪᠡᠳ ᠬᠤᠰᠢᠭᠤᠨ ᠤ ᠤᠯᠠᠭᠠᠨᠮᠦ᠋ᠴᠢᠷ ᠤᠨ ᠡᠧᠦ᠋ᠷᠤᠫᠠ ᠠᠽᠢᠶ᠎ᠠ ᠶᠢᠨ ᠬᠤᠳᠠᠯᠳᠤᠭᠠᠨ ᠤ ᠲᠠᠯᠠᠪᠠᠢ ᠳᠤ ᠲᠣᠭᠯᠠᠯᠲᠠ ᠭᠠᠷᠭᠠᠵᠤ ᠪᠠᠶᠢᠭ᠎ᠠ ᠨᠢ
12.24+10.jpg
        ᠣᠶᠢᠷ᠎ᠠ ᠶᠢᠨ ᠵᠢᠯ ᠳᠤ᠂ ᠳᠥᠷᠪᠡᠳ ᠬᠤᠰᠢᠭᠤ ᠵᠤᠨ ᠤ ᠤᠯᠠᠷᠢᠯ ᠤᠨ ᠵᠤᠭᠠᠴᠠᠭᠰᠠᠳ ᠤᠨ ᠨᠠᠭᠠᠳᠤᠮ᠂ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠭᠠᠳᠤᠮ᠂ ᠳᠠᠭᠤᠤ ᠬᠥᠭᠵᠢᠮ ᠤᠨ ᠨᠠᠶᠢᠷ᠂ ᠬᠤᠨᠢ ᠢᠮᠠᠭᠠᠨ ᠤ ᠬᠤᠯᠢᠮᠠᠭ ᠠᠮᠲᠠᠲᠤ ᠢᠳᠡᠭᠡᠨ ᠤ ᠨᠠᠶᠢᠷ ᠵᠡᠷᠭᠡ ᠰᠣᠶᠣᠯ ᠵᠢᠭᠤᠯᠴᠢᠯᠠᠯ ᠤᠨ ᠨᠠᠶᠢᠷ ᠢ ᠠᠮᠵᠢᠯᠲᠠᠲᠠᠢ ᠡᠷᠬᠢᠯᠡᠵᠦ᠂ ᠵᠢᠭᠤᠯᠴᠢᠯᠠᠯ ᠤᠨ ᠲᠥᠷᠥᠯ ᠲᠡᠮᠳᠡᠭ ᠢ ᠡᠭᠦᠳᠬᠦ ᠪᠠᠷ ᠴᠢᠷᠮᠠᠶᠢᠵᠤ᠂ ᠵᠢᠭᠤᠯᠴᠢᠯᠠᠯ ᠤᠨ ᠡᠬᠢ ᠪᠠᠶᠠᠯᠢᠭ ᠢ ᠶᠡᠬᠡᠪᠡᠷ ᠤᠬᠠᠭᠤᠯᠵᠤ᠂ ᠵᠢᠭᠤᠯᠴᠢᠯᠠᠯ ᠤᠨ ᠦᠢᠯᠡᠰ ᠤᠨ 《 ᠳᠦᠷᠡᠯᠵᠡᠭᠡᠨ 》 ᠶᠢ ᠬᠦᠴᠦᠯᠡᠨ ᠠᠬᠢᠭᠤᠯᠪᠠ᠃《 ᠦᠵᠡᠰᠬᠦᠯᠡᠩᠲᠦ ᠰᠠᠶᠢᠬᠠᠨ ᠳᠥᠷᠪᠡᠨ ᠬᠡᠦᠬᠡᠳ ᠸᠠᠩ ᠤᠨ ᠣᠷᠳᠣᠨ ᠤ ᠠᠷᠤ ᠴᠡᠴᠡᠷᠯᠢᠭ 》 ᠤᠨ ᠲᠥᠷᠥᠯ ᠲᠡᠮᠳᠡᠭ ᠢ ᠬᠠᠩᠭᠢᠨᠠᠲᠠᠯ᠎ᠠ ᠴᠤᠤᠷᠢᠶᠠᠲᠤᠭᠤᠯᠤᠨ᠎ᠠ᠂ ᠣᠷᠣᠨ ᠨᠤᠲᠤᠭ ᠤᠨ ᠣᠨᠴᠠᠯᠢᠭ ᠢ ᠭᠠᠳᠠᠭᠰᠢ ᠬᠠᠷᠠᠭᠤᠯᠬᠤ ᠶᠢᠨ ᠵᠡᠷᠭᠡᠪᠡᠷ᠂ ᠳᠥᠷᠪᠡᠳ ᠬᠤᠰᠢᠭᠤ ᠪᠠᠰᠠ ᠦᠵᠡᠰᠬᠦᠯᠡᠩᠲᠦ ᠰᠠᠶᠢᠬᠠᠨ ᠦᠵᠡᠮᠵᠢ᠂ ᠠᠮᠲᠠᠲᠤ ᠢᠳᠡᠭᠡᠨ ᠢᠶᠠᠷ ᠨᠠᠶᠢᠵᠠ ᠨᠠᠷ ᠢᠶᠠᠨ ᠬᠠᠮᠲᠤᠪᠠᠷ ᠪᠠᠶᠢᠭᠠᠯᠢ ᠶᠢᠨ ᠪᠡᠯᠴᠢᠭᠡᠷ᠂ ᠪᠠᠶᠢᠭᠠᠯᠢ ᠶᠢᠨ ᠦᠵᠡᠮᠵᠢ᠂ ᠲᠡᠦᠬᠡ ᠶᠢᠨ ᠦᠯᠡᠳᠡᠭᠳᠡᠯ ᠤᠨ ᠥᠪᠡᠷᠮᠢᠴᠡ ᠷᠢᠳᠢ ᠰᠢᠳᠢ ᠶᠢ ᠡᠳ᠋ᠯᠡᠵᠦ ᠴᠢᠳᠠᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2