ᠵᠠᠩᠭᠠᠨ ᠰᠤᠮᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ︽ᠨᠠᠮ ᠤᠨ ᠠᠴᠢ | ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ | ᠭᠦᠨᠵᠡᠭᠡᠢ ᠬᠡᠷᠡᠭᠵᠢᠭᠦᠯᠬᠦ ᠶᠢ ᠯᠠᠪᠳᠠᠭᠤᠨ ᠪᠠᠲᠤᠲᠠᠢ ᠪᠠᠷ ᠠᠬᠢᠭᠤᠯᠪᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠢᠶᠠᠩ ᠠᠨ ᠰᠤᠮᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠣᠢ ᠪᠣᠯᠭᠠᠬᠤ ᠪᠠᠷ | ᠭᠤᠣᠯ ᠱᠤᠭᠤᠮ ᠪᠣᠯᠭᠠᠵᠤ᠂ 《 ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ 》 ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ 《 ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ 》 ᠶᠢ ᠮᠡᠳᠡᠭᠳᠡᠬᠦ᠂ 《 ᠵᠢᠷᠭᠤᠭᠠᠨ ᠪᠠᠳᠠᠭ ᠦᠭᠡ ᠶᠢᠨ ᠪᠣᠳᠠᠲᠤ | ᠶᠠᠪᠤᠳᠠᠯ ᠪᠠ ᠶᠣᠰᠣ 》 ᠢ ᠤᠬᠠᠭᠤᠯᠬᠤ᠂ 《 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ 》 ᠢ ᠰᠠᠶᠢᠲᠤᠷ | ᠬᠢᠬᠦ ᠳᠡᠭᠡᠷ᠎ᠡ ᠬᠦᠴᠦ ᠲᠠᠯᠪᠢᠵᠤ᠂ ᠬᠢᠯᠢ ᠬᠢᠵᠠᠭᠠᠷ ᠣᠷᠣᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠪᠦᠬᠦ | ᠲᠠᠯ᠎ᠠ ᠪᠠᠷ ᠬᠥᠲᠥᠯᠦᠨ ᠵᠢᠯᠣᠭᠤᠳᠴᠤ ᠴᠠᠭ ᠢᠮᠠᠭᠲᠠ ᠨᠠᠮ ᠪᠠ ᠲᠦᠮᠡᠨ ᠤ ᠬᠠᠶᠢᠷ᠎ᠠ ᠬᠠᠯᠠᠮᠵᠢ ᠶᠢ ᠦᠯᠦ ᠮᠠᠷᠲᠠᠨ᠂ | ᠡᠷᠡᠰ ᠭᠤᠶᠢᠪᠢᠰᠢ ᠦᠭᠡᠢ ᠨᠠᠮ ᠤᠨ ᠡᠮᠦᠨ᠎ᠡ ᠠᠴᠠ ᠭᠤᠶᠢᠪᠢᠰᠢ ᠦᠭᠡᠢ ᠳᠠᠭᠠᠵᠤ᠂ ᠰᠡᠳᠬᠢᠯ ᠨᠢᠭᠡᠳᠦᠨ ᠰᠢᠨ᠎ᠡ | ᠠᠶᠠᠨ ᠢᠶᠠᠨ ᠪᠡᠶᠡᠯᠡᠭᠦᠯᠬᠦ ᠪᠠᠷ ᠴᠢᠷᠮᠠᠶᠢᠨ᠎ᠠ᠃ | | | | | | | | ᠬᠠᠯᠠᠭᠤᠨ ᠰᠡᠳᠬᠢᠯ ᠢᠶᠠᠷ ᠡᠷᠦᠬᠡ ᠳᠤ ᠣᠷᠣᠵᠤ ᠨᠠᠷᠢᠨ ᠮᠡᠳᠡᠭᠦᠯᠬᠦ | 《 ᠨᠢᠭᠡ ᠶᠢ ᠳᠠᠭᠠᠭᠠᠴᠢᠯᠠᠵᠤ᠂ ᠬᠤᠶᠠᠷ ᠢ ᠬᠤᠯᠪᠣᠵᠤ᠂ ᠭᠤᠷᠪᠠ ᠶᠢ ᠡᠷᠦᠬᠡ ᠳᠤ ᠣᠷᠣᠭᠤᠯᠬᠤ 》 ᠳᠤ | ᠲᠦᠰᠢᠭᠯᠡᠨ᠂ ᠰᠤᠮᠤ ᠶᠢᠨ ᠡᠯ᠎ᠡ ᠱᠠᠲᠤᠨ ᠤ ᠺᠠᠳ᠋ᠷ ᠮᠠᠯᠴᠢᠨ ᠲᠦᠮᠡᠨ ᠤ ᠭᠡᠷ ᠲᠤ ᠭᠦᠨᠵᠡᠭᠡᠶᠢᠷᠡᠨ᠂ ᠨᠢᠭᠡ ᠡᠷᠦᠬᠡ ᠶᠢ | ᠣᠷᠬᠢᠭᠳᠠᠭᠤᠯᠬᠤ ᠦᠭᠡᠢ ᠪᠠᠶᠢᠬᠤ ᠵᠠᠷᠴᠢᠮ ᠶᠣᠰᠣᠭᠠᠷ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠵᠤ᠂ ᠭᠡᠷ | ᠵᠠᠭᠤᠷ᠎ᠠ ᠶᠢᠨ᠂ ᠲᠥᠭᠡᠷᠢᠭᠳᠡᠯ ᠢ ᠠᠯᠳᠠᠷᠠᠭᠠᠬᠤ᠂ ᠪᠣᠳᠠᠲᠠᠢ ᠶᠠᠪᠤᠳᠠᠯ ᠬᠢᠬᠦ ᠠᠷᠭ᠎ᠠ ᠮᠠᠶ᠋ᠢᠭ ᠢᠶᠠᠷ ᠣᠯᠠᠨ ᠲᠦᠮᠡᠨ ᠳᠤ | ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠢ ᠶᠠᠷᠢᠵᠤ ᠥᠭᠭᠦᠨ᠂ | ᠣᠯᠠᠨ ᠲᠦᠮᠡᠨ ᠳᠤ 《 ᠠᠰᠢᠭ ᠬᠦᠷᠲᠡᠭᠡᠬᠦ 》 ᠨᠢ ᠬᠠᠮᠢᠭ᠎ᠠ ᠠᠴᠠ ᠢᠷᠡᠭᠰᠡᠨ᠂ 《 ᠠᠰᠢᠭ ᠬᠦᠷᠲᠡᠭᠡᠬᠦ 》 ᠨᠢ | ᠬᠠᠮᠢᠭ᠎ᠠ ᠪᠠᠶᠢᠬᠤ ᠶᠢ ᠣᠶᠢᠯᠠᠭᠠᠭᠤᠯᠬᠤ ᠶᠢᠨ ᠬᠠᠮᠲᠤ᠂ ᠣᠯᠠᠨ ᠲᠦᠮᠡᠨ ᠤ ᠦᠵᠡᠯ ᠰᠠᠨᠠᠭ᠎ᠠ ᠶᠢ ᠴᠠᠭ ᠲᠤᠬᠠᠢ ᠳᠤᠨᠢ | ᠡᠵᠡᠮᠰᠢᠨ᠂ ᠣᠯᠠᠨ ᠲᠦᠮᠡᠨ ᠤ 《 ᠰᠡᠳᠬᠢᠯ ᠵᠣᠪᠠᠵᠤ ᠪᠠᠶᠢᠭ᠎ᠠ ᠶᠠᠪᠤᠳᠠᠯ 》 ᠢ ᠦᠨᠡᠨᠬᠦ ᠰᠢᠢᠳᠪᠦᠷᠢᠯᠡᠬᠦ ᠬᠡᠷᠡᠭᠲᠡᠢ | ᠃ ᠵᠢᠯ ᠤᠨ ᠳᠣᠲᠣᠷ᠎ᠠ ᠡᠮᠨᠡᠯᠭᠡ ᠶᠢᠨ ᠳᠠᠭᠠᠳᠬᠠᠯ᠂ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ᠂ ᠬᠤᠯᠤᠭᠠᠨ᠎ᠠ | ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ | 2300 ᠭᠠᠷᠤᠢ ᠬᠤᠪᠢ ᠲᠠᠷᠬᠠᠭᠠᠵᠤ᠂ 《 ᠠᠷᠠᠳ ᠲᠤ ᠪᠣᠳᠠᠲᠠᠢ ᠶᠠᠪᠤᠳᠠᠯ ᠬᠢᠵᠦ ᠥᠭᠬᠦ 》 ᠠᠵᠢᠯᠯᠠᠭ᠎ᠠ ᠶᠢ | 12 ᠤᠳᠠᠭ᠎ᠠ ᠥᠷᠨᠢᠭᠦᠯᠦᠨ᠂ 35 《 ᠵᠠᠩᠭᠢᠯᠠᠭ᠎ᠠ ᠶᠢᠨ ᠵᠢᠵᠢᠭ ᠶᠠᠪᠤᠳᠠᠯ 》 ᠢ ᠰᠢᠢᠳᠪᠦᠷᠢᠯᠡᠵᠦ᠂ ᠠᠷᠠᠳ ᠤᠨ | ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ | ᠮᠠᠯᠴᠢᠨ ᠲᠦᠮᠡᠨ ᠤ ᠬᠠᠨᠤᠮᠵᠢᠲᠠᠢ ᠪᠠᠶᠢᠬᠤ ᠬᠡᠮᠵᠢᠶ᠎ᠡ᠂ ᠬᠦᠷᠲᠡᠭᠡᠮᠵᠢ ᠲᠠᠢ ᠪᠠᠶᠢᠬᠤ ᠰᠡᠳᠬᠢᠯᠭᠡ᠂ ᠵᠣᠯ ᠵᠢᠷᠭᠠᠯᠲᠤ | ᠰᠡᠳᠬᠢᠯᠭᠡ ᠶᠢ ᠦᠨᠡᠨᠬᠦ ᠳᠡᠭᠡᠭᠰᠢᠯᠡᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠢ ᠨᠡᠩ ᠰᠠᠶᠢᠲᠤᠷ ᠬᠥᠲᠥᠯᠦᠨ | ᠵᠢᠯᠣᠭᠤᠳᠴᠤ ᠨᠠᠮ ᠤᠨ ᠠᠴᠢ ᠡᠨᠡᠷᠢᠯ ᠢ ᠣᠶᠢᠯᠠᠭᠠᠭᠤᠯᠵᠤ᠂ ᠨᠠᠮ ᠤᠨ ᠭᠡᠰᠢᠭᠦᠨ ᠲᠦᠮᠡᠨ ᠢ ᠳᠠᠭᠠᠭᠤᠯᠤᠨ ᠶᠠᠪᠤᠵᠤ | ᠪᠣᠯᠤᠨ᠎ᠠ᠃ | | | | | | | | ᠣᠯᠠᠨ ᠤ ᠮᠠᠳᠠᠭ ᠢ ᠠᠯᠳᠠᠷᠭᠠᠵᠤ | ᠮᠠᠯᠴᠢᠨ ᠲᠦᠮᠡᠨ ᠤ ᠲᠥᠷᠥ ᠶᠢᠨ ᠪᠣᠳᠣᠯᠭ᠎ᠠ ᠶᠢᠨ ᠲᠤᠬᠠᠢ ᠮᠡᠳᠡᠵᠦ ᠣᠶᠢᠯᠠᠭᠠᠬᠤ ᠶᠢ ᠴᠢᠩᠭᠠᠳᠬᠠᠵᠤ᠂ | ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠤᠯᠠᠮ ᠴᠢᠨᠠᠭᠰᠢᠳᠠ ᠬᠥᠭᠵᠢᠭᠦᠯᠬᠦ ᠶᠢᠨ ᠲᠥᠯᠥᠭᠡ᠂ ᠰᠤᠮᠤ 《 ᠺᠠᠳ᠋ᠷ | ᠬᠡᠯᠡᠵᠦ᠂ ᠣᠯᠠᠨ ᠲᠦᠮᠡᠨ ᠰᠣᠨᠣᠰᠬᠤ 》 ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ᠂ᠣᠯᠠᠨ ᠲᠦᠮᠡᠨ | ᠡᠷᠬᠢᠮᠯᠡᠬᠦ᠂ ᠺᠠᠳ᠋ᠷᠴᠤᠳ ᠰᠣᠨᠣᠰᠬᠤ︾ ᠬᠡᠯᠪᠡᠷᠢ ᠪᠠᠷ ᠺᠠᠳ᠋ᠷ ᠣᠯᠠᠨ ᠲᠦᠮᠡᠨ ᠤ ᠦᠨᠡᠨᠴᠢ ᠪᠠᠷ ᠶᠠᠷᠢᠯᠴᠠᠬᠤ ᠬᠤᠷᠠᠯ | ᠬᠢᠵᠦ᠃ᠵᠡᠮᠳᠡᠭᠴᠦᠳ ᠪᠠ ᠬᠢᠨᠠᠨ ᠰᠢᠯᠭᠠᠬᠤ ᠡᠲᠡᠭᠡᠳ ᠢ ᠣᠷᠣᠭᠤᠯᠬᠤ᠂ ᠬᠤᠷᠰᠢᠭᠰᠠᠨ ᠡᠮᠨᠡᠯᠭᠡ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠪᠤᠨ ᠪᠠᠲᠤᠯᠠᠭ᠎ᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ | ᠥᠷᠭᠡᠨ ᠣᠯᠠᠨ ᠮᠠᠯᠴᠢᠳ ᠲᠤ ᠨᠡᠶᠢᠳᠡᠮ ᠨᠡᠶᠢᠳᠡᠮ ᠤᠬᠠᠭᠤᠯᠤᠨ ᠲᠠᠶᠢᠯᠪᠤᠷᠢᠯᠠᠵᠤ᠂ ᠮᠠᠯᠴᠢᠨ ᠲᠦᠮᠡᠨ ᠤ | ᠳᠤᠷᠠᠳᠤᠭᠰᠠᠨ ᠠᠰᠠᠭᠤᠳᠠᠯ ᠢ ᠬᠢᠨᠠᠮᠠᠭᠠᠢ ᠰᠤᠳᠤᠯᠤᠨ᠂ ᠴᠠᠭ ᠬᠤᠭᠤᠴᠠᠭ᠎ᠠ ᠬᠢᠵᠠᠭᠠᠷᠯᠠᠨ ᠰᠢᠮᠳᠠᠭᠤᠯᠤᠨ | ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠷᠠᠳ ᠤᠨ ᠰᠡᠳᠬᠢᠯ ᠢ ᠨᠢᠭᠲᠡᠷᠠᠭᠤᠯᠤᠨ᠂ ᠠᠷᠠᠳ ᠤᠨ ᠬᠦᠴᠦᠨ ᠢ | ᠨᠢᠭᠲᠡᠷᠠᠭᠤᠯᠤᠨ᠂ ᠠᠷᠠᠳ ᠤᠨ ᠣᠶᠤᠨ ᠤᠬᠠᠭᠠᠨ ᠢ ᠨᠡᠮᠡᠷᠢᠯᠡᠨ᠎ᠡ᠃ᠣᠳᠣᠬᠠᠨ ᠪᠣᠯᠲᠠᠯ᠎ᠠ᠂ ᠵᠠᠩᠭᠠᠨ ᠰᠤᠮᠤ ᠺᠠᠳ᠋ᠷ | ᠣᠯᠠᠨ ᠲᠦᠮᠡᠨ ᠤ ᠦᠨᠡᠨᠴᠢ ᠪᠠᠷ ᠶᠠᠷᠢᠯᠴᠠᠬᠤ ᠬᠤᠷᠠᠯ 8 ᠲᠠᠯᠠᠪᠠᠢ ᠬᠤᠷᠠᠯᠳᠤᠭᠤᠯᠵᠤ᠂ ᠣᠯᠠᠨ ᠲᠦᠮᠡᠨ ᠤ | ᠬᠠᠯᠠᠮᠰᠢᠯ᠂ ᠬᠦᠴᠢᠷ᠂ ᠲᠦᠭᠰᠢᠯᠲᠡ ᠶᠢᠨ ᠠᠰᠠᠭᠤᠳᠠᠯ 15᠂ ᠰᠠᠨᠠᠯ ᠰᠠᠨᠠᠭᠤᠯᠭ᠎ᠠ 10 ᠵᠤᠷᠪᠤᠰ ᠴᠤᠭᠯᠠᠭᠤᠯᠤᠨ᠂ | ᠠᠬᠤᠢ ᠲᠠᠯᠠᠪᠠᠢ ᠳᠤ 22 ᠠᠰᠠᠭᠤᠳᠠᠯ ᠢ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭᠠᠲᠤ | ᠰᠡᠳᠬᠢᠯᠭᠡ ᠪᠣᠯᠤᠨ ᠮᠠᠯᠴᠢᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠢᠲᠡᠭᠡᠯ | ᠵᠣᠷᠢᠭ ᠢ ᠪᠦᠲᠦᠮᠵᠢᠲᠡᠢ ᠨᠡᠮᠡᠭᠳᠡᠭᠦᠯᠦᠭᠰᠡᠨ ᠪᠠᠶᠢᠨ᠎ᠠ᠃ | | | | | | | | ᠤᠬᠠᠭᠤᠯᠵᠤ ᠬᠥᠲᠥᠯᠦᠨ ᠳᠠᠭᠠᠭᠤᠯᠵᠤ ᠬᠠᠮᠲᠤ ᠶᠢᠨ ᠲᠠᠨᠢᠯᠲᠠ ᠶᠢ ᠲᠥᠪᠯᠡᠷᠡᠭᠦᠯᠬᠦ | ᠵᠠᠩᠭᠠᠨ ᠰᠤᠮᠤ ᠬᠥᠨᠳᠡᠯᠡᠨ ᠪᠢᠴᠢᠭᠡᠰᠦ᠂ ᠦᠵᠡᠭᠦᠯᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ ᠪᠤᠯᠤᠩ᠂ | ᠡᠯᠧᠺᠳ᠋ᠷᠣᠨ ᠳᠡᠯᠭᠡᠴᠡ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ᠂ ᠰᠤᠮᠤ ᠶᠢᠨ ᠬᠡᠪᠴᠢᠶᠡᠨ ᠳᠣᠲᠣᠷ᠎ᠠ 《 | ᠵᠢᠷᠭᠤᠭᠠᠨ ᠦᠭᠡᠨ ᠤ ᠪᠣᠳᠠᠲᠤ ᠶᠠᠪᠤᠳᠠᠯ ᠪᠠ ᠶᠣᠰᠣ 》᠂ ᠡᠮᠴᠢᠯᠡᠭᠡᠨ ᠤ ᠨᠥᠬᠦᠪᠥᠷᠢ᠂ ᠠᠵᠢᠯ ᠣᠯᠭᠤᠬᠤ | ᠨᠥᠬᠦᠪᠥᠷᠢ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠯᠠᠨ ᠲᠦᠮᠡᠨ ᠤ | ᠰᠤᠷᠭᠠᠨ ᠬᠥᠮᠦᠵᠢᠯ ᠤᠨ ᠠᠭᠤᠷ ᠠᠮᠢᠰᠬᠤᠯ ᠢ ᠪᠣᠢ ᠪᠣᠯᠭᠠᠨ᠎ᠠ᠃《 ᠣᠷᠣᠯᠭ᠎ᠠ ᠶᠢᠨ ᠳᠠᠩᠰᠠ 》 ᠶᠢ ᠲᠣᠳᠣᠷᠬᠠᠢ | ᠪᠣᠳᠣᠵᠤ᠂ 《 ᠪᠦᠬᠦᠨ ᠳᠤ ᠲᠣᠬᠢᠷᠠᠬᠤ ᠺᠠᠷᠲ 》 ᠢ ᠲᠠᠶᠢᠯᠪᠤᠷᠢᠯᠠᠬᠤ ᠪᠠᠷ ᠳᠠᠮᠵᠢᠭᠤᠯᠤᠨ ᠦᠨᠳᠦᠰᠦᠲᠡᠨ | ᠨᠦᠭᠦᠳ ᠤᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ 《 ᠵᠢᠷᠭᠤᠭᠠᠨ ᠦᠭᠡ ᠶᠢᠨ ᠪᠣᠳᠠᠲᠤ | ᠶᠠᠪᠤᠳᠠᠯ ᠪᠠ ᠶᠣᠰᠣ 》 ᠢ ᠭᠦᠨᠵᠡᠭᠡᠢ ᠲᠠᠨᠢᠭᠤᠯᠵᠤ᠂ ᠡᠪ ᠬᠠᠮᠲᠤ ᠨᠠᠮ ᠪᠠᠶᠢᠬᠤ ᠥᠬᠡᠢ ᠪᠣᠯ ᠮᠠᠨ ᠤ ᠥᠨᠥᠳᠥᠷ ᠤᠨ | ᠵᠣᠯ ᠵᠢᠷᠭᠠᠯᠲᠤ ᠠᠮᠢᠳᠤᠷᠠᠯ ᠪᠠᠶᠢᠬᠤ ᠥᠬᠡᠢ᠂ ᠣᠯᠠᠨ ᠲᠦᠮᠡᠨ ᠳᠤ 《 ᠨᠠᠮ ᠤᠨ ᠠᠴᠢ ᠡᠨᠡᠷᠢᠯ ᠳᠤ ᠲᠠᠯᠠᠷᠬᠠᠬᠤ᠂ | ᠨᠠᠮ ᠤᠨ ᠦᠭᠡ ᠰᠣᠨᠣᠰᠬᠤ᠂ ᠨᠠᠮ ᠢᠶᠠᠨ ᠳᠠᠭᠠᠬᠤ 》 ᠶᠢ ᠭᠦᠨᠵᠡᠭᠡᠢ ᠲᠠᠨᠢᠭᠤᠯᠵᠤ᠂ 《 ᠨᠠᠮ ᠢᠶᠠᠨ ᠬᠠᠶᠢᠷᠠᠯᠠᠬᠤ᠂ | ᠡᠬᠡ ᠤᠯᠤᠰ ᠢᠶᠠᠨ ᠬᠠᠶᠢᠷᠠᠯᠠᠬᠤ᠂ ᠭᠡᠷ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ 》 ᠴᠢᠩᠭ᠎ᠠ ᠳᠠᠭᠠᠵᠤ | ᠶᠠᠪᠤᠬᠤ 》 ᠴᠢᠩᠭ᠎ᠠ ᠬᠠᠮᠲᠤ ᠶᠢᠨ ᠲᠠᠨᠢᠯᠲᠠ ᠶᠢ ᠪᠣᠢ ᠪᠣᠯᠭᠠᠬᠤ ᠬᠡᠷᠡᠭᠲᠡᠢ᠃ | ᠳᠠᠷᠠᠭᠠᠴᠢ ᠶᠢᠨ ᠠᠯᠬᠤᠮ ᠳᠤ᠂ ᠵᠠᠩᠭᠠᠨ ᠰᠤᠮᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠦᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠡᠳᠬᠢᠯ ᠤᠨ ᠶᠠᠷᠢᠯᠴᠠᠭ᠎ᠠ᠂ ᠡᠷᠦᠬᠡ ᠳᠤ ᠬᠦᠷᠴᠦ | ᠤᠬᠠᠭᠤᠯᠤᠨ ᠶᠠᠷᠢᠬᠤ᠂ ᠰᠠᠨᠠᠯ ᠬᠤᠷᠢᠶᠠᠬᠤ ᠵᠡᠷᠭᠡ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ | ᠣᠯᠠᠨ ᠲᠦᠮᠡᠨ ᠤ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠤᠪᠢᠷᠠᠭᠤᠯᠵᠤ᠂ ᠣᠯᠠᠨ | ᠲᠦᠮᠡᠨ ᠤ 《 ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ | 》 ᠪᠠᠲᠤ ᠢᠲᠡᠭᠡᠯ ᠪᠠ ᠡᠷᠡᠰ ᠵᠣᠷᠢᠭ ᠢ ᠤᠯᠠᠮ ᠴᠢᠨᠠᠭᠰᠢᠳᠠ ᠬᠥᠭᠵᠢᠭᠡᠵᠦ᠂ ᠨᠠᠮ ᠤᠨ ᠳᠠᠭᠤᠨ ᠢ ᠡᠬᠡ | ᠤᠯᠤᠰ ᠤᠨ ᠤᠮᠠᠷᠠᠲᠤ ᠬᠢᠯᠢ ᠳᠤ ᠨᠡᠩ ᠬᠠᠩᠭᠢᠨᠠᠭᠤᠯᠤᠨ᠎ᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |