ᠬᠤᠵᠢᠷᠲᠤ ᠰᠢᠶᠠᠩ ᠨᠠᠮ ᠤᠨ ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯᠤᠨ ᠠᠷᠠᠳ ᠲᠤ ᠳᠥᠭᠦᠮ ᠦᠢᠯᠡᠴᠢᠯᠡᠭᠡᠨ ᠤ ᠥᠷᠲᠡᠭᠡ ᠪᠠᠨ ᠵᠠᠰᠠᠨ ᠰᠠᠶᠢᠵᠢᠷᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ
ᠨᠡᠶᠢᠲᠡᠯᠡᠭᠰᠡᠨ ᠴᠠᠭ᠄
2024/12/3
      ᠬᠤᠵᠢᠷᠲᠤ ᠰᠢᠶᠠᠩ ᠨᠠᠮ ᠤᠨ ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯᠤᠨ ᠠᠷᠠᠳ ᠲᠤ ᠳᠥᠭᠦᠮ ᠦᠢᠯᠡᠴᠢᠯᠡᠭᠡᠨ ᠤ ᠥᠷᠲᠡᠭᠡ ᠪᠠᠨ ᠵᠠᠰᠠᠨ ᠰᠠᠶᠢᠵᠢᠷᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ      ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠦᠨᠡᠨ ᠬᠦ ᠰᠠᠶᠢᠲᠤᠷ ᠪᠠᠶᠢᠭᠤᠯᠵᠤ᠂ ᠦᠨᠳᠦᠰᠦᠨ ᠱᠠᠲᠤᠨ ᠤ ᠨᠠᠮ ᠣᠯᠠᠨ ᠲᠦᠮᠡᠨ ᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠬᠤᠵᠢᠷᠲᠤ ᠰᠢᠶᠠᠩ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ 《 ᠲᠣᠰᠬᠤᠨ ᠠᠴᠠ ᠪᠣᠳᠣᠯᠭ᠎ᠠ ᠬᠡᠷᠡᠭᠵᠢᠭᠦᠯᠵᠦ ᠂ ᠵᠣᠬᠢᠰᠲᠠᠢ ᠪᠠᠶᠢᠷᠢᠯᠠᠭᠤᠯᠵᠤ᠂ ᠪᠠᠶᠢᠪᠠᠰᠤ ᠵᠣᠬᠢᠬᠤ ᠵᠦᠢᠯ ᠪᠠᠶᠢᠬᠤ 》 ᠵᠠᠷᠴᠢᠮ ᠢᠶᠠᠷ᠂ ᠬᠠᠷᠢᠶ᠎ᠠ ᠲᠣᠭᠤᠷᠢᠭ ᠤᠨ ᠡᠯ᠎ᠡ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠵᠢᠴᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠳᠤ ᠵᠢᠷᠤᠮᠵᠢᠯ ᠲᠠᠢ ᠲᠣᠬᠢᠷᠠᠭᠤᠯᠤᠯᠲᠠ ᠬᠢᠵᠦ᠂ ᠪᠦᠬᠦ ᠰᠢᠶᠠᠩ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ  ᠵᠢᠭᠰᠠᠭᠠᠯ ᠤᠨ ᠭᠠᠵᠠᠷ ᠢ ᠲᠡᠰ ᠳᠡᠪᠰᠢᠭᠦᠯᠦᠨ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠦᠨᠳᠦᠰᠦᠨ ᠱᠠᠲᠤᠨ ᠤ ᠳᠠᠶᠢᠴᠢᠨ ᠪᠠᠬᠢᠯᠡᠯᠲᠡ ᠶᠢᠨ ᠪᠠᠲᠤᠵᠢᠭᠤᠯᠵᠤ᠂ ᠣᠯᠠᠨ ᠲᠦᠮᠡᠨ ᠳᠤ ᠦᠢᠯᠡᠴᠢᠯᠡᠬᠦ 《 ᠬᠠᠯᠠᠭᠤᠨ ᠳᠤᠯᠠᠭᠠᠨ ᠭᠡᠷ ᠣᠷᠣᠨ 》 ᠢ ᠴᠣᠭᠴᠠᠯᠠᠨ ᠪᠠᠶᠢᠭᠤᠯᠤᠨ᠎ᠠ᠃
12.2+1.jpg
      ᠣᠳᠣ ᠪᠠᠶᠢᠭ᠎ᠠ ᠡᠬᠢ ᠪᠠᠶᠠᠯᠢᠭ ᠢᠶᠠᠨ ᠨᠡᠶᠢᠯᠡᠭᠦᠯᠵᠦ᠂ ᠵᠢᠭᠰᠠᠭᠠᠯ ᠤᠨ ᠭᠠᠵᠠᠷ ᠢ 《 ᠭᠡᠷᠡᠯᠲᠦᠭᠦᠯᠬᠦ 》 ᠬᠡᠷᠡᠭᠲᠡᠢ᠃《 ᠰᠢᠰᠲ᠋ᠧᠮ ᠲᠠᠢ ᠲᠥᠰᠥᠪᠯᠡᠬᠦ᠂ ᠪᠦᠬᠦ ᠲᠠᠯ᠎ᠠ ᠪᠠᠷ ᠲᠦᠯᠬᠢᠨ ᠠᠬᠢᠭᠤᠯᠬᠤ 》 ᠠᠵᠢᠯ ᠤᠨ ᠰᠡᠳᠬᠢᠴᠡ ᠶᠢ ᠪᠠᠷᠢᠮᠲᠠᠯᠠᠨ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠦᠢᠯᠡᠴᠢᠯᠡᠭᠡᠨ ᠤ ᠴᠣᠩᠬᠤᠪᠴᠢ ᠶᠢ ᠨᠢᠭᠡᠳᠬᠡᠨ᠂ 《 ᠪᠠᠭ᠎ᠠ ᠮᠣᠷᠢᠳ ᠶᠡᠭᠡ ᠲᠡᠷᠭᠡ ᠲᠠᠲᠠᠬᠤ 》 ᠪᠠᠶᠢᠳᠠᠯ ᠢ ᠬᠤᠷᠢᠭᠯᠠᠵᠤ᠂ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠦᠨ᠂ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠣᠯᠠᠨ ᠲᠦᠮᠡᠨ ᠵᠢᠴᠢ ᠬᠥᠮᠦᠰ ᠤᠨ ᠠᠯᠪᠠᠨ ᠶᠠᠪᠤᠳᠠᠯ ᠡᠯ᠎ᠡ ᠲᠠᠯ᠎ᠠ ᠶᠢᠨ ᠬᠦᠴᠢᠷᠳᠡᠯ ᠢ ᠦᠨᠡᠨᠬᠦ ᠰᠢᠢᠳᠪᠦᠷᠢᠯᠡᠨ᠎ᠡ᠃
12.2+2.jpg
      ᠵᠢᠭᠰᠠᠭᠠᠯ ᠤᠨ ᠭᠠᠵᠠᠷ ᠤᠨ ᠴᠢᠳᠠᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡ ᠶᠢ 《 ᠠᠮᠢᠳᠤᠯᠢᠭ ᠪᠣᠯᠭᠠᠬᠤ 》 ᠬᠡᠷᠡᠭᠲᠡᠢ᠃ ᠪᠦᠬᠦ ᠰᠢᠶᠠᠩ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠪᠣᠳᠠᠲᠠᠢ ᠲᠠᠢ ᠤᠶᠠᠯᠳᠤᠭᠤᠯᠤᠨ᠂ ᠵᠢᠭᠰᠡᠭᠠᠯ ᠤᠨ ᠭᠠᠵᠠᠷ ᠤᠨ ᠦᠢᠯᠡᠴᠢᠯᠡᠭᠡ ᠶᠢ ᠨᠠᠷᠢᠯᠢᠭᠵᠢᠭᠤᠯᠵᠤ᠂ ᠣᠯᠠᠨ ᠲᠦᠮᠡᠨ ᠤ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠡᠷᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠯᠠᠪᠤᠷ ᠤᠨ ᠦᠢᠯᠡᠳᠦᠯ ᠢ ᠳᠡᠭᠡᠭᠰᠢᠯᠡᠭᠦᠯᠦᠨ᠎ᠡ᠃ ᠵᠣᠬᠢᠶᠠᠨ ᠪᠠᠶᠢᠭᠤᠯᠬᠤ ᠵᠢᠭᠰᠠᠭᠠᠯ ᠤᠨ ᠭᠠᠵᠠᠷ ᠢ ᠰᠠᠭᠤᠭᠠᠯᠢ ᠠᠷᠠᠳ ᠤᠨ 《 ᠡᠩ ᠤᠨ ᠦᠶ᠎ᠡ ᠳᠤ ᠢᠷᠡᠬᠦ ᠳᠤᠷᠠᠲᠠᠢ᠂ ᠤᠴᠢᠷ ᠪᠠᠶᠢᠪᠠᠯ ᠢᠷᠡᠬᠦ᠂ ᠤᠴᠢᠷ ᠶᠠᠪᠤᠳᠠᠯ ᠲᠣᠬᠢᠶᠠᠯᠳᠤᠪᠠᠯ ᠰᠢᠢᠳᠪᠦᠷᠢᠯᠡᠵᠦ ᠴᠢᠳᠠᠬᠤ 》 ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠪᠣᠯᠭᠠᠨ ᠦᠨᠡᠨᠬᠦ ᠪᠠᠶᠢᠭᠤᠯᠵᠤ ᠂ ᠣᠯᠠᠨ ᠲᠦᠮᠡᠨ ᠤ 《 ᠵᠣᠪᠠᠭᠤᠷᠢ ᠵᠦᠳᠡᠭᠦᠷᠢ ᠬᠦᠰᠡᠯ 》 ᠤᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃
12.2+3.jpg
       ᠰᠠᠭᠤᠷᠢ ᠲᠥᠬᠦᠭᠡᠷᠦᠮᠵᠢ ᠶᠢ ᠰᠢᠯᠢᠳᠡᠭᠵᠢᠭᠦᠯᠵᠦ᠂ ᠣᠯᠠᠨ ᠤ ᠬᠦᠷᠢᠶᠡᠯᠡᠯ ᠢ ᠣᠯᠪᠠ᠃ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡᠳᠬᠡᠮᠵᠢ ᠪᠦᠷᠢᠨ᠂ ᠴᠢᠳᠠᠮᠵᠢ ᠪᠦᠷᠢᠨ ᠲᠡᠭᠦᠯᠳᠡᠷ ᠠᠵᠢᠯᠯᠠᠬᠤ ᠪᠠ ᠬᠥᠳᠡᠯᠭᠡᠭᠡᠨ ᠤ ᠲᠠᠯᠠᠪᠤᠷ ᠲᠣᠬᠢᠷᠠᠭᠤᠯᠵᠤ᠂ ᠰᠠᠭᠤᠭᠠᠯᠢ ᠠᠷᠠᠳ ᠲᠤ  ᠰᠠᠨᠠᠭᠠᠴᠢᠯᠠᠭ᠎ᠠ  ᠠᠴᠠ ᠪᠠᠨ ᠨᠣᠮ ᠤᠩᠰᠢᠵᠤ ᠠᠮᠠᠷᠠᠬᠤ᠂ ᠳᠠᠷᠤᠮᠠᠯᠯᠠᠬᠤ ᠮᠠᠲ᠋ᠧᠷᠢᠶᠠᠯ᠂ ᠭᠠᠷ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠲᠥᠪᠯᠡᠷᠡᠭᠦᠯᠦᠨ ᠠᠵᠢᠯᠯᠠᠬᠤ ᠬᠡᠷᠡᠭ ᠵᠥᠪᠯᠡᠬᠦ᠂ ᠨᠠᠮ ᠤᠨ ᠭᠡᠰᠢᠭᠦᠨ ᠤ ᠠᠵᠢᠯᠯᠠᠭ᠎ᠠ᠂ ᠬᠥᠮᠦᠵᠢᠯ ᠪᠣᠯᠪᠠᠰᠣᠷᠠᠭᠤᠯᠤᠯ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠵᠢᠭᠰᠠᠭᠠᠯ ᠤᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃        ᠳᠠᠷᠠᠭᠠᠴᠢ ᠪᠠᠷ᠂ ᠬᠥᠳᠡᠭᠡ ᠲᠣᠰᠬᠤᠨ ᠢ ᠬᠥᠭᠵᠢᠭᠦᠯᠦᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠠᠵᠢᠯ ᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠠᠷᠠᠳ ᠲᠤ ᠳᠥᠭᠦᠮ ᠦᠵᠡᠭᠦᠯᠬᠦ ᠰᠢᠷᠢᠰ ᠦᠢᠯᠡᠴᠢᠯᠡᠭᠡᠨ ᠤ ᠠᠵᠢᠯᠯᠠᠭ᠎ᠠ ᠶᠢ ᠨᠠᠷᠢᠯᠢᠭ ᠲᠥᠰᠥᠪᠯᠡᠨ ᠵᠣᠬᠢᠶᠠᠨ ᠪᠠᠶᠢᠭᠤᠯᠵᠤ᠂ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠣᠯᠠᠨ ᠲᠦᠮᠡᠨ ᠳᠤ ᠨᠡᠩ ᠪᠦᠲᠦᠮᠵᠢᠲᠡᠢ ᠦᠢᠯᠡᠴᠢᠯᠡᠬᠦ ᠶᠢ ᠪᠠᠲᠤᠯᠠᠬᠤ ᠶᠢᠨ ᠬᠠᠮᠲᠤ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠶᠢ ᠦᠨᠡᠨᠬᠦ ᠳᠡᠭᠡᠭᠰᠢᠯᠡᠭᠦᠯᠦᠨ᠎ᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2