ᠶᠢᠨ ᠭᠧ ᠬᠤᠪᠴᠠᠰᠤᠨ ᠤ ᠬᠢᠵᠠᠭᠠᠷᠲᠤ ᠺᠣᠮᠫᠠᠨᠢ᠂ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ ᠳᠤ ᠬᠠᠨᠳᠢᠪ ᠡᠷᠭᠦᠭᠰᠡᠨ
ᠨᠡᠶᠢᠲᠡᠯᠡᠭᠰᠡᠨ ᠴᠠᠭ᠄
2024/12/31
      ᠶᠢᠨ ᠭᠧ ᠬᠤᠪᠴᠠᠰᠤᠨ ᠤ ᠬᠢᠵᠠᠭᠠᠷᠲᠤ ᠺᠣᠮᠫᠠᠨᠢ᠂ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ ᠳᠤ ᠬᠠᠨᠳᠢᠪ ᠡᠷᠭᠦᠭᠰᠡᠨ               ᠣᠶᠢᠷ᠎ᠠ ᠳᠤ᠂ ᠶᠢᠨ ᠭᠧ ᠬᠤᠪᠴᠠᠰᠤᠨ ᠤ ᠬᠢᠵᠠᠭᠠᠷᠲᠤ ᠺᠣᠮᠫᠠᠨᠢ ᠠᠴᠠ᠂ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ ᠳᠤ ᠬᠠᠨᠳᠢᠪ ᠬᠠᠶᠢᠷ᠎ᠠ ᠬᠠᠯᠠᠮᠵᠢ ᠬᠦᠷᠭᠡᠬᠦ ᠶᠤᠰᠤᠯᠠᠯ ᠶᠠᠪᠤᠭᠳᠠᠭᠤᠯᠤᠭᠰᠠᠨ    ᠪᠠᠶᠢᠨ᠎ᠠ ᠃          ᠶᠢᠨ ᠭᠧ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠠᠴᠠ᠂ 5 ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ ᠲᠠᠮᠢᠷ ᠤᠨ ᠬᠡᠷᠡᠭᠰᠡᠯ ᠪᠠ 5000 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠨᠳᠢᠪᠯᠠᠵᠤ᠂ ᠬᠡᠦᠬᠡᠳ ᠤᠳ ᠲᠤ ᠨᠡᠩ ᠰᠠᠶᠢᠨ ᠲᠠᠮᠢᠷ ᠤᠨ ᠪᠣᠯᠪᠠᠰᠤᠷᠠᠯ ᠤᠨ ᠨᠥᠬᠦᠴᠡᠯ ᠬᠠᠩᠭᠠᠵᠤ᠂ ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠳᠤ ᠨᠢ ᠬᠦᠴᠦ ᠨᠡᠮᠡᠷᠢᠯᠡᠬᠦ ᠶᠢᠨ ᠬᠠᠮᠲᠤ᠂ ᠡᠨᠡᠬᠦ ᠬᠤᠪᠢ ᠬᠠᠨᠳᠢᠪᠯᠠᠯᠲᠠ ᠨᠢ ᠬᠦᠴᠢᠷᠳᠡᠯᠲᠡᠢ ᠰᠤᠷᠤᠭᠴᠢᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠨᠡᠩ ᠴᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠰ ᠲᠤ ᠬᠦᠴᠦᠲᠡᠢ ᠳᠡᠮᠵᠢᠯᠭᠡ ᠦᠵᠡᠭᠦᠯᠵᠦ᠂ ᠰᠤᠷᠭᠠᠭᠤᠯᠢ ᠠᠴᠠ ᠡᠳᠡᠭᠡᠷ ᠲᠠᠮᠢᠷ ᠤᠨ ᠬᠡᠷᠡᠭᠰᠡᠯ ᠢ ᠭᠦᠢᠴᠡᠳ ᠠᠰᠢᠭᠯᠠᠵᠤ᠂ ᠬᠡᠦᠬᠡᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ᠂ ᠬᠠᠮᠲᠤ ᠶᠢᠨ ᠠᠵᠢᠯᠯᠠᠭ᠎ᠠ ᠶᠢᠨ ᠵᠣᠷᠢᠭ ᠰᠠᠨᠠᠭ᠎ᠠ ᠪᠠ ᠲᠠᠮᠢᠷ ᠤᠨ ᠤᠷᠤᠯᠳᠤᠭᠠᠨ ᠤ ᠴᠢᠳᠠᠪᠤᠷᠢ ᠶᠢ ᠬᠥᠮᠦᠵᠢᠭᠦᠯᠬᠦ ᠪᠣᠯᠤᠨ᠎ᠠ᠃          ᠬᠤᠰᠢᠭᠤᠨ ᠤ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠢᠯ ᠣᠯᠭᠤᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠠᠨᠳᠢᠪᠯᠠᠬᠤ ᠶᠣᠰᠣᠯᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠰᠦᠩ ᠰᠢᠶᠣᠣ ᠢᠦᠢ    ᠼᠠᠢ ᠴᠢᠩ ᠴᠦᠨ    ᠪᠠᠢ ᠵᠢᠶᠧ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2