ᠳᠥᠷᠪᠡᠳ ᠬᠤᠰᠢᠭᠤᠨ ᠤ ᠬᠡᠪᠴᠢᠶᠡᠨ ᠳᠤ 2024 ᠣᠨ ᠤ  ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ ᠪᠠ ᠰᠢᠨ᠎ᠡ ᠵᠠᠭᠤᠴᠢᠯᠠᠭᠤᠷ  ᠦᠨᠳᠦᠰᠦᠨ ᠱᠠᠲᠤᠨ ᠳᠤ ᠦᠢᠯᠡᠴᠢᠯᠡᠬᠦ  ᠶᠢ  ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/4
      ᠳᠥᠷᠪᠡᠳ ᠬᠤᠰᠢᠭᠤᠨ ᠤ ᠬᠡᠪᠴᠢᠶᠡᠨ ᠳᠤ 2024 ᠣᠨ ᠤ   ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ ᠪᠠ ᠰᠢᠨ᠎ᠡ ᠵᠠᠭᠤᠴᠢᠯᠠᠭᠤᠷ  ᠦᠨᠳᠦᠰᠦᠨ ᠱᠠᠲᠤᠨ ᠳᠤ ᠦᠢᠯᠡᠴᠢᠯᠡᠬᠦ  ᠶᠢ  ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ            12 ᠰᠠᠷ᠎ᠠ ᠶᠢᠨ 2 ᠡᠳᠦᠷ᠂ ᠳᠥᠷᠪᠡᠳ ᠬᠤᠰᠢᠭᠤ 2024 ᠣᠨ ᠤ  ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ ᠪᠣᠯᠤᠨ ᠰᠢᠨ᠎ᠡ ᠵᠠᠭᠤᠴᠢᠯᠠᠭᠤᠷ ᠤᠨ ᠦᠨᠳᠦᠰᠦᠨ ᠱᠠᠲᠤᠨ ᠳᠤ ᠦᠢᠯᠡᠴᠢᠯᠡᠬᠦ ᠶᠢ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ  ᠪᠠᠶᠢᠭᠤᠯᠵᠤ  ᠦᠷᠨᠢᠭᠦᠯᠦᠭᠰᠡᠨ  ᠪᠠᠶᠢᠨ᠎ᠠ ᠃
12.4+2.jpg
      ᠵᠢᠷᠤᠭ ᠪᠣᠯ ᠬᠥᠳᠡᠯᠭᠡᠭᠡᠨ ᠤ ᠠᠬᠤᠢ ᠲᠠᠯᠠᠪᠠᠢ    ᠰᠤᠷᠤᠨ᠎ᠠ / ᠰᠡᠭᠦᠳᠡᠷᠯᠡᠪᠡ           ᠠᠵᠢᠯᠯᠠᠭ᠎ᠠ  ᠳᠤᠮᠳᠠ᠂ ᠠᠵᠢᠯᠲᠠᠨ ᠲᠤᠬᠠᠢ ᠶᠢᠨ ᠲᠠᠯᠠᠪᠠᠢ ᠳᠤ ᠤᠬᠠᠭᠤᠯᠬᠤ ᠬᠠᠭᠤᠳᠠᠰᠤ ᠲᠠᠷᠬᠠᠭᠠᠬᠤ᠂ ᠰᠦᠯᠵᠢᠶᠡᠨ ᠳᠡᠭᠡᠷᠡᠬᠢ ᠦᠵᠡᠭᠦᠯᠦᠯᠭᠡ ᠶᠢᠨ ᠰᠠᠮᠪᠠᠷ᠎ᠠ ᠵᠡᠷᠭᠡ ᠬᠡᠯᠪᠡᠷᠢ ᠪᠠᠷ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ ᠶᠢᠨ ᠴᠢᠳᠠᠮᠵᠢ ᠬᠢᠭᠡᠳ ᠬᠡᠷᠡᠭᠯᠡᠬᠦ ᠠᠷᠭ᠎ᠠ ᠶᠢ ᠨᠠᠷᠢᠨ ᠲᠠᠨᠢᠯᠴᠠᠭᠤᠯᠵᠤ ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠠᠶᠢᠴᠠᠭᠠᠨ ᠯᠠᠪᠯᠠᠬᠤ᠂ ᠬᠡᠷᠡᠭ ᠡᠷᠬᠢᠯᠡᠬᠦ ᠵᠦᠭᠯᠡᠭᠦᠷ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠬᠦᠷᠢᠶ᠎ᠡ ᠬᠡᠪᠴᠢᠶᠡᠨ ᠤ ᠠᠭᠤᠯᠭ᠎ᠠ ᠶᠢ ᠪᠠᠭᠲᠠᠭᠠᠬᠤ ᠶᠢᠨ ᠬᠠᠮᠲᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠬᠠᠪᠰᠤᠷᠤᠨ ᠣᠯᠠᠨ ᠨᠡᠶᠢᠲᠡ ᠶᠢᠨ ᠨᠣᠮᠧᠷ ᠨᠡᠮᠡᠵᠦ ᠠᠩᠬᠠᠷᠤᠭᠤᠯᠵᠤ᠂ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠮᠡᠳᠡᠭᠡ ᠵᠠᠩᠭᠢ ᠬᠢᠭᠡᠳ ᠠᠷᠠᠳ ᠤᠨ ᠵᠠᠩ ᠦᠢᠯᠡ ᠶᠢᠨ ᠰᠣᠶᠣᠯ ᠤᠨ ᠲᠠᠯ᠎ᠠ ᠶᠢᠨ ᠠᠭᠤᠯᠭ᠎ᠠ ᠶᠢ ᠨᠡᠩ ᠲᠦᠷᠭᠡᠨ᠂ ᠵᠥᠪ ᠣᠨᠣᠪᠴᠢᠲᠠᠢ ᠣᠯᠬᠤ ᠳᠤ ᠳᠥᠭᠦᠮ ᠪᠣᠯᠭᠠᠬᠤ ᠬᠡᠷᠡᠭᠲᠡᠢ᠃
12.4+1.jpg
      ᠵᠢᠷᠤᠭ ᠪᠣᠯ ᠠᠵᠢᠯᠲᠠᠨ ᠣᠯᠠᠨ ᠲᠦᠮᠡᠨ ᠳᠤ ᠮᠣᠩᠭᠤᠯ ᠰᠦᠯᠵᠢᠶᠡᠨ ᠤ ᠦᠢᠯᠡᠳᠦᠯ ᠴᠢᠳᠠᠯ ᠪᠣᠯᠤᠨ ᠬᠡᠷᠡᠭᠯᠡᠬᠦ ᠠᠷᠭ᠎ᠠ ᠶᠢ ᠨᠠᠷᠢᠨ ᠲᠠᠨᠢᠯᠴᠠᠭᠤᠯᠵᠤ ᠪᠠᠶᠢᠭ᠎ᠠ ᠨᠢ        ᠰᠤᠷᠤᠨ᠎ᠠ / ᠰᠡᠭᠦᠳᠡᠷᠯᠡᠪᠡ       ᠲᠤᠰ ᠤᠳᠠᠭᠠᠨ ᠤ ᠠᠵᠢᠯᠯᠠᠭ᠎ᠠ ᠳᠤ 100 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠥᠷᠭᠡᠨ ᠣᠯᠠᠨ ᠲᠦᠮᠡᠨ ᠳᠤ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠤ ᠥᠷᠲᠡᠭᠡ ᠶᠢ ᠨᠡᠩ ᠭᠦᠨᠵᠡᠭᠡᠢ ᠣᠶᠢᠯᠠᠭᠠᠭᠤᠯᠵᠤ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠤ ᠥᠷᠲᠡᠭᠡ ᠪᠣᠯᠤᠨ ᠵᠢᠷᠭᠢᠶ᠎ᠡ ᠲᠠᠪᠴᠠᠩ ᠤᠨ ᠳᠠᠮᠵᠢᠭᠤᠯᠬᠤ ᠬᠦᠴᠦᠨ ᠪᠣᠯᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠦᠨᠳᠦᠰᠦᠨ ᠱᠠᠲᠤᠨ ᠤ ᠥᠷᠭᠡᠨ ᠣᠯᠠᠨ ᠲᠦᠮᠡᠨ ᠳᠤ ᠨᠡᠩ ᠰᠠᠶᠢᠨ ᠦᠢᠯᠡᠴᠢᠯᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠰᠣᠷᠣᠨ᠎ᠠ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2