ᠳᠥᠷᠪᠡᠳ ᠬᠤᠰᠢᠭᠤᠨ ᠤ ᠪᠥᠬᠡ ᠪᠠᠷᠢᠯᠭᠠᠴᠢᠨ ᠵᠠᠩ ᠱᠤᠸᠠᠢ 2024 ᠣᠨ ᠤ ᠪᠦᠬᠦ ᠤᠯᠤᠰ ᠤᠨ ᠭᠤᠷᠪᠠᠨ | ᠪᠥᠬᠡ ᠶᠢᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠰᠢᠯᠢᠳᠡᠭ ᠪᠦᠲᠦᠮᠵᠢ ᠣᠯᠤᠭᠰᠠᠨ ᠳᠤ ᠪᠠᠶᠠᠷ ᠬᠦᠷᠭᠡᠶ᠎ᠡ | | | 11 ᠰᠠᠷ᠎ᠠ ᠶᠢᠨ 27 ᠤ ᠡᠳᠦᠷᠡᠴᠡ 30 ᠤ ᠡᠳᠦᠷ ᠪᠣᠯᠲᠠᠯ᠎ᠠ᠂ 2024 ᠣᠨ ᠤ ᠪᠦᠬᠦ ᠤᠯᠤᠰ ᠤᠨ ᠭᠤᠷᠪᠠᠨ | ᠪᠥᠬᠡ ᠶᠢᠨ ᠶᠡᠷᠦᠩᠬᠡᠢ ᠰᠢᠢᠳᠪᠦᠷᠢᠲᠦ ᠤᠷᠤᠯᠳᠤᠭᠠᠨ ᠭᠤᠸᠠᠩᠳᠦ᠋ᠩ ᠮᠣᠵᠢ ᠶᠢᠨ ᠭᠤᠸᠠᠩᠵᠧᠦ ᠬᠤᠲᠠ ᠶᠢᠨ ᠽᠧᠩ ᠴᠧᠩ | ᠲᠣᠭᠤᠷᠢᠭ ᠲᠤ ᠶᠠᠪᠤᠭᠳᠠᠪᠠ᠃ ᠳᠥᠷᠪᠡᠳ ᠬᠤᠰᠢᠭᠤᠨ ᠤ ᠲᠠᠮᠢᠷᠴᠢᠨ ᠵᠠᠩ ᠱᠤᠸᠠᠢ ᠰᠢᠢᠳᠪᠦᠷᠢᠲᠦ ᠤᠷᠤᠯᠳᠤᠭᠠᠨ ᠳᠤ | ᠡᠮᠡᠭᠲᠡᠢ ᠶᠢᠨ 65 ᠺᠢᠯᠣᠭ᠍ᠷᠠᠮ ᠤᠨ ᠳᠡᠰ ᠤᠨ ᠨᠢᠭᠡᠳᠦᠭᠡᠷ ᠲᠤ ᠣᠷᠣᠪᠠ ᠃ | | | | | | ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠤᠷᠤᠯᠳᠤᠭᠠᠨ ᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ | ᠲᠣᠪᠴᠢᠶ᠎ᠠ ᠶᠢᠨ ᠬᠦᠨᠳᠦ ᠡᠷᠭᠦᠯᠲᠡ ᠪᠥᠬᠡ ᠵᠢᠤᠳᠤᠤ ᠪᠥᠬᠡ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠂ ᠳᠤᠮᠳᠠᠳᠤ | ᠤᠯᠤᠰ ᠤᠨ ᠪᠥᠬᠡ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠭᠤᠸᠠᠩᠳᠦ᠋ᠩ ᠮᠣᠵᠢ ᠶᠢᠨ ᠬᠦᠨᠳᠦ | ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ᠂ ᠭᠤᠸᠠᠩᠵᠧᠦ ᠬᠤᠲᠠ ᠶᠢᠨ ᠽᠧᠩ ᠴᠧᠩ | ᠲᠣᠭᠤᠷᠢᠭ ᠤᠨ ᠰᠣᠶᠣᠯ ᠷᠠᠳᠢᠣ ᠲᠧᠯᠸᠢᠰ ᠤᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠨ ᠡᠷᠬᠢᠯᠡᠵᠦ᠂ | ᠭᠤᠸᠠᠩᠳᠦ᠋ᠩ ᠮᠣᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠪᠠ ᠪᠣᠯᠪᠠᠰᠤᠷᠠᠯ ᠤᠨ ᠤᠷᠤᠯᠳᠤᠭᠠᠨ ᠤ ᠲᠥᠪ ᠤᠨ ᠳᠡᠮᠵᠢᠯᠭᠡ | ᠪᠣᠯᠤᠨ᠎ᠠ᠂ ᠤᠯᠤᠰ ᠤᠨ ᠳᠣᠲᠣᠭᠠᠳᠤ ᠶᠢᠨ ᠬᠢᠷᠢ ᠬᠡᠮᠵᠢᠶ᠎ᠡ ᠪᠠᠷ ᠬᠠᠮᠤᠭ ᠥᠨᠳᠥᠷ ᠪᠥᠬᠡ ᠶᠢᠨ ᠤᠷᠤᠯᠳᠤᠭᠠᠨ ᠤ ᠨᠢᠭᠡ | ᠪᠣᠯᠤᠨ᠎ᠠ᠂ ᠪᠦᠬᠦ ᠤᠯᠤᠰ ᠤᠨ 29 ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ 66 | ᠡᠩᠨᠡᠭᠡ᠂ 500 ᠰᠢᠬᠠᠮ ᠲᠠᠮᠢᠷᠴᠢᠨ ᠣᠷᠣᠯᠴᠠᠭᠰᠠᠨ ᠪᠠᠶᠢᠨ᠎ᠠ᠃ | | | | | | | | | | ᠵᠠᠩ ᠱᠤᠸᠠᠢ᠂ 1998 ᠣᠨ ᠤ 11 ᠰᠠᠷ᠎ᠠ ᠳᠤ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ | ᠲᠥᠷᠥᠵᠦ᠂ ᠪᠠᠭ᠎ᠠ ᠰᠤᠷᠭᠠᠭᠤᠯᠢ ᠳᠤ ᠳᠥᠷᠪᠡᠳ ᠬᠤᠰᠢᠭᠤᠨ ᠤ ᠨᠠᠢᠮᠠᠳᠤᠭᠠᠷ ᠬᠦᠰᠡᠯ ᠪᠠᠭ᠎ᠠ ᠰᠤᠷᠭᠠᠭᠤᠯᠢ ᠳᠤ | ᠰᠤᠷᠤᠯᠴᠠᠵᠤ᠂ ᠠᠩᠬ᠎ᠠ ᠳᠤᠮᠳᠠᠳᠤ ᠰᠤᠷᠭᠠᠭᠤᠯᠢ ᠳᠤ ᠳᠥᠷᠪᠡᠳ ᠬᠤᠰᠢᠭᠤᠨ ᠤ ᠤᠤᠯ ᠤᠨ ᠲᠤᠷᠰᠢᠯᠲᠠ ᠶᠢᠨ ᠳᠤᠮᠳᠠᠳᠤ | ᠰᠤᠷᠭᠠᠭᠤᠯᠢ ᠳᠤ ᠰᠤᠷᠤᠯᠴᠠᠵᠤ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ᠲᠡᠭᠦᠰᠪᠡ᠂ ᠣᠳᠣ | ᠥᠪᠥᠷ ᠮᠣᠩᠭᠤᠯ ᠤᠨ ᠪᠥᠬᠡ ᠶᠢᠨ ᠠᠩᠭᠢ ᠶᠢᠨ ᠭᠡᠰᠢᠭᠦᠨ ᠪᠣᠯᠵᠠᠢ᠃ ᠲᠡᠷᠡ ᠤᠷᠤᠯᠳᠤᠭᠠᠨ ᠳᠤ ᠣᠯᠠᠨ ᠤᠳᠠᠭ᠎ᠠ | ᠰᠢᠯᠢᠳᠡᠭ ᠬᠢᠷᠢ ᠪᠦᠲᠦᠮᠵᠢ ᠣᠯᠵᠤ᠂ 2019 ᠣᠨ ᠤ 7 ᠰᠠᠷ᠎ᠠ ᠳᠤ ᠪᠦᠬᠦ ᠤᠯᠤᠰ ᠤᠨ U23 ᠡᠮᠡᠭᠲᠡᠢ ᠶᠢᠨ ᠴᠢᠯᠥᠭᠡᠲᠦ | ᠪᠥᠬᠡ ᠶᠢᠨ ᠱᠠᠩᠨᠠᠯᠲᠤ ᠤᠷᠤᠯᠳᠤᠭᠠᠨ ᠤ 65 ᠺᠢᠯᠣᠭ᠍ᠷᠠᠮ ᠤᠨ ᠳᠡᠰ ᠤᠨ ᠨᠢᠭᠡᠳᠦᠭᠡᠷ ᠲᠤ ᠣᠷᠣᠵᠠᠢ ᠃ 2019 ᠣᠨ ᠤ | ᠪᠦᠬᠦ ᠤᠯᠤᠰ ᠤᠨ ᠳᠡᠯᠡᠬᠡᠢ ᠶᠢᠨ ᠮᠠᠶ᠋ᠢᠭ ᠤᠨ ᠡᠮᠡᠭᠲᠡᠢ ᠶᠢᠨ ᠴᠢᠯᠥᠭᠡᠲᠦ ᠪᠥᠬᠡ ᠶᠢᠨ ᠮᠠᠩᠯᠠᠢ ᠰᠢᠯᠭᠠᠷᠠᠭᠤᠯᠬᠤ | ᠤᠷᠤᠯᠳᠤᠭᠠᠨ ᠤ 62 ᠺᠢᠯᠣᠭ᠍ᠷᠠᠮ ᠤᠨ ᠳᠡᠰ ᠤᠨ ᠲᠠᠪᠤᠳᠤᠭᠠᠷ ᠲᠤ ᠣᠷᠣᠵᠠᠢ ᠃ 2020 ᠣᠨ ᠤ ᠪᠦᠬᠦ ᠤᠯᠤᠰ ᠤᠨ | ᠣᠯᠠᠨ ᠤᠯᠤᠰ ᠤᠨ ᠮᠠᠶ᠋ᠢᠭ ᠤᠨ ᠡᠮᠡᠭᠲᠡᠢ ᠶᠢᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠣᠯᠢᠮᠫᠢᠺ ᠤᠨ | ᠲᠠᠮᠢᠷ ᠤᠨ ᠴᠤᠭᠯᠠᠭᠠᠨ ᠤ ᠬᠢᠷᠢ ᠭᠡᠮ ᠤᠨ ᠰᠢᠯᠭᠠᠷᠠᠭᠤᠯᠤᠯᠲᠠ ᠶᠢᠨ ᠤᠷᠤᠯᠳᠤᠭᠠᠨ ᠳᠤ 62 ᠺᠢᠯᠣᠭ᠍ᠷᠠᠮ ᠤᠨ ᠳᠡᠰ ᠤᠨ | ᠳᠣᠯᠣᠳᠤᠭᠠᠷ ᠲᠤ ᠤᠷᠤᠵᠠᠢ ᠃ 2020 ᠣᠨ ᠳᠤ ᠪᠦᠬᠦ ᠤᠯᠤᠰ ᠤᠨ ᠣᠯᠠᠨ ᠤᠯᠤᠰ ᠤᠨ ᠮᠠᠶ᠋ᠢᠭ ᠤᠨ ᠡᠮᠡᠭᠲᠡᠢ ᠶᠢᠨ | ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 62 ᠺᠢᠯᠣᠭ᠍ᠷᠠᠮ ᠤᠨ ᠳᠡᠰ ᠤᠨ ᠲᠠᠪᠤᠳᠤᠭᠠᠷ ᠲᠤ ᠣᠷᠣᠵᠠᠢ ᠃ | 2023 ᠣᠨ ᠤ ᠪᠦᠬᠦ ᠤᠯᠤᠰ ᠤᠨ ᠣᠯᠠᠨ ᠤᠯᠤᠰ ᠤᠨ ᠮᠠᠶ᠋ᠢᠭ ᠤᠨ ᠪᠥᠬᠡ ᠶᠢᠨ ᠮᠠᠩᠯᠠᠢ ᠰᠢᠯᠭᠠᠷᠠᠭᠤᠯᠬᠤ | ᠤᠷᠤᠯᠳᠤᠭᠠᠨ ᠤ 62 ᠺᠢᠯᠣᠭ᠍ᠷᠠᠮ ᠤᠨ ᠳᠡᠰ ᠤᠨ ᠭᠤᠷᠪᠠᠳᠤᠭᠠᠷ ᠨᠡᠷ᠎ᠡ ᠳᠤ ᠰᠢᠯᠭᠠᠷᠠᠵᠠᠢ ᠃ 2023 ᠣᠨ ᠤ ᠪᠦᠬᠦ | ᠤᠯᠤᠰ ᠤᠨ ᠣᠯᠠᠨ ᠤᠯᠤᠰ ᠤᠨ ᠮᠠᠶ᠋ᠢᠭ ᠤᠨ ᠡᠮᠡᠭᠲᠡᠢ ᠶᠢᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ 62 | ᠺᠢᠯᠣᠭ᠍ᠷᠠᠮ ᠤᠨ ᠳᠡᠰ ᠤᠨ ᠳᠣᠯᠣᠳᠤᠭᠠᠷ ᠨᠡᠷᠡᠰ ᠲᠤ ᠣᠷᠣᠵᠠᠢ ᠃ 2024 ᠣᠨ ᠳᠤ ᠪᠦᠬᠦ ᠤᠯᠤᠰ ᠤᠨ ᠣᠯᠠᠨ | ᠤᠯᠤᠰ ᠤᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠮᠡᠭᠲᠡᠢ ᠶᠢᠨ 65 ᠺᠢᠯᠣᠭ᠍ᠷᠠᠮ ᠤᠨ ᠳᠡᠰ ᠤᠨ | ᠬᠤᠶᠠᠳᠤᠭᠠᠷ ᠨᠡᠷ᠎ᠡ ᠳᠤ ᠤᠷᠤᠵᠠᠢ ᠃ 2024 ᠣᠨ ᠤ ᠵᠢᠷᠭᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ | ᠣᠷᠣᠰ ᠤᠨ 《 ᠪᠠᠷᠭᠤ 》 ᠬᠤᠨᠳᠠᠭᠠᠲᠤ ᠣᠯᠠᠨ ᠤᠯᠤᠰ ᠤᠨ ᠮᠠᠶ᠋ᠢᠭ ᠤᠨ ᠤᠷᠢᠯᠭ᠎ᠠ ᠶᠢᠨ ᠤᠷᠤᠯᠳᠤᠭᠠᠨ ᠳᠤ 62 | ᠺᠢᠯᠣᠭ᠍ᠷᠠᠮ ᠤᠨ ᠳᠡᠰ ᠤᠨ ᠭᠤᠷᠪᠠᠳᠤᠭᠠᠷ ᠨᠡᠷᠡᠰ ᠲᠤ ᠣᠷᠣᠵᠠᠢ ᠃ 2024 ᠣᠨ ᠤ ᠪᠦᠬᠦ ᠤᠯᠤᠰ ᠤᠨ ᠭᠤᠷᠪᠠᠨ | ᠪᠥᠬᠡ ᠶᠢᠨ ᠶᠡᠷᠦᠩᠬᠡᠢ ᠰᠢᠢᠳᠪᠦᠷᠢᠲᠦ ᠤᠷᠤᠯᠳᠤᠭᠠᠨ ᠤ ᠡᠮᠡᠭᠲᠡᠢ ᠶᠢᠨ ᠪᠥᠬᠡ ᠶᠢᠨ 65 ᠺᠢᠯᠣᠭ᠍ᠷᠠᠮ ᠤᠨ ᠳᠡᠰ ᠤᠨ | ᠨᠢᠭᠡᠳᠦᠭᠡᠷ ᠲᠤ ᠤᠷᠤᠭᠰᠠᠨ ᠪᠠᠶᠢᠨ᠎ᠠ ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |