ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰᠬᠠᠢ ᠲᠥᠷᠥᠯ ᠤᠨ ᠠᠵᠢᠯᠯᠠᠭ᠎ᠠ | ᠥᠷᠨᠢᠭᠦᠯᠦᠭᠰᠡᠨ | | ᠣᠶᠢᠷ᠎ᠠ ᠳᠤ᠂ ᠮᠠᠨ ᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 《ᠵᠠᠭᠤᠨ ᠲᠦᠮᠡᠨ | ᠴᠠᠭᠳᠠᠭ᠎ᠠ ᠶᠢ ᠮᠢᠩᠭᠠᠨ ᠲᠦᠮᠡᠨ ᠡᠷᠦᠬᠡ ᠳᠤ ᠤᠷᠤᠬᠤ》ᠲᠤᠰᠬᠠᠢ ᠠᠵᠢᠯᠯᠠᠭ᠎ᠠ ᠶᠢ ᠪᠠᠲᠤᠲᠠᠢ ᠠᠬᠢᠭᠤᠯᠵᠤ᠂ | ᠴᠠᠬᠢᠯᠭᠠᠨ ᠬᠤᠯᠪᠣᠭᠠᠨ ᠤ ᠰᠦᠯᠵᠢᠶ᠎ᠡ ᠶᠢ ᠠᠰᠢᠭᠯᠠᠨ ᠮᠡᠬᠡᠯᠡᠬᠦ᠂ ᠬᠠᠤᠯᠢ ᠪᠤᠰᠤ ᠶᠠᠯᠠᠲᠤ ᠠᠵᠢᠯᠯᠠᠭ᠎ᠠ ᠣᠯᠠᠨ ᠡᠭᠦᠰᠬᠦ | ᠪᠠᠶᠢᠳᠠᠯ ᠢ ᠪᠦᠬᠦ ᠬᠦᠴᠦᠨ ᠢᠶᠠᠷ ᠬᠤᠷᠢᠭᠯᠠᠵᠤ᠂ ᠬᠠᠷᠢᠶᠠᠲᠤ ᠣᠷᠣᠨ ᠤ ᠨᠡᠶᠢᠭᠡᠮ ᠤᠨ ᠠᠮᠤᠷ ᠲᠦᠪᠰᠢᠨ ᠤ ᠡᠮᠬᠢ | ᠳᠢᠭᠯᠢᠮ ᠤᠨ ᠰᠠᠶᠢᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠦᠬᠦ ᠠᠷᠠᠳ ᠤᠨ ᠬᠠᠪᠰᠤᠷᠤᠨ ᠵᠢᠯᠣᠭᠤᠳᠬᠤ | ᠬᠠᠷᠢᠶᠠᠲᠤ ᠣᠷᠣᠨ ᠳᠤ ᠭᠦᠨᠵᠡᠭᠡᠶᠢᠷᠡᠨ ᠰᠤᠷᠪᠤᠯᠵᠢᠯᠠᠬᠤ ᠠᠵᠢᠯ ᠥᠷᠨᠢᠭᠦᠯᠵᠦ᠂ ᠬᠠᠶᠢᠷ᠎ᠠ ᠬᠠᠯᠠᠮᠵᠢ ᠪᠠ | ᠦᠢᠯᠡᠴᠢᠯᠡᠭᠡ ᠶᠢ ᠣᠯᠠᠨ ᠲᠦᠮᠡᠨ ᠳᠤ ᠬᠦᠷᠭᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 300 ᠭᠠᠷᠤᠢ ᠴᠠᠭᠳᠠᠭ᠎ᠠ ᠶᠢ ᠲᠣᠮᠢᠯᠠᠵᠤ᠂ | ᠠᠵᠢᠯ ᠤᠨ ᠰᠢᠨᠵᠢ ᠴᠢᠨᠠᠷ᠂ ᠡᠭᠦᠷᠭᠡ ᠴᠢᠳᠠᠪᠬᠢ ᠶᠢᠨ ᠣᠨᠴᠠᠯᠢᠭ᠂ ᠠᠵᠢᠯ ᠤᠨ ᠬᠡᠮᠵᠢᠶ᠎ᠡ ᠵᠡᠷᠭᠡ ᠶᠡᠷᠦᠩᠬᠡᠶᠢᠯᠡᠭᠰᠡᠨ | ᠬᠦᠴᠦᠨ ᠵᠦᠢᠯ ᠤᠨ ᠶᠣᠰᠣᠭᠠᠷ ᠤᠯᠠᠭᠠᠨᠬᠤᠸᠠ ᠪᠠᠯᠭᠠᠰᠤ ᠶᠢᠨ ᠳᠣᠲᠣᠷᠠᠬᠢ 12 ᠨᠡᠶᠢᠭᠡᠮ ᠲᠣᠭᠤᠷᠢᠭ ᠤᠨ 185 | ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠢ ᠳᠠᠭᠠᠭᠠᠴᠢᠯᠠᠨ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠨᠡᠶᠢᠭᠡᠮ ᠤᠨ ᠵᠠᠰᠠᠯᠲᠠ ᠶᠢᠨ ᠬᠥᠮᠦᠨ ᠤ ᠬᠦᠴᠦᠨ ᠪᠣᠯᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠭᠦᠨᠵᠡᠭᠡᠢ | ᠠᠭᠤᠳᠠᠯᠵᠤ᠂ 50 ᠡᠳᠦᠷ ᠤᠨ ᠴᠠᠭ ᠢ ᠠᠰᠢᠭᠯᠠᠨ ᠮᠢᠩᠭ᠎ᠠ ᠲᠦᠮᠡᠨ ᠡᠷᠦᠬᠡ ᠳᠤ ᠬᠦᠷᠴᠦ᠂ ᠰᠠᠭᠤᠭᠠᠯᠢ | ᠠᠷᠠᠳ ᠤᠨ ᠦᠨᠳᠦᠰᠦᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠣᠶᠢᠯᠠᠭᠠᠵᠤ᠂ ᠠᠷᠠᠳ ᠤᠨ ᠬᠦᠰᠡᠯ ᠰᠠᠨᠠᠭ᠎ᠠ ᠶᠢ | ᠰᠣᠨᠣᠰᠴᠤ᠂ ᠣᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠣᠯᠠᠨ | ᠲᠦᠮᠡᠨ ᠤ ᠠᠰᠢᠭ ᠲᠤᠰᠠ ᠶᠢᠨ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠣᠯᠠᠨ ᠲᠦᠮᠡᠨ ᠤ ᠠᠮᠤᠷ | ᠲᠦᠪᠰᠢᠨ ᠤ ᠰᠡᠳᠬᠢᠯᠭᠡ ᠶᠢ ᠨᠥᠯᠥᠭᠡᠯᠡᠬᠦ ᠳᠣᠪᠤᠶᠢᠮ᠎ᠠ ᠠᠮᠤᠷ ᠲᠦᠪᠰᠢᠨ ᠤ ᠠᠰᠠᠭᠤᠳᠠᠯ ᠪᠣᠯᠤᠨ ᠠᠮᠤᠷ | ᠲᠦᠪᠰᠢᠨ ᠤ ᠴᠢᠭ ᠢ ᠣᠨᠣᠪᠴᠢᠲᠠᠢ ᠡᠷᠢᠵᠦ᠂ ᠶᠠᠯᠠᠲᠤ ᠬᠡᠷᠡᠭ ᠲᠤ ᠴᠣᠬᠢᠯᠲᠠ ᠥᠭᠬᠦ᠂ ᠠᠷᠠᠳ ᠲᠦᠮᠡᠨ ᠢ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠬᠠᠤᠯᠢ ᠬᠡᠷᠡᠭᠵᠢᠭᠦᠯᠬᠦ ᠣᠯᠠᠨ ᠨᠡᠶᠢᠲᠡ ᠶᠢᠨ ᠢᠲᠡᠭᠡᠮᠵᠢ ᠶᠢᠨ ᠬᠦᠴᠦᠨ ᠪᠣᠯᠤᠨ ᠠᠷᠠᠳ | ᠣᠯᠠᠨ ᠤ ᠬᠠᠨᠤᠮᠵᠢᠲᠠᠢ ᠪᠠᠶᠢᠬᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠰᠡᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠭᠡᠭᠡᠨᠲᠠᠨ᠎ᠠ ᠬᠦᠰᠡᠯᠡᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |