ᠮᠠᠨ ᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠡᠮᠬᠢ ᠲᠠᠢ ᠶᠠᠪᠤᠭᠳᠠᠵᠤ ᠪᠠᠶᠢᠭ᠎ᠠ
ᠨᠡᠶᠢᠲᠡᠯᠡᠭᠰᠡᠨ ᠴᠠᠭ᠄
2024/12/9
      ᠮᠠᠨ ᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠡᠮᠬᠢ ᠲᠠᠢ ᠶᠠᠪᠤᠭᠳᠠᠵᠤ ᠪᠠᠶᠢᠭ᠎ᠠ                ᠮᠠᠨ ᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠡᠮᠬᠢ ᠲᠠᠢ ᠶᠠᠪᠤᠭᠳᠠᠵᠤ ᠪᠠᠶᠢᠨ᠎ᠠ᠃      ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠪᠠ ᠰᠣᠶᠣᠯ ᠤᠨ ᠥᠪ ᠤᠨ ᠬᠠᠮᠠᠭᠠᠯᠠᠯᠲᠠ ᠶᠢᠨ ᠤᠯᠠᠮᠵᠢᠯᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠤᠨ 5  ᠰᠠᠷ᠎ᠠ ᠠᠴᠠ ᠡᠬᠢᠯᠡᠨ᠂ ᠮᠠᠨ ᠤ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠭᠠᠵᠠᠷ ᠲᠤᠨᠢ ᠪᠠᠶᠢᠴᠠᠭᠠᠬᠤ ᠠᠵᠢᠯ ᠢ ᠦᠷᠭᠦᠯᠵᠢᠯᠡᠨ ᠦᠷᠨᠢᠭᠦᠯᠦᠭᠰᠡᠨ ᠪᠠᠶᠢᠨ᠎ᠠ᠃      ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠳᠥᠷᠪᠡᠳᠦᠭᠡᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠨᠢ ᠪᠤᠳᠠᠰ ᠤᠨ ᠰᠤᠶᠤᠯ ᠤᠨ ᠥᠪ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ ᠪᠠᠶᠢᠭ᠎ᠠ ᠲᠡᠳᠦᠢ ᠦᠭᠡᠢ᠂ ᠨᠡᠩ ᠴᠤ ᠨᠢᠭᠡᠨ ᠤᠳᠠᠭ᠎ᠠ ᠶᠢᠨ ᠣᠶᠤᠨ ᠤ ᠰᠣᠶᠣᠯ ᠤᠨ ᠥᠪ ᠢ ᠭᠦᠨᠵᠡᠭᠡᠢ ᠠᠭᠤᠳᠠᠯᠤᠨ ᠢᠯᠡᠷᠡᠭᠦᠯᠵᠦ ᠪᠠᠶᠢᠭ᠎ᠠ ᠶᠠᠪᠤᠳᠠᠯ ᠶᠤᠮ᠃      ᠮᠠᠨ ᠤ ᠬᠤᠰᠢᠭᠤ᠂ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠴᠢᠩᠭ᠎ᠠ ᠡᠵᠡᠮᠳᠡᠵᠦ᠂ ᠠᠵᠢᠯ ᠤᠨ ᠦᠷ᠎ᠡ ᠪᠦᠲᠦᠮᠵᠢ ᠪᠠᠨ ᠤᠯᠠᠮ ᠳᠡᠭᠡᠭᠰᠢᠯᠡᠭᠦᠯᠦᠨ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠮᠵᠢᠯᠲᠠ ᠲᠠᠢ ᠪᠡᠶᠡᠯᠡᠭᠦᠯᠬᠦ ᠶᠢᠨ ᠬᠠᠮᠲᠤ᠂ ᠲᠡᠦᠬᠡ ᠶᠢᠨ ᠳᠤᠷᠠᠰᠬᠠᠯᠲᠤ ᠵᠦᠢᠯ ᠤᠨ ᠰᠤᠷᠠᠭ ᠵᠠᠩᠭᠢ ᠶᠢ ᠭᠦᠨ ᠠᠭᠤᠳᠠᠯᠵᠤ᠂ ᠲᠡᠦᠬᠡ ᠶᠢᠨ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠰᠤᠷᠤᠨ᠎ᠠ    ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2