ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2024/12/9
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠤᠬᠠᠭᠤᠯᠤᠨ  ᠲᠠᠶᠢᠯᠪᠤᠷᠢᠯᠠᠪᠠ      8 ᠰᠠᠷ᠎ᠠ ᠶᠢᠨ 28 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠤᠬᠠᠭᠤᠯᠤᠨ ᠲᠠᠶᠢᠯᠪᠤᠷᠢᠯᠠᠪᠠ  ᠃            ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠳᠡᠳ᠋ ᠳᠠᠷᠤᠭ᠎ᠠ ᠦ᠋ ᠵᠠᠨ ᠵᠢᠶᠦ᠋ᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ︽ᠲᠣᠭᠲᠠᠭᠠᠯ︾ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ  ᠨᠠᠶᠢᠳᠠᠪᠤᠷᠢᠵᠢᠭᠤᠯᠬᠤ ᠶᠢ  ᠰᠠᠶᠢᠳᠤᠷ ᠠᠳᠬᠤᠬᠤ ᠵᠡᠷᠭᠡ ᠲᠠᠯ᠎ᠠ ᠪᠠᠷ ᠭᠦᠨᠵᠡᠭᠡᠢ ᠪᠥᠭᠡᠳ  ᠤᠶᠢᠯᠭᠠᠮᠵᠢᠲᠠᠢ  ᠲᠠᠶᠢᠯᠤᠮᠵᠢ ᠬᠢᠵᠡᠢ᠃ ᠮᠡᠳᠡᠭᠦᠯᠦᠯᠲᠡ ᠶᠢᠨ ᠬᠤᠷᠠᠯ ᠤᠨ ᠭᠤᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ  ᠪᠠᠶᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠢ ᠤᠶᠢᠢᠯᠠᠭᠠᠨ ᠡᠵᠡᠮᠰᠢᠬᠦ ᠳᠤ ᠬᠦᠴᠦᠲᠡᠢ ᠵᠢᠯᠤᠭᠤᠳᠤᠯᠭ᠎ᠠ ᠬᠠᠪᠰᠤᠷᠤᠯᠭ᠎ᠠ ᠦᠵᠡᠭᠦᠯᠪᠡ᠃           ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠴᠠᠭ ᠦᠶ᠎ᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ ᠤᠷᠢᠳᠤᠬᠢ ᠶᠢ ᠵᠠᠯᠭᠠᠮᠵᠢᠯᠠᠨ  ᠬᠤᠶᠢᠰᠢᠬᠢ ᠳᠤ ᠵᠠᠮ ᠨᠡᠭᠡᠭᠡᠬᠦ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ  ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀ ᠢ ᠲᠡᠷᠡ ᠬᠡᠪ ᠢᠶᠠᠷ ᠨᠠᠷᠢᠨ ᠤᠩᠰᠢᠵᠤ ᠨᠡᠪᠲᠡᠷᠡᠲᠡᠯ᠎ᠡ  ᠤᠠᠶᠢᠯᠭᠠᠵᠤ᠂ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ  ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ︿ᠵᠢᠷᠭᠤᠭᠠᠨ ᠢᠨᠵᠧᠨᠧᠷᠢᠩ﹀ ᠢ ᠯᠠᠪᠳᠠᠭᠤᠨ ᠪᠠᠲᠤᠲᠠᠢ  ᠰᠠᠶᠢᠳᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ  ᠴᠢᠷᠮᠠᠶᠢᠨ ᠪᠡᠶᠡᠯᠡᠭᠦᠯᠵᠦ᠂ ᠮᠠᠨ ᠤ ᠬᠤᠲᠠ ᠶᠢᠨ ᠠᠵᠤ ᠠᠬᠤᠢ  ᠨᠡᠶᠢᠭᠡᠮ ᠤᠨ ᠴᠢᠨᠠᠷ  ᠰᠠᠶᠢᠲᠠᠢ ᠬᠥᠭᠵᠢᠯᠲᠡ ᠳᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ  ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠯᠢ ᡁᠢ ᠯᠢᠨ ᠬᠡᠯᠡᠪᠡ᠃                                                     ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2