ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2024/12/9
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ  ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ      9 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠴᠢᠬᠤᠯᠠ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠶᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠴᠢᠬᠤᠯᠠ ᠶᠡᠭᠡ ᠦᠭᠡᠷᠡᠴᠢᠯᠡᠯᠲᠡ ᠶᠢ  ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃           ᠬᠤᠷᠠᠯ ᠠᠴᠠ᠂ ᠴᠢᠬᠤᠯᠠ ᠶᠡᠭᠡ ᠲᠦᠷᠦᠯ ᠵᠦᠢᠯ ᠢ ᠴᠢᠩᠭ᠎ᠠ ᠠᠩᠬᠠᠷᠴᠤ ᠲᠤᠬᠢᠷᠠᠭᠤᠯᠤᠯᠳᠠ ᠶᠢ ᠠᠳᠬᠤᠵᠤ ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠲᠤᠮᠤ ᠳ᠋ᠠᠶ᠋ᠢᠲ᠋ᠠ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ  ᠪᠤᠶᠢᠵᠢᠭᠤᠯᠤᠨ  ᠪᠤᠵᠠᠭᠠᠶᠢᠷᠠᠭᠤᠯᠬᠤ ᠂ ᠤᠰᠤᠲᠥ᠋ᠷᠥᠭᠴᠢ ᠦᠢᠯᠡᠳᠬᠦ ᠵᠡᠷᠭᠡ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ  ᠪᠠᠶᠢᠷᠢᠯᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ  ᠰᠠᠶᠢᠳᠤᠷ ᠠᠳᠬᠤᠵᠤ᠂ ᠣᠷᠣᠰᠢᠵᠤ  ᠪᠠᠶᠢᠭ᠎ᠠ ᠡᠯ᠎ᠡ ᠲᠦᠷᠦᠯ ᠤᠨ ᠠᠰᠠᠭᠤᠳᠠᠯ ᠢ  ᠶᠡᠷᠦᠩᠬᠡᠶᠢᠯᠡᠨ ᠴᠡᠭᠴᠡᠯᠡᠨ ᠵᠠᠰᠠᠵᠤ᠂ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ  ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ  ᠰᠡᠷᠭᠡᠶᠢᠯᠡᠨ ᠠᠷᠢᠯᠭᠠᠵᠤ᠂  ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ  ᠰᠠᠶᠢᠳᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃           ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ︽ᠲᠣᠭᠲᠠᠭᠠᠯ︾ ᠳᠤ ᠲᠣᠭᠲᠠᠭᠠᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ  ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠨᠠᠭᠰᠢᠳᠠ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠨᠡᠭᠡᠭᠡᠯᠳᠡ ᠶᠢ  ᠭᠦᠨᠵᠡᠭᠡᠶᠢᠷᠡᠭᠦᠯᠵᠦ᠂ ᠴᠡᠭ ᠢᠶᠠᠷ  ᠨᠡᠶᠢᠳᠡᠮ ᠢ  ᠳᠠᠶᠢᠴᠢᠯᠠᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ ᠂  ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ  ᠰᠠᠶᠢᠳᠤᠷ ᠬᠢᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠪᠣᠯᠭᠠᠨ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠬᠦᠴᠦᠯᠡᠬᠦ ᠬᠡᠷᠡᠭᠲᠡᠶ ᠭᠡᠵᠦ ᠱᠠᠭᠠᠷᠳᠠᠪᠠ᠃                                                  ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄   ᠲᠡᠷᠭᠡᠯ 
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2