ᠵᠠᠩᠭᠠᠨ ᠰᠤᠮᠤ 《 ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ 》 ᠶᠢ ᠲᠤᠤᠱᠯᠠᠭᠤᠯᠤᠨ ᠰᠤᠷᠤᠯᠴᠠᠭᠰᠠᠨ
ᠨᠡᠶᠢᠲᠡᠯᠡᠭᠰᠡᠨ ᠴᠠᠭ᠄
2024/2/28
      ᠵᠠᠩᠭᠠᠨ ᠰᠤᠮᠤ 《 ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ 》 ᠶᠢ ᠲᠤᠤᠱᠯᠠᠭᠤᠯᠤᠨ ᠰᠤᠷᠤᠯᠴᠠᠭᠰᠠᠨ           《 ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ 》 ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶ᠋ᠢᠩᠭᠤᠵᠢᠭᠤᠯᠬᠤ ᠳᠠᠰᠢ ᠭᠦᠨᠵᠡᠭᠡᠶᠢᠷᠡᠭᠦᠯᠦᠨ ᠬᠥᠭᠵᠢᠭᠦᠯᠬᠦ ᠶᠢᠨ ᠲᠥᠯᠥᠭᠡ᠂ ᠮᠠᠨ ᠤ ᠰᠤᠮᠤ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠢ ᠱᠠᠭᠠᠷᠳᠠᠯᠭ᠎ᠠ ᠶᠣᠰᠣᠭᠠᠷ 《 ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ 》 ᠶᠢ ᠮᠠᠯᠴᠢᠨ ᠲᠦᠮᠡᠨ ᠤ ᠲᠠᠨᠢᠬᠤ ᠬᠡᠮᠵᠢᠶ᠎ᠡ ᠪᠠ ᠮᠡᠳᠡᠬᠦ ᠨᠣᠷᠮ᠎ᠠ ᠶᠢ ᠤᠯᠠᠮ ᠳᠡᠭᠡᠭᠰᠢᠯᠡᠭᠦᠯᠵᠦ᠂ ᠮᠠᠯᠴᠢᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠵᠦ᠂ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠵᠦ ᠬᠤᠬᠢᠷᠠᠭᠤᠯᠬᠤ ᠶᠢ ᠰᠡᠷᠭᠡᠶᠢᠯᠡᠨ ᠬᠤᠷᠢᠭᠯᠠᠵᠠᠢ᠃ 
C:\Users\q\Desktop\2 月苏木\2.20+1.jpg      ᠨᠢᠭᠡ ᠳᠤ᠂ 《 ᠵᠣᠬᠢᠶᠠᠨ ᠪᠠᠶᠢᠭᠤᠯᠤᠯᠲᠠ ᠲᠠᠢ ᠪᠠᠷ ᠶᠠᠯᠠᠲᠤ ᠠᠵᠢᠯᠯᠠᠭ᠎ᠠ ᠬᠢᠬᠦ ᠶᠢ ᠡᠰᠡᠷᠭᠦᠴᠡᠬᠦ ᠬᠠᠤᠯᠢ
》 ᠶᠢ ᠰᠤᠷᠤᠯᠴᠠᠨ ᠲᠤᠭᠤᠰᠢᠯᠠᠭᠤᠯᠬᠤ ᠶᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠵᠥᠪᠯᠡᠬᠦ ᠵᠦᠢᠯ ᠳᠤ ᠣᠷᠣᠭᠤᠯᠤᠨ᠎ᠠ᠃ᠣᠳᠣᠬᠠᠨ ᠪᠣᠯᠲᠠᠯ᠎ᠠ᠂ ᠪᠠᠶᠢᠭᠤᠯᠤᠯᠭ᠎ᠠ ᠶᠢᠨ ᠨᠠᠮ ᠤᠨ ᠡᠭᠦᠷ ᠵᠡᠷᠭᠡ 9 ᠨᠠᠮ ᠤᠨ ᠡᠭᠦᠷ ᠭᠤᠣᠯ ᠰᠡᠳᠦᠪᠲᠦ ᠨᠠᠮ ᠤᠨ ᠡᠳᠦᠷ ᠢ 9 ᠤᠳᠠᠭ᠎ᠠ ᠬᠤᠷᠠᠯᠳᠤᠭᠤᠯᠵᠤ᠂ ᠨᠠᠮ ᠤᠨ ᠡᠭᠦᠷ ᠤᠨ ᠱᠦᠵᠢ 《 ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ 》 ᠶᠢ 9 ᠤᠳᠠᠭ᠎ᠠ ᠳᠠᠭᠠᠭᠤᠯᠤᠨ ᠰᠤᠷᠤᠯᠴᠠᠵᠤ᠂ ᠨᠠᠮ ᠤᠨ ᠭᠡᠰᠢᠭᠦᠨ 170 ᠭᠠᠷᠤᠢ ᠬᠥᠮᠦᠨ ᠣᠷᠣᠯᠴᠠᠵᠠᠢ᠃        ᠬᠤᠶᠠᠷ ᠲᠤ LED ᠳᠡᠯᠭᠡᠴᠡ᠂ ᠸᠢᠴᠠᠲ ᠤᠨ ᠨᠡᠶᠢᠲᠡ ᠶᠢᠨ ᠨᠣᠮᠧᠷ ᠢ ᠳᠠᠮᠵᠢᠭᠤᠯᠬᠤ᠂ ᠵᠠᠷᠯᠠᠯ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠡᠯᠭᠦᠬᠦ ᠵᠡᠷᠭᠡ ᠬᠡᠯᠪᠡᠷᠢ ᠶᠢ ᠭᠦᠢᠴᠡᠳ ᠠᠰᠢᠭᠯᠠᠨ ᠥᠷᠭᠡᠨ ᠢᠶᠠᠷ ᠤᠬᠠᠭᠤᠯᠵᠤ᠂ 《 ᠶᠠᠯ᠎ᠠ ᠬᠢᠬᠦ ᠶᠢ ᠡᠰᠡᠷᠭᠦᠴᠡᠬᠦ ᠵᠣᠬᠢᠶᠠᠨ ᠪᠠᠶᠢᠭᠤᠯᠤᠯᠲᠠ ᠶᠢᠨ ᠬᠠᠤᠯᠢ 》 ᠶᠢᠨ ᠮᠡᠳᠡᠴᠡ ᠶᠢ ᠥᠷᠭᠡᠳᠬᠡᠵᠦ᠂ ᠥᠷᠭᠡᠨ ᠣᠯᠠᠨ ᠲᠦᠮᠡᠨ ᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠢᠳᠡᠪᠬᠢᠲᠡᠢ ᠭᠦᠨᠵᠡᠭᠡᠢ ᠰᠤᠷᠤᠯᠴᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠢ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠢ ᠭᠡᠵᠦ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠪᠠ᠃        ᠭᠤᠷᠪᠠ ᠳᠤ᠂ ᠮᠥᠷᠡᠨ ᠤ ᠡᠷᠭᠢ ᠶᠢᠨ ᠰᠤᠮᠤᠨ ᠤ ᠬᠠᠤᠯᠢ ᠴᠠᠭᠠᠵᠠ ᠶᠢᠨ ᠭᠠᠵᠠᠷ ᠲᠠᠢ ᠬᠤᠯᠪᠣᠭᠠᠯᠠᠨ᠂ ᠬᠠᠷᠢᠶ᠎ᠠ ᠣᠷᠣᠨ ᠤ ᠮᠠᠯᠴᠢᠨ ᠲᠦᠮᠡᠨ ᠳᠤ 《 ᠠᠯᠢᠪᠠ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ 》 ᠪᠣᠯᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠮᠡᠳᠡᠯᠭᠡ ᠶᠢ ᠲᠦᠭᠡᠮᠡᠯᠵᠢᠭᠦᠯᠵᠦ᠂ 《 ᠨᠢᠭᠲᠠ ᠠᠴᠠ ᠦᠢᠯᠡᠳᠦᠯᠴᠡᠬᠦ 》 ᠬᠡᠯᠪᠡᠷᠢ ᠶᠢᠨ ᠤᠩᠰᠢᠨ ᠣᠶᠢᠯᠠᠭᠠᠬᠤ ᠠᠷᠭ᠎ᠠ ᠬᠡᠯᠪᠡᠷᠢ  ᠪᠠᠷ ᠳᠠᠮᠵᠢᠨ ᠤᠬᠠᠭᠤᠯᠵᠤ᠂ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠤᠬᠠᠭᠳᠠᠬᠤᠨ ᠢ ᠲᠠᠨᠢᠵᠤ᠂ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠪᠠ ᠬᠠᠷ᠎ᠠ ᠬᠠᠷᠭᠢᠰ ᠬᠦᠴᠦᠨ ᠤ ᠦᠨᠳᠦᠰᠦᠨ ᠣᠨᠴᠠᠯᠢᠭ ᠢ ᠢᠯᠭᠠᠨ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ 
C:\Users\q\Desktop\2 月苏木\2.20+2.jpg       ᠳᠠᠷᠠᠭ᠎ᠠ ᠠᠯᠬᠤᠮ ᠳᠤ᠂ ᠵᠠᠩᠭᠠᠨ ᠰᠤᠮᠤ 《 ᠶᠠᠯ᠎ᠠ ᠬᠢᠬᠦ ᠶᠢ ᠡᠰᠡᠷᠭᠦᠴᠡᠬᠦ ᠵᠣᠬᠢᠶᠠᠨ ᠪᠠᠶᠢᠭᠤᠯᠤᠯᠲᠠ ᠶᠢᠨ
ᠬᠠᠤᠯᠢ 》 ᠶᠢ ᠲᠦᠭᠡᠮᠡᠯᠵᠢᠭᠦᠯᠦᠨ ᠤᠬᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠮᠦᠨ ᠪᠦᠬᠦᠨ ᠮᠡᠳᠡᠬᠦ᠂ ᠬᠥᠮᠦᠨ ᠪᠦᠬᠦᠨ ᠣᠷᠣᠯᠴᠠᠬᠤ ᠠᠭᠤᠷ ᠠᠮᠢᠰᠬᠤᠯ ᠢ ᠪᠣᠢ ᠪᠣᠯᠭᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠦᠨᠡᠨᠬᠦ ᠨᠡᠮᠡᠭᠳᠡᠭᠦᠯᠬᠦ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2