ᠠᠯᠲᠠ ᠂ ᠴᠠᠭᠠᠨ ᠰᠠᠷ᠎ᠠ ᠠᠴᠠ ᠡᠮᠦᠨ᠎ᠡ᠂ ᠵᠠᠩᠭᠠᠨ ᠰᠤᠮᠤ ᠶᠢᠨ ᠬᠦᠴᠢᠷᠳᠡᠯ ᠲᠠᠢ ᠨᠠᠮ ᠤᠨ ᠭᠡᠰᠢᠭᠦᠨ ᠪᠣᠯᠤᠨ ᠣᠯᠠᠨ ᠲᠦᠮᠡᠨ ᠢ ᠲᠣᠬᠤᠨᠢᠭᠤᠯᠵᠠᠢ
ᠨᠡᠶᠢᠲᠡᠯᠡᠭᠰᠡᠨ ᠴᠠᠭ᠄
2024/2/28
      ᠠᠯᠲᠠ ᠂ ᠴᠠᠭᠠᠨ ᠰᠠᠷ᠎ᠠ ᠠᠴᠠ ᠡᠮᠦᠨ᠎ᠡ᠂ ᠵᠠᠩᠭᠠᠨ ᠰᠤᠮᠤ ᠶᠢᠨ ᠬᠦᠴᠢᠷᠳᠡᠯ ᠲᠠᠢ ᠨᠠᠮ ᠤᠨ ᠭᠡᠰᠢᠭᠦᠨ ᠪᠣᠯᠤᠨ ᠣᠯᠠᠨ ᠲᠦᠮᠡᠨ ᠢ ᠲᠣᠬᠤᠨᠢᠭᠤᠯᠵᠠᠢ               ᠴᠠᠭᠠᠨ ᠰᠠᠷ᠎ᠠ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠦᠨᠡᠡᠬᠦ ᠪᠣᠳᠠᠲᠠᠶᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ  ᠠᠯᠲᠠ᠂ ᠳᠡᠳ᠋ ᠲᠡᠷᠢᠭᠦᠯᠡᠭᠴᠢ ᠵᠠᠩ ᠮᠠᠨ ᠶᠤᠸᠠᠨ ᠨᠠᠷ ᠵᠠᠩᠭᠠᠨ ᠰᠤᠮᠤᠨ ᠳᠤ ᠭᠦᠨᠵᠡᠭᠡᠶᠢᠷᠡᠨ᠂ ᠬᠡᠰᠡᠭ ᠪᠦᠯᠦᠭ ᠬᠦᠴᠢᠷᠳᠡᠯ ᠲᠠᠢ ᠨᠠᠮ ᠤᠨ ᠭᠡᠰᠢᠭᠦᠨ ᠪᠠ ᠣᠯᠠᠨ ᠲᠦᠮᠡᠨ ᠢ ᠲᠣᠬᠤᠨᠢᠭᠤᠯᠵᠤ᠂ ᠲᠡᠳᠡᠨ ᠳᠤ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠬᠦᠷᠭᠡᠵᠦ᠂ ᠴᠢᠩ ᠰᠡᠳᠬᠢᠯ ᠤᠨ ᠮᠡᠨᠳᠦᠴᠢᠯᠡᠯ ᠪᠠ ᠪᠠᠶᠠᠷ ᠤᠨ ᠡᠳᠦᠷ ᠤᠨ ᠢᠷᠦᠭᠡᠯ ᠳᠡᠪᠰᠢᠭᠦᠯᠵᠡᠢ᠃ 
C:\Users\q\Desktop\2 月苏木\2.8+1.jpg       ᠲᠣᠬᠤᠨᠢᠭᠤᠯᠭ᠎ᠠ ᠶᠢᠨ ᠶᠠᠪᠤᠴᠠ ᠳᠤ᠂ ᠠᠯᠲᠠ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠶᠢᠨ
ᠪᠠᠶᠢᠳᠠᠯ ᠢ ᠨᠠᠷᠢᠨ ᠣᠶᠢᠯᠠᠭᠠᠵᠤ ᠲᠡᠳᠡᠨ ᠳᠤ ᠮᠥᠩᠭᠦ ᠭᠠᠷᠳᠠᠭᠤᠯᠪᠠ᠃ᠡᠭᠦᠨ ᠤ ᠬᠠᠮᠲᠤ᠂ ᠬᠦᠴᠢᠷ ᠪᠡᠷᠬᠡᠰᠢᠶᠡᠯ ᠲᠤᠯᠭᠠᠷᠠᠪᠠᠯ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠲᠤᠰᠬᠠᠵᠤ᠂ ᠬᠦᠴᠢᠷᠳᠡᠯ ᠪᠠᠶᠢᠪᠠᠯ ᠴᠠᠭ ᠲᠤᠬᠠᠢ ᠳᠤᠨᠢ ᠨᠠᠮ ᠤᠨ ᠵᠣᠬᠢᠶᠠᠨ ᠪᠠᠶᠢᠭᠤᠯᠤᠯᠲᠠ ᠳᠤ ᠳᠤᠷᠠᠳᠤᠨ ᠭᠠᠷᠭᠠᠵᠤ᠂ ᠨᠠᠮ ᠪᠠ ᠵᠠᠰᠠᠭ ᠤᠨ ᠣᠷᠳᠣᠨ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠲᠡᠳᠡᠨ ᠤ ᠠᠮᠢᠳᠤᠷᠠᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠨ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃
C:\Users\q\Desktop\2 月苏木\2.8+2.jpg       ᠨᠠᠮ ᠪᠠ ᠵᠠᠰᠠᠭ ᠤᠨ ᠣᠷᠳᠣᠨ ᠤ ᠲᠡᠳᠡᠨ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ᠂
ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠲᠡᠳᠡᠨ ᠳᠤ ᠴᠠᠭ ᠢᠮᠠᠭᠲᠠ ᠬᠦᠷᠲᠡᠨ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠦᠴᠦᠨ ᠨᠡᠮᠡᠷᠢᠯᠡᠨ᠎ᠡ ᠭᠡᠵᠦ ᠬᠦᠴᠢᠷᠳᠡᠯᠲᠡᠢ ᠨᠠᠮ ᠤᠨ ᠭᠡᠰᠢᠭᠦᠨ ᠪᠠ ᠣᠯᠠᠨ ᠲᠦᠮᠡᠨ ᠵᠠᠯᠭᠠᠪᠠᠷ ᠢᠯᠡᠳᠬᠡᠵᠦ ᠪᠠᠶᠢᠨ᠎ᠠ᠃ᠵᠠᠩᠭᠠᠨ ᠰᠤᠮᠤ ᠶᠢᠨ ᠨᠠᠮ ᠤᠨ ᠬᠤᠷᠢᠶᠠᠨ ᠤ  ᠱᠦᠵᠢ ᠳ᠋ᠤᠸᠠᠨ ᠵᠦᠩ ᠵᠢᠶᠧ᠂ ᠨᠠᠮ ᠤᠨ ᠬᠤᠷᠢᠶᠠᠨ ᠤ  ᠱᠦᠵᠢ ᠯᠢ ᠰᠢᠶᠠᠩ ᠯᠢᠩ ᠪᠠᠷ᠎ᠠ ᠪᠣᠯᠵᠤ  ᠲᠤᠬᠤᠨᠢᠭᠤᠯᠵᠠᠢ ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2