ᠳ᠋ᠦ᠋ᠩ ᠪᠠ ᠬᠤᠣ ᠰᠢᠶᠠᠩ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2024/2/28
      ᠳ᠋ᠦ᠋ᠩ ᠪᠠ ᠬᠤᠣ ᠰᠢᠶᠠᠩ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠭᠳᠡᠯ ᠤᠨ ᠪᠢᠴᠢᠭ            ᠲᠣᠰᠬᠤᠨ ᠤ ᠠᠷᠠᠳ ᠨᠠᠶᠢᠵᠠ ᠨᠠᠷ ᠡ ᠣᠯᠠᠨ ᠢᠶᠠᠷ ᠢᠶᠠᠨ ᠰᠠᠶᠢᠨ      2024 ᠣᠨ ᠤ 1 ᠰᠠᠷ᠎ᠠ ᠶᠢᠨ 19 ᠤ ᠡᠳᠦᠷ᠂ ᠾᠧᠨᠠᠨ ᠮᠣᠵᠢ ᠶᠢᠨ ᠨᠠᠨᠶᠠᠩ ᠬᠤᠲᠠ ᠶᠢᠨ ᠹᠠᠩ ᠴᠧᠩ ᠰᠢᠶᠠᠨ ᠤ ᠳᠤ ᠱᠤ᠋ ᠪᠠᠯᠭᠠᠰᠤᠨ ᠤ ᠴᠢᠳᠠᠪᠤᠷᠢᠲᠠᠨ ᠤ ᠰᠤᠷᠭᠠᠭᠤᠯᠢ ᠶᠢᠨ ᠪᠠᠶᠢᠷᠢ ᠶᠢᠨ ᠠᠰᠠᠷ ᠲᠤ ᠬᠦᠨᠳᠦ ᠨᠣᠴᠢᠲᠠᠢ ᠭᠠᠯ ᠤᠨ ᠠᠶᠤᠯ ᠭᠠᠷᠴᠤ᠂ 13 ᠬᠡᠦᠬᠡᠳ ᠦᠬᠦᠵᠦ᠂ 1 ᠬᠡᠦᠬᠡᠳ ᠰᠢᠷᠬᠠᠲᠤᠵᠠᠢ᠃1 ᠰᠠᠷ᠎ᠠ ᠶᠢᠨ 24 ᠤ ᠡᠳᠦᠷ ᠵᠢᠶᠠᠩᠰᠢ ᠮᠣᠵᠢ ᠶᠢᠨ ᠰᠢᠨ ᠢᠦ᠋ᠢ ᠬᠤᠲᠠ ᠶᠢᠨ ᠢ ᠯᠢᠨ ᠵᠡᠭᠡᠯᠢ ᠶᠢᠨ ᠫᠦᠰᠡᠨ ᠳᠤ ᠣᠨᠴᠠ ᠶᠡᠭᠡ ᠭᠠᠯ ᠤᠨ ᠭᠠᠮᠰᠢᠭ ᠭᠠᠷᠴᠤ᠂ 39 ᠬᠥᠮᠦᠨ ᠦᠬᠦᠵᠦ᠂ 9 ᠬᠥᠮᠦᠨ ᠰᠢᠷᠬᠠᠲᠤᠵᠠᠢ᠃ᠨᠢᠭᠡ ᠭᠠᠷᠠᠭ ᠤᠨ ᠳᠣᠲᠣᠷ᠎ᠠ᠂ ᠵᠠᠯᠭᠠᠭ᠎ᠠ ᠪᠠᠷ ᠬᠦᠨᠳᠦ ᠶᠡᠭᠡ ᠪᠠ ᠣᠨᠴᠠ ᠬᠦᠨᠳᠦ ᠶᠡᠭᠡ ᠠᠳᠡᠯ ᠭᠠᠷᠴᠤ᠂ ᠢᠯᠡᠷᠡᠭᠦᠯᠦᠭᠰᠡᠨ ᠠᠰᠠᠭᠤᠳᠠᠯ ᠤᠨ ᠰᠤᠷᠭᠠᠮᠵᠢ ᠲᠦᠢᠯ ᠤᠨ ᠭᠦᠨᠵᠡᠭᠡᠢ ᠪᠠᠶᠢᠨ᠎ᠠ᠃ᠣᠳᠣᠬᠠᠨ ᠳᠤ ᠶᠠᠭ ᠰᠠᠶᠢᠬᠠᠨ ᠡᠪᠦᠯ ᠬᠠᠪᠤᠷ ᠤᠨ ᠤᠯᠠᠷᠢᠯ ᠬᠦᠷᠴᠦ ᠪᠠᠶᠢᠭ᠎ᠠ ᠪᠥᠭᠡᠳ ᠴᠠᠭᠠᠨ ᠰᠠᠷ᠎ᠠ ᠣᠶᠢᠷᠠᠲᠤᠵᠤ᠂ ᠭᠠᠯ ᠪᠠ ᠴᠠᠬᠢᠯᠭᠠᠨ ᠪᠠ ᠰᠢᠲᠠᠮᠠᠬᠠᠢ ᠬᠡᠢ ᠪᠠᠷ ᠬᠡᠷᠡᠭᠯᠡᠬᠦ ᠲᠣᠰᠣ ᠬᠡᠷᠡᠭᠯᠡᠬᠦ ᠣᠷᠭᠢᠯ ᠤᠨ ᠬᠤᠭᠤᠴᠠᠭ᠎ᠠ ᠪᠣᠯᠵᠤ᠂ ᠲᠣᠮᠣ ᠬᠡᠯᠪᠡᠷᠢ ᠶᠢᠨ ᠠᠵᠢᠯᠯᠠᠭ᠎ᠠ᠂ ᠬᠥᠮᠦᠰ ᠨᠤᠲᠤᠭ ᠲᠠᠭᠠᠨ ᠪᠤᠴᠠᠬᠤ᠂ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ᠂ ᠠᠵᠤ ᠠᠬᠤᠶᠢᠯᠠᠯ ᠤᠨ ᠪᠠᠷᠢᠯᠭ᠎ᠠ ᠶᠢᠨ ᠠᠵᠢᠯ ᠶᠠᠭᠠᠷᠠᠤ ᠴᠠᠭ ᠦᠶ᠎ᠡ ᠳᠤ ᠣᠷᠣᠵᠤ᠂ ᠭᠠᠯ ᠤᠨ ᠠᠶᠤᠯ ᠤᠨ ᠳᠠᠯᠳᠠ ᠭᠡᠮ ᠢᠯᠡᠳᠲᠡ ᠨᠡᠮᠡᠭᠳᠡᠵᠦ ᠪᠠᠶᠢᠨ᠎ᠠ᠃ ᠭᠠᠯ ᠤᠨ ᠠᠶᠤᠯ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠠᠳᠡ᠂ ᠵᠡᠭᠦᠨ ᠨᠠᠢᠮᠠᠳᠤᠭᠠᠷ ᠨᠣᠮᠧᠷᠲᠦ ᠰᠢᠶᠠᠩ ᠤᠨ ᠠᠷᠠᠳ ᠤᠨ ᠵᠠᠰᠠᠭ ᠤᠨ ᠣᠷᠳᠣᠨ᠋‌‍ᠠ᠋ᠴᠠ ᠡᠯ᠎ᠡ ᠨᠡᠶᠢᠭᠡᠮ ᠨᠢᠭᠡᠴᠢ ᠪᠣᠯᠤᠨ ᠥᠷᠭᠡᠨ ᠣᠯᠠᠨ ᠲᠦᠮᠡᠨ ᠳᠤ ᠳᠣᠣᠷᠠᠬᠢ ᠬᠡᠳᠦᠨ ᠲᠠᠯ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢ ᠰᠠᠨᠠᠭᠤᠯᠵᠠᠢ᠄       ᠨᠢᠭᠡ᠂ ᠬᠠᠷᠢᠶᠠᠲᠤ ᠣᠷᠣᠨ ᠤ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ       ᠡᠯ᠎ᠡ ᠲᠣᠰᠬᠤᠨ ᠤ ᠠᠷᠠᠳ ᠤᠨ ᠵᠥᠪᠯᠡᠯ ᠨᠢ ᠭᠠᠯ ᠤᠨᠲᠠᠷᠠᠭᠠᠵᠤ ᠠᠶᠤᠯ‌‍ᠠ᠋ᠴᠠ ᠬᠠᠮᠠᠭᠠᠯᠠᠬᠤ ᠶᠢᠨ ᠶᠡᠬᠡᠪᠡᠷ ᠵᠢᠭᠰᠡᠭᠠᠨ ᠪᠠᠶᠢᠴᠠᠭᠠᠬᠤ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠳᠠᠯᠳᠠ ᠭᠡᠮ ᠢ ᠦᠨᠡᠨᠬᠦ ᠠᠷᠢᠯᠭᠠᠬᠤ ᠬᠡᠷᠡᠭᠲᠡᠢ᠃ ᠭᠠᠯ ᠤᠨᠲᠠᠷᠠᠭᠠᠬᠤ ᠤᠰᠤᠨ ᠤ ᠰᠤᠷᠪᠤᠯᠵᠢ᠂ ᠵᠠᠮ ᠤᠨ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠡᠬᠢ ᠰᠤᠷᠪᠤᠯᠵᠢ ᠭᠦᠢᠴᠡᠳ᠂ ᠵᠠᠮ ᠤᠨ ᠰᠠᠭᠠᠳ ᠥᠬᠡᠢ ᠨᠡᠪᠲᠡᠷᠡᠬᠦ ᠶᠢ ᠦᠨᠡᠨᠬᠦ ᠪᠠᠲᠤᠯᠠᠨ᠎ᠠ᠃ ᠴᠠᠬᠢᠯᠭᠠᠨ ᠬᠦᠴᠦᠨ ᠤ ᠬᠥᠮᠦᠰ ᠲᠠᠢ ᠬᠠᠮᠵᠢᠯᠴᠠᠨ ᠴᠠᠬᠢᠯᠭᠠᠨ ᠬᠡᠷᠡᠭᠯᠡᠬᠦ ᠳᠤ ᠪᠠᠶᠢᠴᠠᠭᠠᠯᠲᠠ ᠬᠢᠵᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠢ᠃ ᠥᠨᠥᠴᠢᠨ ᠪᠡᠯᠪᠡᠰᠦᠨ ᠨᠠᠰᠤᠲᠠᠳ ᠲᠤ ᠠᠮᠤᠷ ᠲᠦᠪᠰᠢᠨ ᠤ ᠬᠢᠨᠠᠯᠲᠠ ᠲᠠᠯᠪᠢᠵᠤ ᠬᠠᠮᠠᠭᠠᠯᠠᠬᠤ ᠶᠢ ᠴᠢᠩᠭᠠᠳᠬᠠᠨ᠂ ᠠᠷᠢᠬᠢᠨ ᠳᠤ ᠰᠢᠨᠤᠬᠤ ᠦᠭᠡᠢ᠂ ᠣᠷᠣᠨ ᠳᠠᠭᠠᠨ ᠬᠡᠪᠲᠡᠵᠦ ᠲᠠᠮᠠᠬᠢ ᠲᠠᠲᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠣᠰᠬᠤᠨ ᠤ ᠠᠷᠠᠳ ᠤᠨ ᠲᠠᠬᠢᠯ᠂ ᠫᠤᠤᠵᠢᠩ ᠲᠠᠯᠪᠢᠬᠤ ᠳᠠᠭᠠᠨ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠡᠭᠦᠨ ᠤ ᠬᠠᠮᠲᠤ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠪᠠᠨ ᠴᠢᠩᠭᠠᠳᠬᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠲᠣᠰᠬᠤᠨ ᠪᠣᠯᠭᠠᠨ ᠳᠤ ᠪᠦᠷᠢᠶ᠎ᠡ ᠳᠤᠤᠭᠠᠷᠭᠠᠬᠤ᠂ ᠤᠬᠠᠭᠤᠯᠭ᠎ᠠ ᠶᠢᠨ ᠪᠤᠯᠤᠩ ᠤᠬᠠᠭᠤᠯᠬᠤ ᠵᠡᠷᠭᠡ ᠶᠢ ᠠᠰᠢᠭᠯᠠᠨ ᠭᠠᠯ ᠤᠨᠲᠠᠷᠠᠭᠠᠬᠤ ᠤᠬᠠᠭᠤᠯᠭ᠎ᠠ ᠪᠠᠨ ᠴᠢᠩᠭᠠᠳᠬᠠᠵᠤ᠂ ᠣᠯᠠᠨ ᠲᠦᠮᠡᠨ ᠤ ᠭᠠᠯ ᠤᠨᠲᠠᠷᠠᠭᠠᠬᠤ ᠦᠵᠡᠯ ᠤᠬᠠᠮᠰᠠᠷ ᠪᠣᠯᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃        ᠬᠤᠶᠠᠷ᠂ ᠨᠢᠭᠡᠴᠡ ᠶᠢᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ        ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠨᠢᠭᠡᠴᠡ ᠶᠢᠨ ᠭᠠᠯ ᠤᠨᠲᠠᠷᠠᠭᠠᠵᠤ ᠠᠶᠤᠯ‌‍ᠠ᠋ᠴᠠ ᠬᠠᠮᠠᠭᠠᠯᠠᠬᠤ ᠠᠵᠢᠯ ᠳᠤ ᠨᠢᠭᠡ ᠤᠳᠠᠭᠠᠨ ᠤ ᠪᠦᠬᠦ ᠲᠠᠯ᠎ᠠ ᠶᠢᠨ ᠵᠢᠭᠰᠡᠭᠠᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠴᠠᠭᠠᠨ ᠰᠠᠷ᠎ᠠ  ᠠᠴᠠ ᠡᠮᠦᠨ᠎ᠡ ᠠᠵᠢᠯᠲᠠᠨ ᠠᠵᠢᠯᠴᠢᠨ ᠳᠤ ᠨᠢᠭᠡ ᠤᠳᠠᠭᠠᠨ ᠤ ᠭᠠᠯ ᠤᠨᠲᠠᠷᠠᠭᠠᠬᠤ ᠬᠥᠮᠦᠵᠢᠯ ᠥᠷᠨᠢᠭᠦᠯᠵᠦ᠂ ᠭᠠᠯ ᠤᠨᠲᠠᠷᠠᠭᠠᠬᠤ ᠦᠵᠡᠯ ᠤᠬᠠᠮᠰᠠᠷ ᠢ ᠨᠢ ᠴᠢᠩᠭᠠᠳᠬᠠᠨ᠂ ᠠᠵᠢᠯ ᠤᠨ ᠪᠠᠶᠢᠷᠢ ᠶᠢᠨ ᠭᠠᠯ ᠤᠨᠲᠠᠷᠠᠭᠠᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠵᠡᠩᠨᠡᠯᠲᠡ ᠶᠢᠨ ᠬᠤᠭᠤᠴᠠᠭᠠᠨ ᠳᠤ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠪᠠ ᠠᠷᠢᠯᠭᠠᠬᠤ ᠬᠡᠷᠡᠭᠲᠡᠢ᠃ ᠲᠠᠷᠬᠠᠭᠠᠨ ᠶᠠᠪᠤᠭᠤᠯᠬᠤ ᠵᠠᠮ᠂ ᠠᠶᠤᠯ ᠦᠭᠡᠢ ᠭᠠᠷᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠪᠠᠷᠠᠭᠠᠨ ᠤ ᠵᠢᠶᠠᠰᠠ ᠶᠢᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠬᠢᠵᠦ᠂ ᠠᠶᠤᠯ ᠦᠭᠡᠢ ᠲᠠᠷᠬᠠᠭᠠᠨ ᠶᠠᠪᠤᠭᠤᠯᠬᠤ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠤ ᠬᠡᠷᠡᠭᠲᠡᠢ᠂ ᠭᠠᠯ ᠤᠨᠲᠠᠷᠠᠭᠠᠬᠤ ᠪᠡᠯᠡᠳᠬᠡᠮᠵᠢ ᠪᠣᠯᠤᠨ ᠲᠠᠷᠬᠠᠭᠠᠨ ᠶᠠᠪᠤᠭᠤᠯᠬᠤ ᠭᠤᠲᠤᠮ ᠬᠠᠯᠬᠠᠯᠠᠵᠤ ᠪᠣᠯᠬᠤ ᠦᠭᠡᠢ᠂ ᠠᠶᠤᠯ ᠦᠭᠡᠢ ᠲᠠᠷᠬᠠᠭᠠᠨ ᠶᠠᠪᠤᠭᠤᠯᠬᠤ ᠵᠠᠢ ᠶᠢ ᠡᠪᠳᠡᠵᠦ ᠪᠣᠯᠬᠤ ᠦᠭᠡᠢ᠃ ᠡᠭᠦᠨ ᠤ ᠬᠠᠮᠲᠤ ᠭᠠᠯ ᠤᠨᠲᠠᠷᠠᠭᠠᠬᠤ ᠵᠢᠵᠢᠭᠦᠷᠯᠡᠬᠦ ᠠᠵᠢᠯ ᠢ ᠴᠢᠩᠭᠠᠳᠬᠠᠵᠤ᠂ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃           ᠭᠤᠷᠪᠠ᠂ ᠭᠡᠷ ᠪᠦᠯᠢ ᠶᠢᠨ ᠭᠠᠯ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠢ         ᠥᠷᠭᠡᠨ ᠣᠯᠠᠨ ᠲᠣᠰᠬᠤᠨ ᠤ ᠠᠷᠠᠳ ᠳᠤᠷ᠎ᠠ ᠪᠠᠷ ᠢᠶᠠᠨ ᠴᠠᠬᠢᠯᠭᠠᠨ ᠤᠲᠠᠰᠤ ᠵᠠᠯᠭᠠᠵᠤ᠂ ᠳᠠᠭᠠᠭᠠᠴᠠ  ᠠᠴᠠ ᠬᠡᠲᠦᠷᠡᠭᠦᠯᠦᠨ ᠴᠠᠬᠢᠯᠭᠠᠨ ᠬᠡᠷᠡᠭᠯᠡᠵᠦ᠂ ᠢᠯᠡ ᠭᠠᠯ ᠬᠡᠷᠡᠭᠯᠡᠵᠦ ᠬᠤᠭᠤᠯᠠ ᠬᠢᠬᠦ ᠲᠣᠭᠤᠭᠠᠨ ᠭᠡᠷ ᠢ ᠪᠤᠰᠤᠳ ᠣᠷᠣᠨ ᠪᠦᠰᠡ ᠠᠴᠠ ᠰᠠᠯᠭᠠᠵᠤ᠂ ᠲᠣᠭᠤᠭᠠᠨ ᠭᠡᠷ ᠠᠴᠠ ᠭᠠᠳᠠᠨᠠᠬᠢ ᠣᠷᠣᠨ ᠳᠤ ᠢᠯᠡ ᠭᠠᠯ ᠬᠡᠷᠡᠭᠯᠡᠵᠦ ᠪᠣᠯᠬᠤ ᠦᠭᠡᠢ᠃ ᠭᠡᠷ ᠬᠦᠷᠢᠶ᠎ᠡ ᠪᠠᠨ ᠴᠠᠭ ᠲᠤᠬᠠᠢ ᠳᠤᠨᠢ ᠢᠯᠭᠠᠷᠠᠭᠤᠯᠤᠨ᠂ ᠵᠤᠤᠬ᠎ᠠ ᠪᠠᠨ ᠢᠯᠭᠠᠷᠠᠭᠤᠯᠤᠨ᠂ ᠭᠡᠷ ᠠᠴᠠ ᠰᠠᠯᠬᠤ ᠪᠤᠶᠤ ᠤᠨᠲᠠᠵᠤ ᠣᠷᠣᠬᠤ ᠦᠶ᠎ᠡ ᠳᠤ ᠴᠢᠬᠤᠯᠠ ᠪᠤᠰᠤ ᠴᠠᠬᠢᠯᠭᠠᠨ ᠡᠭᠦᠰᠬᠡᠭᠴᠢ ᠶᠢ ᠬᠠᠭᠠᠵᠤ᠂ ᠭᠠᠯ ᠤᠨ ᠡᠬᠢ ᠶᠢ ᠨᠢ ᠬᠠᠭᠠᠬᠤ ᠬᠡᠷᠡᠭᠲᠡᠢ᠃ ᠡᠷᠦᠬᠡ ᠳᠤ ᠣᠷᠣᠬᠤ ᠶᠡᠷᠦᠩᠬᠡᠢ ᠬᠠᠭᠠᠯᠲᠠ ᠳᠤ ᠡᠷᠬᠡᠪᠰᠢ ᠴᠠᠬᠢᠯᠭᠠᠨ ᠬᠡᠷᠡᠭᠯᠡᠬᠦ ᠬᠠᠮᠠᠭᠠᠯᠠᠯᠲᠠ ᠶᠢᠨ ᠲᠥᠬᠦᠭᠡᠷᠦᠮᠵᠢ ᠨᠡᠮᠡᠵᠦ᠂ ᠵᠡᠰ ᠤᠲᠠᠰᠤ᠂ ᠲᠡᠮᠦᠷ ᠤᠲᠠᠰᠤ ᠪᠠᠷ ᠬᠠᠮᠠᠭᠠᠯᠠᠭᠤᠷ ᠤᠲᠠᠰᠤ ᠶᠢ ᠣᠷᠣᠯᠠᠭᠤᠯᠬᠤ ᠶᠢ ᠡᠷᠡᠰ ᠴᠠᠭᠠᠵᠠᠯᠠᠨ᠎ᠠ᠃ ᠭᠠᠳᠠᠷ ᠴᠣᠩᠬᠤᠨ ᠳᠡᠭᠡᠷ᠎ᠡ ᠵᠠᠶᠢᠯᠠᠭᠤᠯᠵᠤ ᠲᠠᠷᠬᠠᠭᠠᠬᠤ ᠪᠠ ᠠᠪᠤᠷᠠᠵᠤ ᠲᠤᠰᠠᠯᠠᠬᠤ ᠶᠢ ᠨᠥᠯᠥᠭᠡᠯᠡᠬᠦ ᠰᠠᠭᠠᠳ ᠲᠣᠳᠬᠠᠷ ᠲᠠᠯᠪᠢᠵᠤ ᠪᠣᠯᠬᠤ ᠥᠬᠡᠢ᠃ ᠭᠡᠷ ᠳᠣᠲᠣᠷ᠎ᠠ ᠴᠢᠶ᠋ᠢᠦ᠂ ᠴᠠᠶ᠋ᠢᠶ᠋ᠢᠧ᠂ ᠰᠫᠢᠷᠲ ᠵᠡᠷᠭᠡ ᠶᠢ  ᠪᠠᠷᠢᠮᠵᠢᠶ᠎ᠠ ᠠᠴᠠ ᠬᠡᠲᠦᠷᠡᠭᠦᠯᠦᠨ ᠬᠠᠳᠠᠭᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠶᠢ ᠠᠮᠤᠷ ᠲᠦᠪᠰᠢᠨ ᠢ ᠠᠩᠬᠠᠷᠴᠤ᠂ ᠬᠠᠤᠯᠢ ᠪᠤᠰᠤ ᠪᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠥᠭᠡᠷᠡᠴᠢᠯᠡᠨ ᠤᠭᠰᠠᠷᠠᠬᠤ᠂ ᠴᠠᠬᠢᠯᠭᠠᠨ ᠢ ᠬᠡᠲᠦᠷᠡᠲᠡᠯ᠎ᠡ ᠴᠡᠨᠡᠭᠯᠡᠬᠦ ᠶᠢ ᠰᠡᠷᠭᠡᠶᠢᠯᠡᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ( ᠳ᠋ᠢᠶᠠᠨ ᡂᠢ ) ᠳᠤ ᠭᠡᠷ ᠲᠤ ᠣᠷᠣᠵᠤ ᠪᠣᠯᠬᠤ ᠥᠬᠡᠢ᠃ᠳᠤᠯᠠᠭᠠᠯᠠᠯᠭ᠎ᠠ ᠳᠤ ᠬᠡᠷᠡᠭᠯᠡᠬᠦ ᠴᠠᠬᠢᠯᠭᠠᠨ ᠢᠯᠴᠢ ᠶᠢᠨ ᠪᠠᠭᠠᠵᠢ ᠬᠡᠷᠡᠭᠰᠡᠯ ᠢ ᠰᠢᠲᠠᠮᠠᠬᠠᠢ  ᠡᠳ᠋ ᠠᠴᠠ 50 ᠰᠡᠨᠲ᠋ᠢᠮᠧᠳ᠋ᠷ‌‍ᠡᠴᠡ ᠳᠡᠭᠡᠭᠰᠢᠬᠢ ᠵᠠᠢ ᠲᠠᠢ ᠪᠠᠶᠢᠯᠭᠠᠬᠤ ᠬᠡᠷᠡᠭᠲᠡᠢ᠂ ᠳᠤᠯᠠᠭᠠᠯᠠᠯᠭ᠎ᠠ ᠶᠢᠨ ᠮᠠᠰᠢᠨ ᠳᠡᠭᠡᠷ᠎ᠡ ᠬᠤᠪᠴᠠᠰᠤ ᠬᠤᠨᠠᠷ ᠢ ᠪᠦᠷᠬᠦᠵᠦ ᠪᠣᠯᠬᠤ ᠦᠭᠡᠢ᠃ ᠭᠡᠷ ᠳᠣᠲᠣᠷ᠎ᠠ ᠬᠤᠸᠠᠷ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠵᠤ᠂ ᠭᠡᠷ ᠤᠨ ᠭᠠᠳᠠᠨ᠎ᠠ ᠬᠤᠸᠠᠷ ᠫᠤᠤᠵᠢᠩ ᠲᠠᠯᠪᠢᠬᠤ ᠳᠠᠭᠠᠨ ᠨᠣᠴᠣᠬᠤ  ᠪᠤᠳᠠᠰ ᠠᠴᠠ ᠬᠤᠯᠠ ᠵᠠᠶᠢᠲᠠᠢ ᠪᠠᠶᠢᠯᠭᠠᠵᠤ᠂ ᠬᠥᠮᠦᠨ ᠣᠯᠠᠨ᠂ ᠪᠠᠷᠢᠯᠭ᠎ᠠ ᠶᠢᠨ ᠭᠠᠳᠠᠷ ᠴᠣᠩᠬᠤᠨ ᠳᠤ ᠬᠤᠸᠠᠷ ᠫᠤᠤᠵᠢᠩ ᠰᠦᠷᠴᠢᠬᠦ ᠪᠤᠶᠤ ᠬᠤᠸᠠᠷ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃《 ᠺᠦᠩ ᠮᠢᠩ ᠳ᠋ᠧᠩ 》 ᠲᠠᠯᠪᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃         ᠳᠥᠷᠪᠡ᠂ ᠭᠠᠯ ᠤᠨ ᠠᠶᠤᠯ ᠢ ᠠᠷᠭᠠᠴᠠᠬᠤ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ        ᠭᠠᠯ ᠤᠨ ᠠᠶᠤᠯ ᠲᠣᠬᠢᠶᠠᠯᠳᠤᠭᠰᠠᠨ ᠦᠶ᠎ᠡ ᠳᠤ ᠴᠠᠭ ᠲᠤᠬᠠᠢ ᠳᠤᠨᠢ ᠴᠠᠭᠳᠠᠭ᠎ᠠ ᠳᠤ ᠮᠡᠳᠡᠭᠦᠯᠵᠦ᠂ ᠴᠠᠭᠳᠠᠭ᠎ᠠ ᠳᠤ ᠮᠡᠳᠡᠭᠦᠯᠬᠦ ᠤᠲᠠᠰᠤ119 ᠤᠲᠠᠰᠤ ᠶᠢ ᠦᠳᠲᠡᠷ ᠲᠦᠷᠭᠡᠨ ᠵᠥᠪ ᠣᠨᠣᠪᠴᠢᠲᠠᠢ ᠪᠠᠷ ᠠᠮᠢ ᠠᠴᠠ ᠵᠠᠶᠢᠯᠠᠭᠤᠯᠵᠤ᠂ ᠡᠳ᠋ ᠪᠣᠳᠠᠰ ᠲᠤ ᠰᠢᠨᠤᠬᠠᠶᠢᠷᠠᠬᠤ ᠦᠭᠡᠢ ᠪᠠᠶᠢᠬᠤ ᠬᠡᠷᠡᠭᠲᠡᠢ᠃ ᠠᠮᠤᠷ ᠲᠦᠪᠰᠢᠨ ᠤ ᠵᠢᠭᠠᠯᠲᠠ ᠲᠡᠮᠳᠡᠭ ᠪᠤᠶᠤ ᠭᠠᠯ ᠤᠨᠲᠠᠷᠠᠭᠠᠬᠤ ᠠᠵᠢᠯᠲᠠᠨ ᠤ ᠬᠥᠲᠥᠯᠦᠨ ᠵᠢᠯᠣᠭᠤᠳᠬᠤ ᠶᠢ ᠦᠨᠳᠦᠰᠦᠯᠡᠨ ᠲᠠᠷᠬᠠᠭᠠᠬᠤ ᠬᠡᠷᠡᠭᠲᠡᠢ᠂ ᠰᠢᠬᠠᠯᠳᠤᠬᠤ᠂ ᠭᠢᠰᠬᠢᠬᠦ ᠦᠭᠡᠢ ᠪᠠᠶᠢᠵᠤ ᠪᠣᠯᠬᠤ ᠦᠭᠡᠢ᠃ᠳᠤᠲᠠᠭᠠᠵᠤ ᠵᠠᠶᠢᠯᠠᠬᠤ ᠠᠷᠭ᠎ᠠ ᠦᠭᠡᠢ ᠦᠶᠡᠰ᠂ ᠭᠠᠯ ᠤᠨᠲᠠᠷᠠᠭᠰᠠᠨ ᠡᠭᠦᠳᠡ ᠴᠣᠩᠬᠤ ᠪᠠᠨ ᠬᠠᠭᠠᠵᠤ᠂ ᠨᠦᠢᠲᠠᠨ ᠬᠥᠨᠵᠢᠯᠡ ᠳᠡᠪᠢᠰᠬᠡᠷ᠂ ᠬᠤᠪᠴᠠᠰᠤ ᠬᠤᠨᠠᠷ ᠢᠶᠠᠷ ᠡᠭᠦᠳᠡᠨ ᠵᠠᠪᠰᠠᠷ ᠢ ᠪᠥᠭᠯᠡᠭᠦᠯᠵᠦ᠂ ᠠᠪᠤᠷᠠᠯᠲᠠ ᠶᠢᠨ ᠳᠣᠬᠢᠶ᠎ᠠ ᠥᠭᠴᠦ᠂ ᠠᠪᠤᠷᠠᠨ ᠲᠤᠰᠠᠯᠠᠬᠤ ᠶᠢ ᠬᠦᠯᠢᠴᠡᠩᠭᠦᠢ ᠪᠠᠷ ᠬᠦᠯᠢᠶᠡᠬᠦ ᠬᠡᠷᠡᠭᠲᠡᠢ᠃ᠪᠡᠶ᠎ᠡ ᠳᠡᠭᠡᠷ᠎ᠡ ᠭᠠᠯ ᠭᠠᠷᠤᠭᠰᠠᠨ ᠪᠣᠯ ᠳᠣᠣᠷ᠎ᠠ ᠪᠠᠨ ᠥᠩᠬᠦᠷᠢᠵᠦ᠂ ᠡᠰᠡᠬᠦᠯ᠎ᠡ ᠬᠤᠪᠴᠠᠰᠤ ᠬᠤᠨᠠᠷ ᠢᠶᠠᠷ ᠭᠠᠯ ᠢ ᠪᠦᠲᠡᠭᠡᠵᠦ ᠤᠨᠲᠠᠷᠠᠭᠠᠨ᠎ᠠ᠂ ᠭᠠᠯ ᠠᠪᠴᠤ ᠵᠢᠭᠤᠲᠠᠭᠤᠯᠵᠤ ᠶᠠᠭᠠᠬᠢᠭᠰᠠᠨ ᠴᠤ ᠪᠣᠯᠬᠤ ᠦᠭᠡᠢ᠃         ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠬᠥᠮᠦᠨ ᠪᠦᠬᠦᠨ ᠤ ᠬᠠᠷᠢᠭᠤᠴᠠᠯᠭ᠎ᠠ ᠃ ᠥᠷᠭᠡᠨ ᠣᠯᠠᠨ ᠲᠣᠰᠬᠤᠨ ᠤ ᠠᠷᠠᠳ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠳᠠᠷᠦ᠋ᠢᠬᠠᠨ ᠬᠥᠳᠡᠯᠦᠯᠴᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠪᠦᠯ ᠬᠠᠪᠤᠷ ᠤᠨ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ 《 ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ 》 ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠣᠢ ᠪᠣᠯᠭᠠᠬᠤ ᠬᠡᠷᠡᠭᠲᠡᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2