ᠵᠢᠢ ᠱᠧᠩ ᠲᠠᠢ ᠪᠠᠯᠭᠠᠰᠤ 2023 ᠣᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/2/28
      ᠵᠢᠢ ᠱᠧᠩ ᠲᠠᠢ ᠪᠠᠯᠭᠠᠰᠤ 2023 ᠣᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠡ            1 ᠰᠠᠷ᠎ᠠ ᠶᠢᠨ 22 ᠤ ᠡᠳᠦᠷ᠂ ᠵᠢᠢ ᠱᠧᠩ ᠲᠠᠢ ᠪᠠᠯᠭᠠᠰᠤ 2023 ᠣᠨ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠶᠦᠨ ᠹᠧᠩ ᠬᠤᠷᠠᠯ ᠡᠷᠬᠢᠯᠡᠨ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠣᠷᠣᠯᠴᠠᠪᠠ᠃       ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠹᠠᠨ ᠶᠠᠨ ᠪᠢᠨ᠂ ᠬᠤᠰᠢᠭᠤᠨ ᠤ ᠳᠣᠯᠣᠳᠤᠭᠠᠷ ᠬᠤᠯᠪᠣᠭ᠎ᠠ ᠠᠪᠬᠤ ᠵᠢᠯᠣᠭᠤᠳᠬᠤ ᠳᠤᠭᠤᠶᠢᠯᠠᠩ ᠤᠨ ᠬᠢᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃        ᠵᠢᠢ ᠱᠧᠩ ᠲᠠᠢ ᠪᠠᠯᠭᠠᠰᠤ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ  ᠪᠠᠷ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠎ᠠ᠃ᠬᠤᠷᠠᠯ‌‍ᠠ᠋ᠴᠠ ᠡᠮᠦᠨ᠎ᠡ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ ᠢ ᠲᠣᠭᠲᠠᠭᠠᠪᠠ᠃ ᠶᠡᠷᠦᠩᠬᠡᠢ ᠱᠦᠵᠢ ᠰᠢ ᠶᠢᠨ ᠫᠢᠩ ᠤᠨ 12 ᠰᠠᠷ᠎ᠠ ᠶᠢᠨ 21 ᠤ ᠡᠳᠦᠷ ᠲᠥᠪ ᠤᠨ ᠤᠯᠤᠰ ᠲᠥᠷᠥ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠦᠷ ᠰᠦᠯᠳᠡ ᠶᠢ ᠰᠤᠷᠤᠯᠴᠠᠬᠤ᠂ ᠣᠶᠤᠨ ᠤᠬᠠᠭᠠᠨ ᠢ ᠰᠤᠷᠤᠯᠴᠠᠬᠤ᠂ ᠲᠥᠪ ᠰᠤᠷᠲᠠᠯ ᠢ ᠰᠤᠷᠤᠯᠴᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠵᠡᠷᠭᠡ ᠲᠤᠬᠠᠢ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠵᠠᠢ᠃ ᠤᠳᠤᠷᠢᠳᠬᠤ ᠪᠠᠭ ᠤᠨ ᠪᠦᠷᠢᠯᠳᠦᠬᠦᠨ ᠨᠠᠷ ᠰᠡᠳᠬᠢᠯ ᠤᠨ ᠶᠠᠷᠢᠯᠴᠠᠭ᠎ᠠ ᠭᠦᠨᠵᠡᠭᠡᠢ ᠥᠷᠨᠢᠭᠦᠯᠵᠦ᠂ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠠ ᠬᠤᠪᠢ ᠬᠥᠮᠦᠨ ᠤ ᠶᠠᠷᠢᠶᠠᠨ ᠤ ᠬᠥᠲᠥᠯᠪᠦᠷᠢ ᠶᠢ ᠬᠢᠨᠠᠮᠠᠭᠠᠢ ᠲᠤᠭᠤᠷᠪᠢᠵᠤ᠂ ᠴᠢᠨᠠᠷ ᠰᠠᠶᠢᠲᠠᠢ ᠠᠷᠠᠳᠴᠢᠯᠠᠯ ᠤᠨ ᠠᠮᠢᠳᠤᠷᠠᠯ ᠢ ᠰᠠᠶᠢᠨ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠶᠦᠨ ᠹᠧᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠪᠤᠰᠤᠳ ᠪᠠᠭ ᠤᠨ ᠪᠦᠷᠢᠯᠳᠦᠬᠦᠨ ᠳᠡᠰ ᠳᠠᠷᠠᠭᠠᠯᠠᠨ ᠬᠠᠷᠢᠴᠠᠭᠤᠯᠤᠨ ᠪᠠᠶᠢᠴᠠᠭᠠᠬᠤ ᠪᠠ ᠥᠪᠡᠷ ᠤᠨ ᠰᠢᠭᠦᠮᠵᠢᠯᠡᠯ ᠬᠢᠵᠦ᠂ ᠪᠠᠭ ᠤᠨ ᠪᠦᠷᠢᠯᠳᠦᠬᠦᠨ ᠬᠤᠭᠤᠷᠣᠨᠳᠣ ᠪᠠᠨ ᠰᠢᠭᠦᠮᠵᠢᠯᠡᠬᠦ ᠰᠠᠨᠠᠯ ᠳᠤᠷᠠᠳᠤᠨ ᠭᠠᠷᠭᠠᠪᠠ᠃         ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠹᠠᠨ ᠶᠠᠨ ᠪᠢᠨ ᠬᠤᠷᠠᠯ ᠳᠡᠭᠡᠷ᠎ᠡ ᠵᠢᠭᠠᠭᠰᠠᠨ  ᠨᠢ᠂ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠪᠡᠯᠡᠳᠬᠡᠯ ᠬᠢᠵᠦ᠂ ᠤᠳᠤᠷᠢᠳᠬᠤ ᠪᠠᠭ ᠨᠠᠷᠢᠨ ᠨᠢᠮᠪᠠᠢ ᠪᠣᠳᠣᠯᠬᠢᠯᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠪᠢᠴᠢᠵᠦ᠂ ᠦᠨᠡᠨ᠋‌‍ᠡᠴᠡ ᠵᠥᠪ ᠢ ᠡᠷᠢᠵᠦ ᠬᠠᠷᠢᠯᠴᠠᠨ ᠰᠢᠭᠦᠮᠵᠢᠯᠡᠵᠦ᠂ ᠦᠨᠡᠨᠴᠢ ᠰᠢᠳᠤᠷᠭᠤ ᠪᠠᠷ ᠬᠠᠷᠢᠯᠴᠠᠨ ᠬᠠᠨᠳᠤᠬᠤ ᠶᠢ ᠪᠡᠶᠡᠯᠡᠭᠦᠯᠪᠡ᠃ᠤᠳᠤᠷᠢᠳᠬᠤ ᠪᠠᠭ ᠤᠨ ᠪᠦᠷᠢᠯᠳᠦᠬᠦᠨ ᠠᠰᠠᠭᠤᠳᠠᠯ ᠢ ᠡᠷᠢᠵᠦ᠂ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠨᠠᠷᠢᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢᠳᠦᠨ ᠡᠮᠦᠨᠡᠬᠢ ᠴᠡᠭᠴᠡᠯᠡᠨ ᠰᠠᠶᠢᠵᠢᠷᠠᠭᠤᠯᠬᠤ ᠳᠤ ᠰᠠᠭᠤᠷᠢᠯᠠᠨ᠂ ᠠᠯᠤᠰ ᠬᠡᠳᠦ ᠶᠢᠨ ᠪᠦᠲᠦᠭᠡᠨ ᠪᠠᠶᠢᠭᠤᠯᠤᠯᠲᠠ ᠶᠢ ᠪᠣᠳᠣᠯᠬᠢᠯᠠᠳᠠᠭ᠃         ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠶᠦᠨ ᠹᠧᠩ ᠬᠠᠮᠤᠭ ᠰᠡᠭᠦᠯᠴᠢ ᠶᠢᠨ ᠶᠠᠷᠢᠶ᠎ᠠ ᠲᠠᠯᠪᠢᠬᠤ ᠳᠤ ᠪᠠᠨ ᠴᠢᠬᠤᠯᠠᠴᠢᠯᠠᠭᠰᠠᠨ ᠨᠢ ᠨᠢᠭᠡ ᠳᠤ᠂ ᠣᠨᠣᠯ ᠤᠨ ᠵᠡᠪᠰᠡᠭᠯᠡᠯ ᠢᠶᠠᠨ ᠭᠦᠨᠵᠡᠭᠡᠶᠢᠷᠡᠭᠦᠯᠵᠦ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠵᠢᠴᠢ ᠥᠪᠥᠷ ᠮᠣᠩᠭᠤᠯ ᠳᠤ ᠬᠠᠨᠳᠤᠭᠤᠯᠤᠭᠰᠠᠨ ᠠᠯᠢ ᠣᠯᠠᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠮᠡᠳᠡᠭᠦᠯᠦᠯᠲᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ 《 ᠨᠠᠮ ᠤᠨ ᠳᠦᠷᠢᠮ 》 ᠵᠢᠴᠢ 《 ᠰᠢ ᠶᠢᠨ ᠫᠢᠩ ᠤᠨ ᠵᠣᠬᠢᠶᠠᠯ ᠤᠨ ᠲᠡᠭᠦᠪᠦᠷᠢ 》᠂ 《 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠣᠪᠴᠢᠯᠠᠯ 》 ᠵᠡᠷᠭᠡ ᠡᠷᠬᠡᠪᠰᠢ ᠤᠩᠰᠢᠬᠤ ᠨᠣᠮ ᠪᠢᠴᠢᠭ ᠤᠨ ᠰᠡᠳᠦᠪ ᠤᠨ ᠲᠣᠭᠤᠷᠢᠨ ᠳᠤ᠂ ᠠᠳᠠᠯᠢ ᠪᠤᠰᠤ ᠨᠠᠮ ᠤᠨ ᠭᠡᠰᠢᠭᠦᠨ ᠨᠡᠶᠢᠲᠡ ᠴᠣᠭᠴᠠ ᠶᠢᠨ ᠲᠥᠷᠥᠯ ᠬᠤᠪᠢᠶᠠᠨ ᠵᠢᠯᠣᠭᠤᠳᠬᠤ᠂ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠤᠷᠢᠳᠠᠪᠡᠷ ᠰᠤᠷᠤᠯᠴᠠᠬᠤ ᠲᠥᠯᠥᠪᠯᠡᠭᠡ ᠲᠣᠭᠲᠠᠭᠠᠵᠤ᠂ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠰᠤᠳᠤᠯᠤᠨ ᠶᠠᠷᠢᠯᠴᠠᠬᠤ ᠰᠣᠯᠢᠯᠴᠠᠭ᠎ᠠ᠂ ᠭᠤᠣᠯ ᠰᠡᠳᠦᠪᠲᠦ ᠨᠠᠮ ᠤᠨ ᠡᠳᠦᠷ᠂ ᠨᠠᠮ ᠤᠨ ᠭᠡᠰᠢᠭᠦᠨ ᠤ ᠶᠡᠭᠡ ᠬᠤᠷᠠᠯ ᠵᠡᠷᠭᠡ ᠶᠢ ᠴᠠᠭ ᠲᠤᠬᠠᠢ ᠳᠤᠨᠢ ᠪᠦᠲᠦᠮᠵᠢᠲᠡᠢ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠩᠭᠡᠨ ᠲᠠᠯ᠎ᠠ ᠪᠠ ᠦᠨᠳᠤᠰᠦᠨ ᠠᠴᠠ ᠨᠢ ᠵᠡᠷᠭᠡᠪᠡᠷ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠪᠠᠯᠭᠠᠰᠤᠨ ᠤ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠳᠤᠷᠢᠳᠬᠤ ᠪᠠᠭ ᠤᠨ ᠪᠦᠷᠢᠯᠳᠦᠬᠦᠨ 《 ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ 》 ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠦᠵᠡᠬᠦ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠳᠤᠷᠠᠳᠤᠭᠰᠠᠨ ᠪᠠᠶᠢᠳᠠᠯ ᠲᠠᠢ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠡᠪ ᠤᠨ ᠤᠷᠲᠤ ᠬᠤᠭᠤᠴᠠᠭᠠᠨ ᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠳᠦᠷᠢᠮ ᠲᠣᠭᠲᠠᠭᠠᠯ ᠲᠣᠭᠲᠠᠭᠠᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠪᠣᠯᠭᠠᠨ᠂ ᠪᠠᠶᠢᠴᠠᠭᠠᠨ ᠦᠵᠡᠬᠦ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠵᠠᠰᠠᠬᠤ ᠮᠥᠷᠲᠡᠭᠡᠨ ᠣᠯᠠᠨ ᠡᠭᠦᠰᠬᠦ ᠠᠰᠠᠭᠤᠳᠠᠯ ᠠᠮᠠᠷᠬᠠᠨ ᠭᠠᠷᠳᠠᠭ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠨᠡᠩ ᠰᠠᠶᠢᠲᠤᠷ ᠠᠩᠬᠠᠷᠴᠤ᠂ ᠳᠥᠭᠦᠮ ᠬᠢᠯᠪᠠᠷ ᠶᠠᠪᠤᠭᠳᠠᠬᠤ᠂ ᠲᠤᠰᠠᠲᠠᠢ᠂ ᠬᠠᠷᠢᠯᠴᠠᠨ ᠵᠣᠯᠭᠠᠭᠤᠯᠬᠤ ᠠᠵᠢᠯ ᠤᠨ ᠳᠦᠷᠢᠮ ᠢ ᠪᠦᠷᠢᠯᠳᠦᠭᠦᠯᠵᠦ᠂ ᠭᠡᠮ ᠰᠣᠭᠤᠭ ᠢ ᠦᠨᠳᠦᠰᠦᠨ᠋‌‍ᠡᠴᠡ ᠨᠢ ᠲᠦᠭᠵᠢᠵᠦ ᠠᠰᠠᠭᠤᠳᠠᠯ ᠢ ᠰᠢᠢᠳᠪᠦᠷᠢᠯᠡᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠨᠡᠨᠬᠦ ᠪᠠᠬᠢᠵᠢᠭᠦᠯᠬᠦ ᠪᠠ ᠥᠷᠭᠡᠳᠬᠡᠬᠦ ᠬᠡᠷᠡᠭᠲᠡᠢ᠃ᠭᠤᠷᠪᠠ ᠳᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠷᠢᠮᠲᠠᠯᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠎ᠠ᠃ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠪᠠᠷ ᠠᠵᠢᠯ ᠶᠠᠪᠤᠳᠠᠯ ᠠᠳᠠᠯ ᠦᠢᠯᠡᠰ ᠴᠣᠭᠴᠠᠯᠠᠬᠤ ᠦᠢᠯᠡᠳᠦᠯᠭᠡ ᠶᠢ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠬᠥᠭᠵᠢᠯᠲᠡ ᠳᠤ ᠬᠡᠷᠡᠭᠰᠡᠬᠦ᠂ ᠣᠯᠠᠨ ᠲᠦᠮᠡᠨ ᠤ ᠬᠦᠰᠡᠵᠦ ᠪᠠᠶᠢᠭ᠎ᠠ ᠠᠵᠢᠯ ᠢ ᠦᠨᠡᠨᠬᠦ ᠰᠠᠶᠢᠲᠤᠷ ᠬᠢᠵᠦ ᠪᠣᠳᠠᠲᠠᠢ ᠠᠵᠢᠯᠯᠠᠨ᠂ ᠦᠢᠯᠡᠳᠦᠯᠭᠡ᠂ ᠠᠷᠠᠳ ᠲᠦᠮᠡᠨ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠳᠠᠲᠤ ᠠᠮᠵᠢᠯᠲᠠ ᠶᠢ ᠴᠢᠷᠮᠠᠶᠢᠨ ᠡᠭᠦᠳᠬᠦ ᠬᠡᠷᠡᠭᠲᠡᠢ᠃《 ᠦᠨᠳᠦᠰᠦᠨ ᠱᠠᠲᠤᠨ ᠳᠤ ᠳᠥᠷᠪᠠᠨᠲᠡ ᠪᠠᠭᠤᠬᠤ 》 ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠬᠤ ᠪᠠᠷ ᠳᠠᠮᠵᠢᠨ᠂ 《 ᠨᠢᠭᠡ ᠳᠠᠩᠰᠠ 》 ᠶᠢ ᠲᠠᠶᠢᠯᠪᠤᠷᠢᠯᠠᠬᠤ᠂ 《 ᠨᠢᠭᠡ ᠺᠠᠷᠲ ᠢᠶᠠᠷ ᠨᠡᠪᠲᠡᠷᠡᠬᠦ 》 ᠶᠢ ᠶᠠᠷᠢᠬᠤ ᠲᠣᠭᠤᠷᠢᠨ ᠳᠤ᠂ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠵᠦ᠂ ᠣᠯᠠᠨ ᠲᠦᠮᠡᠨ ᠤ ᠬᠥᠭᠵᠢᠯᠲᠡ ᠳᠤ ᠬᠡᠷᠡᠭᠴᠡᠭᠡ ᠱᠠᠭᠠᠷᠳᠠᠯᠭ᠎ᠠ᠂ ᠠᠷᠠᠳ ᠤᠨ ᠰᠡᠳᠬᠢᠯ ᠤᠨ ᠬᠦᠰᠡᠯ ᠱᠠᠭᠠᠷᠳᠠᠯᠭ᠎ᠠ ᠶᠢ ᠦᠨᠳᠦᠰᠦᠯᠡᠨ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠪᠣᠳᠠᠲᠠᠢ ᠠᠳᠬᠤᠵᠤ᠂ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠢᠨ᠎ᠡ ᠣᠷᠴᠢᠨ ᠲᠣᠭᠤᠷᠢᠨ ᠢ ᠪᠣᠢ ᠪᠣᠯᠭᠠᠬᠤ᠂ ᠠᠷᠠᠳ ᠤᠨ ᠠᠮᠢᠳᠤᠷᠠᠯ ᠤᠨ ᠲᠣᠯᠣᠭᠠᠢ ᠶᠢ ᠰᠠᠶᠢᠲᠤᠷ ᠠᠳᠬᠤᠬᠤ ᠵᠡᠷᠭᠡ ᠶᠡᠭᠡ ᠶᠠᠪᠤᠳᠠᠯ ᠢᠶᠠᠷ ᠭᠤᠣᠯᠯᠠᠭᠤᠯᠤᠨ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠵᠢᠯᠣᠭᠤᠳᠤᠯᠭ᠎ᠠ ᠬᠢᠵᠦ ᠦᠢᠯᠡᠳᠦᠯᠭᠡ ᠶᠢᠨ ᠠᠵᠢᠯ ᠢ ᠥᠷᠨᠢᠭᠦᠯᠦᠭᠡᠳ ᠶᠠᠪᠤᠭᠳᠠᠭᠤᠯᠤᠨ ᠠᠮᠵᠢᠯᠲᠠ ᠪᠦᠲᠦᠮᠵᠢ ᠣᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠡᠨᠬᠦ ᠪᠠᠲᠤᠯᠠᠨ᠂ ᠬᠥᠳᠡᠭᠡ ᠲᠣᠰᠬᠤᠨ ᠤ ᠥᠩᠭᠡᠨ ᠲᠠᠯ᠎ᠠ ᠪᠣᠯᠤᠨ ᠬᠡᠪ ᠴᠢᠨᠠᠷ ᠬᠤᠣᠰᠯᠠᠭᠰᠠᠨ ᠪᠦᠬᠦ ᠲᠠᠯ᠎ᠠ ᠪᠠᠷ ᠳᠡᠭᠡᠭᠰᠢᠯᠡᠬᠦ ᠶᠢ ᠪᠡᠶᠡᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠬᠥᠳᠡᠭᠡ ᠲᠣᠰᠬᠤᠨ ᠢ ᠦᠨᠡᠨᠬᠦ ᠪᠣᠢ ᠪᠣᠯᠭᠠᠵᠤ᠂ ᠣᠯᠠᠨ ᠲᠦᠮᠡᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤᠮᠳᠠ ᠨᠡᠩ ᠢᠯᠡᠭᠦᠦ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠰᠡᠳᠬᠢᠯᠭᠡ ᠲᠠᠢ ᠪᠣᠯᠭᠠᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2