ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠲᠦᠷᠭᠡᠳᠬᠡᠨ ᠬᠥᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ | | | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 1 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 31 ᠤ ᠦᠳᠡ ᠶᠢᠨ ᠬᠤᠶᠢᠨ᠎ᠠ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠬᠤ ᠲᠤᠬᠠᠢ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠡᠷᠬᠡᠪᠰᠢ ᠴᠢᠨᠠᠷ | ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠭᠡᠳᠡᠭ ᠢ ᠪᠠᠲᠤ ᠴᠡᠭᠡᠵᠢᠯᠡᠵᠦ᠂ ᠰᠢᠨ᠎ᠡ | ᠬᠥᠭᠵᠢᠯᠲᠡ ᠶᠢᠨ ᠤᠶᠢᠯᠭᠠᠭᠳᠠᠬᠤᠨ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠷᠢᠷᠢᠰᠢᠯ ᠢ ᠲᠦᠷᠭᠡᠳᠬᠡᠨ | ᠪᠠᠶᠢᠭᠤᠯᠬᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ | ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠂ ᠡᠷᠬᠡᠪᠰᠢ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠰᠠᠶᠢᠳᠤᠷ | ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠡᠨᠡ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ | ᠰᠤᠷᠤᠯᠴᠠᠯᠭ᠎ᠠ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠥᠪᠡᠷ ᠲᠡᠭᠡᠨ | ᠰᠤᠷᠤᠯᠴᠠᠬᠤ ᠶᠢᠨ ᠬᠠᠮᠲᠤ ᠠᠵᠢᠯ ᠤᠨ ᠤᠶᠢᠯᠭᠠᠯᠲᠠ ᠲᠥᠷᠥᠭᠳᠡᠯ ᠢᠶᠠᠨ ᠰᠣᠯᠢᠯᠴᠠᠵᠤ᠂ ᠮᠠ ᠰᠢᠩ ᠷᠦᠢ᠂ ᠾᠧ ᠯᠢ ᠹᠧᠩ | ᠂ ᠵᠠᠩ ᠭᠦᠸᠧ ᠴᠢᠩ᠂ ᠶᠤᠸᠠᠨ ᠵᠢᠶᠠ ᠵᠢᠶᠦ᠋ᠨ ᠨᠥᠬᠦᠷ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶ᠎ᠡ ᠴᠠᠷᠠᠭ᠎ᠠ ᠪᠣᠯᠣᠨ | ᠣᠷᠣᠨ ᠨᠤᠲᠤᠭ ᠤᠨ ᠠᠵᠢᠯ ᠲᠠᠢ ᠤᠶᠠᠯᠳᠤᠭᠤᠯᠤᠨ ᠦᠭᠡ ᠬᠡᠯᠡᠵᠦ᠂ ᠯᠢᠦ ᠭᠦᠸᠧ ᠵᠦᠩ ᠴᠧᠨ ᠮᠢᠨ ᠡᠯ ᠨᠥᠬᠦᠷ | ᠪᠢᠴᠢᠭ ᠤᠨ ᠭᠡᠯᠪᠡᠷᠢ ᠪᠠᠷ ᠦᠭᠡ ᠬᠡᠯᠡᠵᠦ᠂ ᠤᠯᠠᠨ ᠢᠶᠠᠷ ᠢᠶᠠᠨ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ | ᠦᠶ᠎ᠡ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠬᠢᠵᠦ᠂ ᠴᠢᠨᠠᠷ ᠰᠠᠶᠢᠳᠤᠷ ᠬᠥᠭᠵᠢᠯᠲᠡ ᠶᠢ ᠠᠬᠢᠭᠤᠯᠬᠤ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ | ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠦᠭ ᠠᠶᠠᠰ | ᠪᠣᠯᠪᠠ᠃ ᠤᠶᠢᠷ᠎ᠠ ᠶᠢᠨ ᠵᠢᠯ ᠠᠴᠠ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠠᠯ᠎ᠠ ᠪᠠᠷ ᠦᠯᠡᠮᠵᠢ ᠦᠷ᠎ᠡ ᠪᠦᠲᠦᠭᠡᠯ ᠣᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ | ᠬᠥᠭᠵᠢᠯᠲᠡ ᠶᠢᠨ ᠦᠷ᠎ᠡ ᠪᠦᠲᠦᠮᠵᠢ ᠡᠳᠦᠷ ᠢᠷᠡᠬᠦᠶ᠎ᠡ ᠳᠤᠪᠤᠶᠢᠮ᠎ᠠ ᠪᠤᠯᠪᠠ︔ ᠬᠤᠲᠠ ᠬᠥᠳᠡᠭᠡ ᠣᠷᠣᠨ ᠪᠦᠰᠡ ᠶᠢᠨ | ᠬᠥᠭᠵᠢᠯᠲᠡ ᠶᠢᠨ ᠵᠣᠬᠢᠴᠠᠩᠭᠤᠢ ᠴᠢᠨᠠᠷ᠂ ᠲᠡᠩᠴᠡᠭᠦᠷᠢᠲᠦ ᠴᠢᠨᠠᠷ ᠢᠯᠡᠳᠲᠡ ᠴᠢᠩᠭᠠᠷᠠᠪᠠ︔ ᠥᠭᠡᠷᠡᠴᠢᠯᠡᠯᠲᠡ ᠨᠡᠭᠡᠭᠡᠯᠲᠡ | ᠪᠦᠭᠦ ᠲᠠᠯ᠎ᠠ ᠪᠠᠷ ᠭᠦᠨᠵᠡᠭᠡᠶᠢᠷᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠬᠥᠭᠵᠢᠨ ᠪᠠᠳᠠᠷᠠᠪᠠ | ︔ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠬᠥᠭᠵᠢᠯᠲᠡ ᠶᠢᠨ ᠭᠡᠯᠪᠡᠷᠢ ᠶᠢ ᠬᠤᠪᠢᠷᠠᠭᠤᠯᠬᠤ ᠠᠯᠬᠤᠴᠠ ᠲᠦᠷᠭᠡᠳᠴᠦ᠂ ᠴᠢᠨᠠᠷ ᠰᠠᠶᠢᠲᠠᠢ | ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ ᠡᠭᠦᠨ ᠤ ᠵᠡᠷᠭᠡ ᠪᠠᠷ᠂ ᠴᠢᠨᠠᠷ ᠰᠠᠶᠢᠲᠠᠢ ᠬᠥᠭᠵᠢᠯᠲᠡ ᠶᠢ | ᠬᠦᠯᠢᠶᠡᠰᠦᠯᠡᠬᠦ ᠡᠯᠧᠮᠧᠨᠲ ᠪᠠᠰᠠ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠦᠨᠡᠨ ᠬᠦ᠋ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ | ᠵᠢᠯᠤᠭᠤᠳᠬᠤ ᠴᠢᠬᠤᠯᠠᠲᠠᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢᠭᠡᠨᠲᠡ ᠦᠢᠯᠡᠳᠦᠯᠭᠡ ᠶᠢᠨ ᠳᠤᠮᠳᠠ | ᠪᠦᠷᠢᠯᠳᠦᠭᠰᠡᠨ ᠪᠥᠭᠡᠳ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠠᠬᠢᠭᠤᠯᠬᠤ ᠬᠦᠴᠦᠨ᠂ | ᠲᠤᠯᠭᠠᠭᠤᠷᠢᠯᠠᠬᠤ ᠬᠦᠴᠦᠨ ᠢ ᠢᠯᠡᠷᠡᠭᠦᠯᠦᠭᠰᠡᠨ ᠪᠠᠶᠢᠨ᠎ᠠ᠃ ᠪᠢᠳᠡ ᠤᠨᠤᠯ ᠤᠨ ᠲᠠᠯ᠎ᠠ ᠪᠠᠷ ᠳ᠋ᠦᠩᠨᠡᠨ | ᠬᠤᠷᠢᠶᠠᠩᠭᠤᠶᠢᠯᠠᠵᠤ ᠰᠢᠨ᠎ᠡ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠬᠡᠷᠡᠭᠲᠡᠢ᠃ ᠬᠤᠷᠢᠶᠠᠩᠭᠤᠶᠢᠯᠠᠭᠠᠤᠨ | ᠬᠡᠯᠡᠪᠡᠯ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠳᠤ ᠭᠤᠣᠯᠯᠠᠬᠤ ᠦᠢᠯᠡᠳᠦᠯ ᠢ | ᠦᠵᠡᠭᠦᠯᠵᠦ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠭᠡᠯᠪᠡᠷᠢ᠂ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢᠨ ᠠᠷᠭ᠎ᠠ ᠵᠠᠮ ᠠᠴᠠ ᠮᠤᠯᠲᠤᠷᠠᠵᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠥᠨᠳᠥᠷ ᠦᠷ᠎ᠡ | ᠪᠦᠲᠦᠮᠵᠢ᠂ ᠴᠢᠨᠠᠷ ᠰᠠᠶᠢᠲᠠᠢ ᠪᠠᠶᠢᠬᠤ ᠣᠨᠴᠠᠯᠢᠭ ᠲᠠᠢ ᠪᠠᠶᠢᠵᠦ᠂ ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠳᠤ | ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠭᠡᠯᠪᠡᠷᠢ ᠪᠠᠶᠢᠳᠠᠯ ᠪᠣᠯᠣᠨ᠎ᠠ᠃ ᠲᠡᠷᠡ ᠮᠡᠷᠭᠡᠵᠢᠯ ᠤᠨ | ᠲᠠᠯ᠎ᠠ ᠪᠠᠷ ᠬᠤᠪᠢᠰᠬᠠᠯ ᠤᠨ ᠴᠢᠨᠠᠷᠲᠠᠢ ᠰᠢᠪᠲᠤᠯᠤᠯᠲᠠ ᠭᠠᠷᠭᠠᠬᠤ᠂ ᠦᠢᠯᠡᠳᠪᠦᠷᠢᠯᠡᠯ ᠤᠨ ᠡᠯᠧᠮᠧᠨᠲ ᠢ ᠰᠢᠨ᠎ᠡ ᠶᠢ ᠡᠭᠦᠳᠬᠦ | ᠴᠢᠨᠠᠷᠲᠠᠢ ᠲᠣᠬᠢᠷᠠᠭᠤᠯᠬᠤ᠂ ᠠᠵᠤ ᠦᠢᠯᠡᠰ ᠢ ᠭᠦᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠ | ᠪᠤᠢ ᠪᠣᠯᠵᠤ᠂ ᠬᠥᠳᠡᠯᠮᠦᠷᠢᠯᠡᠭᠴᠢ᠂ ᠭᠦᠳᠡᠯᠮᠦᠷᠢ ᠶᠢᠨ ᠮᠠᠲ᠋ᠧᠷᠢᠶᠠᠯ᠂ ᠭᠦᠳᠡᠯᠮᠦᠷᠢ ᠶᠢᠨ ᠡᠲᠡᠭᠡᠳ ᠵᠢᠴᠢ ᠡᠳᠡᠭᠡᠷ ᠢ | ᠰᠢᠯᠢᠳᠡᠭᠵᠢᠭᠦᠯᠦᠨ ᠨᠡᠶᠢᠯᠡᠭᠦᠯᠵᠦ ᠦᠰᠦᠷᠦᠯᠲᠡ ᠭᠠᠷᠭᠠᠬᠤ ᠪᠠᠷ ᠦᠨᠳᠦᠰᠦᠨ ᠠᠭᠤᠯᠤᠭᠳᠠᠬᠤᠨ ᠢᠶᠠᠨ ᠪᠤᠯᠭᠠᠵᠤ᠂ ᠪᠦᠭᠦ | ᠡᠯᠧᠮᠧᠨᠲ ᠤᠨ ᠦᠢᠯᠡᠳᠪᠦᠷᠢᠯᠡᠯ ᠤᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠤᠯᠭᠠᠵᠤ᠂ | ᠰᠢᠨ᠎ᠡ ᠶᠢ ᠡᠭᠦᠳᠬᠦ ᠪᠠᠷ ᠣᠨᠴᠠᠯᠢᠭ ᠪᠤᠯᠭᠠᠵᠤ᠂ ᠴᠢᠨᠠᠷᠯᠢᠭ ᠪᠠᠶᠢᠬᠤ ᠪᠠᠷ ᠵᠠᠩᠭᠢᠯᠠᠭ᠎ᠠ ᠪᠤᠯᠭᠠᠵᠤ᠂ ᠮᠥᠨ ᠴᠢᠨᠠᠷ | ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠣᠯᠣᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠨ᠎ᠡ ᠠᠵᠤ ᠦᠢᠯᠡᠰ᠂ | ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠭᠤᠣᠯ ᠡᠯᠧᠮᠧᠨᠲ ᠪᠣᠯᠣᠨ᠎ᠠ᠃ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠢᠯᠠᠩᠭᠤᠶ᠎ᠠ ᠠᠩᠬᠠᠨ ᠤ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ | ᠪᠡᠶᠡᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠳᠤᠷ ᠬᠢᠵᠦ᠂ | ᠠᠩᠬᠠᠨ ᠤ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠥᠷᠢᠰᠦᠯᠳᠦᠭᠦᠯᠦᠨ ᠴᠣᠯᠭᠤᠷᠠᠭᠤᠯᠵᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ | ᠲᠤᠬᠠᠢ ᠳᠤᠨᠢ ᠪᠣᠳᠠᠲᠠᠢ ᠠᠵᠤ ᠦᠢᠯᠡᠰ ᠪᠣᠯᠣᠨ ᠠᠵᠤ ᠦᠢᠯᠡᠰ ᠤᠨ ᠬᠡᠯᠬᠢᠶ᠎ᠡ ᠳᠤ ᠬᠡᠷᠡᠭᠯᠡᠵᠦ᠂ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ | ᠂ ᠠᠵᠤ ᠦᠢᠯᠡᠰ ᠤᠨ ᠰᠢᠰᠲ᠋ᠧᠮ ᠤᠨ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ᠂ ᠠᠮᠤᠷ ᠲᠦᠪᠰᠢᠨ ᠨᠠᠶᠢᠳᠠᠪᠤᠷᠢᠲᠠᠢ | ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠪᠠ ᠦᠢᠯᠡᠳᠬᠦ ᠦᠢᠯᠡᠰ ᠤᠨ ᠬᠦᠴᠦᠷᠬᠡᠭ ᠤᠯᠤᠰ᠂ | ᠶᠠᠰᠤ ᠴᠢᠨᠠᠷ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠪᠠ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠵᠡᠷᠭᠡ ᠪᠠᠶᠢᠯᠳᠤᠬᠤ | ᠪᠣᠳᠣᠯᠭ᠎ᠠ ᠶᠢᠨ ᠡᠭᠦᠷᠭᠡ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠠᠵᠤ ᠦᠢᠯᠡᠰ ᠤᠨ ᠰᠢᠨ᠎ᠡ ᠶᠢ ᠡᠭᠦᠳᠬᠦ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠬᠡᠷᠡᠭᠲᠡᠢ᠃ ᠲᠣᠭᠠᠴᠢᠯᠠᠭᠰᠠᠨ | ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ | ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠯᠡᠬᠡᠢ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ | ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠣᠬᠢᠷᠳᠤᠯ ᠦᠭᠡᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠳᠡᠪᠢᠰᠬᠡᠷ ᠥᠩᠭᠡ ᠮᠥᠨ | ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠣᠰ ᠪᠡᠶ᠎ᠡ ᠪᠣᠬᠢᠷᠳᠤᠯ ᠦᠭᠡᠢ ᠦᠢᠯᠡᠳᠪᠦᠷᠢᠯᠡᠯ ᠤᠨ ᠬᠦᠴᠦᠨ | ᠮᠥᠨ᠃ ᠡᠷᠬᠡᠪᠰᠢ ᠬᠥᠭᠵᠢᠯᠲᠡ ᠶᠢᠨ ᠭᠡᠯᠪᠡᠷᠢ ᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ ᠮᠥᠨ ᠭᠡᠬᠦ ᠤᠶᠢᠯᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠪᠣᠬᠢᠷᠳᠤᠯ ᠦᠭᠡᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠣᠬᠢᠷᠳᠤᠯ ᠦᠭᠡᠢ ᠦᠢᠯᠡᠳᠬᠦ ᠦᠢᠯᠡᠰ ᠢ ᠬᠦᠴᠦᠷᠬᠡᠭᠵᠢᠭᠦᠯᠦᠨ᠂ | ᠪᠣᠬᠢᠷᠳᠤᠯ ᠦᠭᠡᠢ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ | ᠪᠤᠵᠠᠭᠠᠶᠢᠷᠠᠭᠤᠯᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠪᠠ ᠬᠠᠩᠭᠠᠯᠭ᠎ᠠ ᠶᠢᠨ ᠬᠡᠯᠬᠢᠶ᠎ᠡ ᠶᠢ | ᠬᠥᠭᠵᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠠᠵᠤ ᠠᠬᠤᠢ ᠶᠢᠨ | ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠦᠷᠭᠦᠯᠵᠢᠯᠡᠨ ᠰᠢᠯᠢᠳᠡᠭᠵᠢᠭᠦᠯᠵᠦ᠂ ᠪᠣᠬᠢᠷᠳᠤᠯ ᠦᠭᠡᠢ | ᠮᠥᠩᠭᠦᠨ ᠭᠦᠢᠯᠭᠡᠭᠡᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠨᠳᠥᠷ ᠪᠦᠲᠦᠮᠵᠢᠲᠡᠶ ᠠᠮᠢ | ᠠᠬᠤᠢ ᠶᠢᠨ ᠪᠣᠬᠢᠷᠳᠤᠯ ᠦᠭᠡᠢ ᠠᠵᠤ ᠦᠢᠯᠡᠰ ᠤᠨ ᠪᠦᠯᠦᠭᠵᠢᠯ ᠢ ᠪᠤᠶ ᠪᠤᠯᠭᠠᠬᠤ ᠬᠡᠷᠡᠭᠲᠡᠢ᠃ ᠡᠭᠦᠨ ᠤ ᠵᠡᠷᠭᠡ ᠪᠠᠷ᠂ | ᠨᠡᠶᠢᠭᠡᠮ ᠳᠠᠶᠠᠭᠠᠷ ᠲᠤ ᠪᠣᠬᠢᠷᠳᠤᠯ ᠦᠭᠡᠢ ᠡᠷᠡᠭᠦᠯ ᠰᠠᠷᠠᠭᠤᠯ ᠠᠮᠢᠳᠤᠷᠠᠯ ᠤᠨ ᠭᠡᠯᠪᠡᠷᠢ ᠶᠢ ᠶᠡᠭᠡ ᠪᠠᠷ ᠰᠠᠨᠠᠭᠠᠴᠢᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠦᠢᠯᠡᠳᠪᠦᠷᠢᠯᠡᠯ ᠤᠨ ᠬᠠᠷᠢᠴᠠᠭ᠎ᠠ ᠡᠷᠬᠡᠪᠰᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ | ᠱᠠᠭᠠᠷᠳᠠᠯᠭ᠎ᠠ ᠳᠤ ᠵᠣᠬᠢᠴᠠᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ | ᠡᠷᠬᠡᠪᠰᠢ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠲᠡᠭᠦᠨ ᠲᠠᠢ ᠵᠣᠬᠢᠴᠠᠯᠳᠤᠭᠰᠠᠨ ᠰᠢᠨ᠎ᠡ | ᠮᠠᠶ᠋ᠢᠭ ᠤᠨ ᠦᠢᠯᠡᠳᠪᠦᠷᠢᠯᠡᠯ ᠤᠨ ᠬᠠᠷᠢᠴᠠᠭ᠎ᠠ ᠶᠢ ᠪᠤᠢ ᠪᠤᠯᠭᠠᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠮᠵᠢ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠵᠡᠷᠭᠡ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠴᠡᠭ ᠬᠤᠷᠢᠭ᠎ᠠ | ᠴᠡᠭ ᠢ ᠬᠦᠴᠦᠯᠡᠨ ᠨᠠᠪᠲᠠᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ | ᠦᠢᠯᠡᠳᠪᠦᠷᠢᠯᠡᠯ ᠤᠨ ᠡᠯᠧᠮᠧᠨᠲ ᠢ ᠲᠣᠬᠢᠷᠠᠭᠤᠯᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ | ᠲᠡᠷᠢᠭᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ ᠡᠯᠧᠮᠧᠨᠲ ᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠲᠠᠶᠢᠰᠢ ᠤᠷᠤᠭᠰᠢᠲᠠᠢ ᠰᠢᠯᠵᠢᠭᠦᠯᠬᠦ ᠬᠡᠷᠡᠭᠲᠡᠢ᠃ ᠡᠭᠦᠨ ᠤ ᠬᠠᠮᠲᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ | ᠰᠠᠶᠢᠨ ᠰᠠᠶᠢᠬᠠᠨ ᠤᠯᠠᠨ ᠤᠯᠤᠰ ᠤᠨ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠰᠠᠶᠢᠬᠠᠨ ᠡᠷᠭᠢᠯᠲᠡ ᠶᠢ | ᠰᠢᠯᠤᠭᠤᠳᠬᠠᠵᠤ᠂ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠵᠣᠬᠢᠰᠲᠠᠢ ᠰᠢᠯᠵᠢᠭᠦᠯᠬᠦ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ | ᠰᠢᠨ᠎ᠡ ᠬᠠᠨᠳᠤᠰᠢ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ | ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠰᠢᠯᠢᠳᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠴᠢᠮ ᠬᠡᠷᠡᠭᠰᠡᠬᠦ ᠴᠢᠳᠠᠪᠤᠷᠢᠲᠠᠨ ᠢ ᠬᠥᠮᠥᠵᠢᠭᠦᠯᠬᠦ | ᠬᠡᠷᠡᠭᠲᠡ᠊ ᠢ᠃ ᠴᠢᠬᠤᠯᠠ ᠡᠯᠧᠮᠧᠨᠲ ᠤᠨ ᠣᠷᠣᠯᠭ᠎ᠠ ᠶᠢᠨ ᠬᠤᠪᠢᠶᠠᠷᠢᠯᠠᠯᠲᠠ ᠳᠤ ᠣᠷᠤᠯᠴᠠᠬᠤ ᠲᠣᠭᠲᠠᠴᠠ ᠶᠢ ᠪᠦᠷᠢᠨᠰᠢᠭᠦᠯᠵᠦ | ᠂ ᠭᠦᠳᠡᠯᠮᠦᠷᠢ᠂ ᠮᠡᠳᠡᠯᠭᠡ᠂ ᠮᠡᠷᠭᠡᠵᠢᠯ᠂ ᠬᠠᠮᠢᠶᠠᠷᠤᠯᠲᠠ᠂ ᠬᠥᠷᠥᠩᠭᠡ ᠪᠣᠯᠣᠨ ᠳ᠋ᠠᠶ᠋ᠢᠲ᠋ᠠ ᠵᠡᠷᠭᠡ ᠦᠢᠯᠡᠳᠪᠦᠷᠢᠯᠡᠯ ᠤᠨ | ᠴᠢᠬᠤᠯᠠ ᠡᠯᠧᠮᠧᠨᠲ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ ᠤ ᠵᠠᠬ᠎ᠠ | ᠳᠡᠯᠭᠡᠭᠦᠷ ᠤᠨ ᠦᠷᠳᠡᠭ ᠢ ᠨᠡᠩ ᠰᠠᠶᠢᠳᠤᠷ ᠢᠯᠡᠷᠡᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠬᠤ ᠶᠢ | ᠪᠠᠭᠲᠠᠭᠠᠨ ᠠᠭᠤᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠡᠪᠰᠢᠭᠦᠯᠦᠭᠴᠢ᠄ ᠲᠡᠷᠭᠡᠯ | |