ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠪᠡᠭᠡᠵᠢᠩ ᠳᠤ | ᠬᠤᠷᠠᠯᠳᠤᠪᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠪᠡᠭᠡᠵᠢᠩ ᠳᠤ | ᠬᠤᠷᠠᠯᠳᠤᠪᠠ | ᠬᠤᠷᠠᠯ ᠠᠴᠠ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠲᠤᠬᠠᠢ ᠴᠢᠬᠤᠯᠠ ᠶᠠᠷᠢᠶ᠎ᠠ ᠶᠢ ᠤᠯᠠᠮᠵᠢᠯᠠᠵᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠲᠤᠬᠠᠢ ᠪᠠᠶᠢᠷᠢᠯᠠᠭᠤᠯᠤᠯᠲᠠ ᠬᠢᠵᠡᠢ | ᠼᠠᠢ ᠴᠢ ᠳ᠋ᠦᠩᠨᠡᠯᠲᠡ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 4 ᠤ ᠴᠠᠭᠢᠯᠭᠠᠨ ᠮᠡᠳᠡᠭᠡ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ 4 ᠤ ᠡᠳᠦᠷ ᠪᠡᠭᠡᠵᠢᠩ ᠳᠤ ᠬᠤᠷᠠᠯᠳᠤᠪᠠ ᠃ | | ᠲᠦᠷᠦᠭᠦᠬᠡᠨ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠬᠤᠷᠠᠯ ᠢ ᠡᠷᠭᠢᠯᠡᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠪᠣᠯᠣᠨ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ ᠢ ᠬᠢᠨᠠᠨ ᠵᠥᠪᠯᠡᠬᠦ ᠳᠡᠭᠡᠨ | ᠴᠢᠬᠤᠯᠠ ᠶᠠᠷᠢᠶ᠎ᠠ ᠲᠠᠯᠪᠢᠪᠠ ᠃ ᠲᠡᠷᠡ ᠂ ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ ᠂ ᠪᠦᠭᠦ | ᠨᠠᠮ ᠢᠶᠠᠷ ᠢᠶᠠᠨ ︽ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ | ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠂ ᠭᠤᠣᠯ | ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ ᠂ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ | ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠶᠢ ᠡᠭᠢᠯᠡᠯᠲᠡ ᠶᠢᠨ ᠵᠢᠯ ᠤᠨ | ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠬᠤ ᠶᠢ ᠲᠤᠪᠤᠶᠢᠯᠭᠠᠵᠥ ᠂ ᠢᠯᠠᠩᠭᠤᠶ᠎ᠠ ᠴᠢᠨᠠᠷ ᠰᠠᠶᠢᠲᠠᠢ ᠬᠥᠭᠵᠢᠯᠲᠡ ᠶᠢ | ᠬᠦᠯᠢᠶᠡᠰᠦᠯᠡᠵᠦ ᠪᠠᠶᠢᠭ᠎ᠠ ᠠᠰᠠᠭᠤᠳᠠᠯ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠂ ᠨᠠᠮ ᠤᠨ ᠪᠠᠶᠢᠭᠤᠯᠤᠯᠲᠠ ᠶᠢᠨ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠵᠢᠱᠢᠭᠰᠡᠨ | ᠬᠠᠷᠠᠯᠲᠠ ᠳᠠᠭᠠᠨ ᠬᠦᠷᠴᠦ ᠂ ᠢᠯᠡᠳᠲᠡ ᠦᠷ᠎ᠡ ᠪᠦᠲᠦᠮᠵᠢ ᠣᠯᠪᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠰᠠᠨᠠᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠯᠳᠦᠭᠦᠯᠬᠦ ᠬᠡᠷᠡᠭᠲᠡᠢ ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ ᠂ ᠨᠠᠮ ᠤᠨ ᠭᠡᠰᠢᠭᠦᠨ | ᠺᠠᠳ᠋ᠷᠴᠤᠳ ᠤᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠬᠤ ᠶᠢ ᠪᠠᠷᠢᠮᠲᠠᠯᠠᠬᠤ ᠪᠠᠷ ᠲᠠᠮᠵᠢᠨ ᠂ ᠵᠢᠮ᠎ᠡ | ᠶᠣᠰᠣ ᠶᠢ ᠣᠶᠢᠯᠠᠭᠠᠵᠤ ᠂ ᠴᠢᠭᠯᠡᠯ ᠢᠶᠠᠨ ᠲᠣᠳᠣᠷᠬᠠᠶᠢᠯᠠᠵᠤ ᠂ ᠠᠷᠭ᠎ᠠ ᠶᠢ ᠰᠤᠷᠤᠯᠴᠠᠵᠤ ᠂ ᠤᠶᠤᠨ ᠤᠬᠠᠭᠠᠨ ᠢᠶᠠᠨ | ᠨᠡᠮᠡᠭᠳᠡᠭᠦᠯᠵᠦ ᠂ ᠦᠨᠳᠦᠰᠦ ᠰᠠᠭᠤᠷᠢ ᠪᠠᠨ ᠪᠠᠬᠢᠵᠢᠭᠦᠯᠵᠦ ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ | ᠬᠥᠮᠥᠵᠢᠭᠦᠯᠦᠨ ᠵᠢᠯᠤᠭᠤᠳᠴᠤ ᠂ ᠨᠠᠮ ᠤᠨ ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ ᠤᠯᠠᠮ ᠴᠢᠨᠠᠭᠰᠢᠳᠠ | ᠪᠠᠬᠢᠵᠢᠭᠦᠯᠬᠦ ᠬᠡᠷᠡᠭᠲᠡᠢ ᠃ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ ᠂ ᠴᠡᠭᠴᠡᠯᠡᠨ ᠰᠠᠶᠢᠵᠢᠷᠠᠭᠤᠯᠵᠤ | ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ ᠂ ᠳᠦᠷᠢᠮ ᠲᠣᠭᠲᠠᠭᠠᠯ ᠲᠣᠭᠲᠠᠭᠠᠵᠤ ᠂ ᠠᠷᠠᠳ ᠤᠯᠠᠨ ᠳᠤ | ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠵᠦ ᠂ ᠠᠷᠠᠳ ᠤᠯᠠᠨ ᠳᠤ | ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ ᠃ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ ᠂ ︽ ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ ︾ ᠶᠢ ᠨᠠᠶᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ | ᠵᠠᠮᠨᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠵᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠃ | ᠪᠣᠳᠠᠲᠠᠢ ᠶᠢ ᠡᠷᠭᠢᠮᠯᠡᠭᠦ ᠰᠤᠷᠲᠠᠯ ᠂ ᠠᠷᠢᠭᠤᠨ ᠴᠢᠬᠡᠴᠢ ᠰᠤᠷᠲᠠᠯ ᠂ ᠠᠷᠪᠢᠴᠢ ᠪᠣᠷᠣᠭᠵᠢᠭᠤᠨ ᠰᠤᠷᠲᠠᠯ ᠢ ᠶᠡᠭᠡ ᠪᠠᠷ | ᠪᠠᠳᠠᠷᠠᠭᠤᠯᠵᠤ ᠂ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ ᠂ ᠪᠦᠭᠦ ᠨᠠᠮ ᠤᠨ ᠳᠣᠲᠣᠷ᠎ᠠ | ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ ᠃ | ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ ᠂ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ | ᠦᠢᠯᠡᠳᠦᠯ ᠢ ᠭᠦᠢᠴᠡᠳ ᠪᠠᠳᠠᠷᠠᠭᠤᠯᠵᠤ ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ ᠃ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ | ᠠᠳᠬᠤᠵᠤ ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠵᠤ ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠪᠠᠷᠢᠮᠲᠠᠯᠠᠨ ᠂ ᠦᠨᠡᠨ ᠠᠴᠠ ᠵᠥᠪ ᠢ ᠡᠷᠢᠵᠦ ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ ᠂ ᠪᠣᠳᠠᠲᠠᠢ ᠪᠠᠷ ᠬᠢᠵᠦ ᠂ ᠪᠣᠳᠠᠲᠤ ᠦᠷ᠎ᠡ ᠪᠦᠲᠦᠮᠵᠢ | ᠭᠠᠷᠭᠠᠬᠤ ᠶᠢ ᠡᠷᠬᠢᠮᠯᠡᠵᠦ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ | ᠤᠳᠤᠷᠢᠳᠬᠤ ᠳᠤᠭᠤᠶᠢᠯᠠᠩ ︶ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ ᠂ | ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ | ᠶᠠᠷᠢᠶ᠎ᠠ ᠶᠢ ᠤᠯᠠᠮᠵᠢᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠠᠢ ᠴᠢ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠲᠡᠷᠡ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠭᠤᠣᠯ ᠰᠡᠳᠦᠪᠲᠦ ᠬᠥᠮᠦᠵᠢᠯ ᠤᠨ ᠣᠯᠣᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ ᠂ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ ᠃ | ᠪᠢᠳᠡ ᠭᠦᠨᠵᠡᠭᠡᠢ ᠣᠶᠢᠯᠠᠭᠠᠵᠤ ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | ᠼᠠᠢ ᠴᠢ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠣᠯᠣᠭᠰᠠᠨ ᠤ | ᠦᠨᠳᠦᠰᠦᠨ ᠰᠢᠯᠲᠠᠭᠠᠨ ᠨᠢ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠪᠤᠢ ᠂ ᠶᠡᠷᠦᠩᠬᠡᠢ ᠱᠦᠵᠢ | ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ ᠂ ᠰᠢᠭᠤᠳ ᠤᠳᠤᠷᠢᠳᠴᠤ ᠂ ᠪᠦᠭᠦ ᠶᠠᠪᠤᠴᠠ ᠪᠠᠷ ᠵᠢᠭᠠᠨ ᠵᠢᠯᠤᠭᠤᠳᠴᠤ ᠂ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠭᠰᠠᠨ ᠳᠤ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ᠭᠤᠣᠯ ᠰᠡᠳᠦᠪᠲᠦ | ᠬᠥᠮᠦᠵᠢᠯ ᠤᠨ ᠠᠵᠢᠯ ᠤᠨ ᠬᠤᠷᠠᠯ ᠳᠤ ᠣᠷᠤᠯᠴᠠᠬᠤ ᠶᠢᠨ ᠬᠠᠮᠲᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ ᠂ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠢ ᠬᠢᠨᠠᠨ ᠵᠥᠪᠯᠡᠵᠦ ᠂ ᠭᠤᠣᠯ ᠰᠡᠳᠦᠪᠲᠦ ᠬᠥᠮᠦᠵᠢᠯ ᠤᠨ ᠲᠣᠭᠤᠷᠢᠨ ᠳᠤ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠪᠣᠯᠣᠨ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠡᠷᠭᠢᠯᠡᠭᠦ ᠶᠢᠨ ᠬᠠᠮᠲᠤ ᠤᠯᠠᠨ ᠤᠳᠠᠭ᠎ᠠ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ | ᠪᠠᠶᠢᠴᠠᠭᠠᠨ ᠰᠤᠳᠤᠯᠤᠯᠲᠠ ᠬᠢᠵᠦ ᠂ ᠭᠤᠣᠯ ᠰᠡᠳᠦᠪᠲᠦ ᠬᠥᠮᠦᠵᠢᠯ ᠳᠤ ᠱᠠᠭᠠᠷᠳᠠᠯᠭ᠎ᠠ ᠳᠤᠷᠠᠳᠴᠤ ᠂ ᠠᠯᠢ ᠤᠯᠠᠨ ᠴᠢᠬᠤᠯᠠ | ᠥᠭᠦᠯᠡᠯᠲᠡ ᠬᠢᠵᠦ ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠳᠤ ᠴᠢᠭᠯᠡᠯ ᠢ ᠵᠢᠭᠠᠵᠤ ᠂ ᠴᠢᠬᠤᠯᠠ | ᠵᠢᠷᠤᠮᠯᠠᠯ ᠬᠠᠩᠭᠠᠪᠠ ᠭᠡᠵᠦ ᠵᠢᠭᠠᠵᠤ ᠭᠠᠷᠭᠠᠪᠠ ᠃ | ᠼᠠᠢ ᠴᠢ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠨᠢ ᠰᠢᠨ᠎ᠡ ᠴᠠᠭ ᠦᠶ᠎ᠡ ᠳᠤ ᠨᠠᠮ ᠤᠨ | ᠳᠣᠲᠣᠭᠠᠳᠤ ᠳᠤ ᠲᠥᠪᠯᠡᠷᠡᠩᠭᠦᠢ ᠬᠥᠮᠦᠵᠢᠯ ᠥᠷᠨᠢᠭᠦᠯᠬᠦ ᠳᠤ ᠰᠢᠨ᠎ᠡ ᠲᠤᠷᠰᠢᠯᠭ᠎ᠠ ᠬᠤᠷᠠᠮᠳᠤᠭᠤᠯᠵᠠᠢ ᠂ ᠭᠤᠣᠯᠳᠠᠭᠤ ᠄ | ᠤᠨᠤᠯ ᠤᠨ ᠰᠤᠷᠤᠯᠴᠠᠯᠭ᠎ᠠ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠬᠤ ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠳᠤᠪᠤᠶᠢᠯᠭᠠᠬᠤ ᠂ ᠭᠤᠣᠯ ᠡᠭᠦᠷᠭᠡ ᠳᠤ ᠦᠢᠯᠡᠴᠢᠯᠡᠬᠦ ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ ᠂ ᠳᠡᠭᠡᠷ᠎ᠡ | ᠱᠠᠲᠤ ᠨᠢ ᠳᠣᠣᠷ᠎ᠠ ᠱᠠᠲᠤᠨ ᠳᠠᠭᠠᠨ ᠳᠠᠭᠤᠷᠢᠶᠠᠯ ᠪᠣᠯᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠡᠷᠭᠡ ᠶᠢ | ᠪᠠᠭᠲᠠᠭᠠᠨ᠎ᠠ ᠂ ᠰᠠᠶᠢᠲᠤᠷ ᠳ᠋ᠦᠩᠨᠡᠵᠦ ᠂ ᠰᠠᠶᠢᠲᠤᠷ ᠬᠡᠷᠡᠭᠯᠡᠬᠦ ᠶᠢ ᠠᠩᠬᠠᠷᠬᠤ ᠬᠡᠷᠡᠭᠲᠡᠢ ᠭᠡᠵᠦ ᠴᠢᠬᠤᠯᠠᠴᠢᠯᠠᠪᠠ ᠃ | ᠼᠠᠢ ᠴᠢ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ | ᠥᠷᠭᠡᠳᠬᠡᠵᠦ ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ ᠂ ᠨᠠᠮ ᠤᠨ ᠥᠪᠡᠷ ᠢ ᠪᠠᠨ | ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠳᠡᠭᠡᠭᠰᠢᠯᠡᠭᠦᠯᠭᠦ ᠶᠢ | ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠃ ᠪᠦᠭᠦ ᠨᠠᠮ ᠤᠨ ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ | ᠪᠠᠬᠢᠵᠢᠭᠦᠯᠵᠦ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠰᠠᠶᠢᠲᠤᠷ ᠠᠳᠬᠤᠵᠤ ᠂ | ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷᠴᠤᠳ ᠤᠨ ᠮᠠᠷᠺᠰ ᠤᠨ ᠦᠵᠡᠯ ᠤᠨ ᠴᠢᠬᠤᠯᠠ ᠠᠭᠤᠯᠭ᠎ᠠ ᠶᠢ ᠦᠨᠡᠨ ᠬᠦ | ᠰᠤᠷᠤᠯᠴᠠᠵᠤ ᠮᠡᠳᠡᠬᠦ ᠶᠢ ᠠᠬᠢᠭᠤᠯᠬᠤ ᠬᠡᠷᠡᠭᠲᠡᠢ ᠃ ᠪᠦᠭᠦ ᠨᠠᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ | ᠬᠥᠭᠵᠢᠭᠡᠵᠦ ᠂ ᠪᠦᠭᠦ ᠨᠠᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠰᠢᠨ᠎ᠡ ᠴᠠᠭ ᠦᠶ᠎ᠡ ᠰᠢᠨ᠎ᠡ ᠠᠶᠠᠨ ᠳᠠᠬᠢ | ᠨᠠᠮ ᠤᠨ ᠭᠤᠣᠯ ᠡᠭᠦᠷᠭᠡ ᠳᠡᠭᠡᠷ᠎ᠡ ᠨᠢᠭᠲᠠᠷᠠᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ | ᠰᠠᠶᠢᠲᠤᠷ ᠵᠠᠮᠨᠠᠵᠤ ᠂ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠲᠤᠷᠰᠢᠯᠭ᠎ᠠ ᠶᠢ ᠰᠠᠶᠢᠲᠤᠷ ᠬᠡᠷᠡᠭᠯᠡᠵᠦ ᠂ | ᠮᠠᠨ ᠤ ᠨᠠᠮ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠰᠢᠯᠢᠳᠡᠭ ᠰᠤᠷᠲᠠᠯ ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ ᠃ | ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ ᠂ ᠪᠦᠭᠦ ᠨᠠᠮ ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ | ᠬᠥᠮᠦᠵᠢᠯ ᠢ ᠥᠷᠨᠢᠭᠦᠯᠵᠦ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷᠴᠤᠳ ᠤᠨ ᠤᠬᠠᠮᠰᠠᠷ ᠠᠴᠠ ᠪᠠᠨ ᠲᠡᠮᠦᠷ ᠮᠡᠲᠦ | ᠰᠠᠬᠢᠯᠭ᠎ᠠ ᠪᠠᠲᠤ ᠶᠢ ᠡᠳᠦᠷ ᠲᠤᠳᠤᠮ ᠤᠨ ᠳᠠᠳᠬᠠᠯ ᠪᠠ ᠠᠵᠢᠯᠯᠠᠭᠠᠨ ᠤ ᠪᠠᠷᠢᠮᠵᠢᠶ᠎ᠠ ᠪᠤᠯᠭᠠᠬᠤ ᠶᠢ ᠠᠬᠢᠭᠤᠯᠬᠤ ᠬᠡᠷᠡᠭᠲᠡᠢ ᠃ | ᠳᠦᠷᠢᠮ ᠢᠶᠠᠷ ᠨᠠᠮ ᠢ ᠵᠠᠰᠠᠬᠤ ᠂ ᠲᠣᠭᠲᠠᠭᠠᠯ ᠶᠣᠰᠣᠭᠠᠷ ᠨᠠᠮ ᠢ ᠵᠠᠰᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ | ᠭᠡᠵᠦ ᠵᠢᠭᠠᠵᠤ ᠭᠠᠷᠭᠠᠪᠠ ᠃ | ᠯᠢ ᠭᠠᠨ ᠵᠢᠶᠧ ᠬᠤᠷᠠᠯ ᠢ ᠡᠷᠭᠢᠯᠡᠵᠦ ᠂ ᠯᠢ ᠱᠥ ᠯᠧᠢ ᠂ ᠵᠢᠶᠠᠩ ᠰᠢᠨ ᡁᠢ ᠪᠣᠯᠣᠨ ᠮᠢᠶᠣᠣ ᠬᠤᠸᠠ ᠬᠤᠷᠠᠯ ᠳᠤ | ᠣᠷᠣᠯᠴᠠᠪᠠ ᠃ | ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠵᠢᠴᠢ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠂ ᠡᠯ᠎ᠡ ᠮᠤᠵᠢ ᠣᠷᠣᠨ ᠬᠤᠲᠠ | ᠪᠣᠯᠣᠨ ᠳᠡᠳ᠋ ᠮᠤᠵᠢ ᠶᠢᠨ ᠲᠠᠰ ᠤᠨ ᠬᠤᠲᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠂ ᠲᠥᠪ ᠤᠨ ᠪᠠ ᠲᠥᠷᠥ ᠶᠢᠨ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠡᠯ᠎ᠡ ᠠᠷᠠᠳ ᠤᠨ ᠪᠦᠯᠭᠦᠮ ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠂ ᠬᠡᠰᠡᠭ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠂ | ᠲᠥᠪ ᠤᠨ ᠲᠣᠭᠤᠷᠢᠨ ᠵᠢᠯᠤᠭᠤᠳᠬᠤ ᠳᠤᠭᠤᠶᠢᠯᠠᠩ ᠪᠣᠯᠣᠨ ᠮᠤᠵᠢ ᠶᠢᠨ ᠲᠠᠰ ᠤᠨ ᠲᠣᠭᠤᠷᠢᠨ ᠱᠠᠯᠠᠪᠳᠠᠭᠤᠯᠤᠨ | ᠵᠢᠯᠤᠭᠤᠳᠬᠤ ᠳᠤᠭᠤᠶᠢᠯᠠᠩ ᠤᠨ ᠳᠠᠷᠤᠭ᠎ᠠ ᠂ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ ᠃ ᠬᠤᠷᠠᠯ ᠨᠢ ᠲᠧᠯᠸᠢᠰ | ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠵᠤ ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠨᠢᠳᠤᠨᠤᠨ ᠤ 4 ᠰᠠᠷ᠎ᠠ ᠠᠴᠠ ᠡᠬᠢᠯᠡᠭᠦᠯᠦᠨ ᠂ | ᠳᠡᠭᠡᠷ᠎ᠡ ᠠᠴᠠ ᠳᠣᠷᠣᠭᠰᠢ ᠬᠤᠶᠠᠷ ᠪᠦᠯᠦᠭ ᠬᠤᠪᠢᠶᠠᠨ ᠶᠠᠪᠤᠭᠳᠠᠭᠤᠯᠵᠤ ᠂ ᠣᠳᠣᠬᠠᠨ ᠳᠤ ᠦᠨᠳᠦᠰᠦᠨ ᠳᠡᠭᠡᠨ ᠳᠠᠭᠤᠰᠴᠠᠢ ᠃ | | | | ᠳᠡᠪᠰᠢᠭᠦᠯᠦᠭᠴᠢ ᠄ ᠲᠡᠷᠭᠡᠯ | |