ᠲᠥᠯ ᠤᠨ ᠳᠠᠭᠤᠨ ᠲᠠᠢ ᠲᠥᠯᠵᠢᠬᠦ ᠬᠠᠪᠤᠷ ᠠᠶᠢᠰᠤᠢ
ᠨᠡᠶᠢᠲᠡᠯᠡᠭᠰᠡᠨ ᠴᠠᠭ᠄
2024/3/11
      ᠲᠥᠯ ᠤᠨ ᠳᠠᠭᠤᠨ ᠲᠠᠢ ᠲᠥᠯᠵᠢᠬᠦ ᠬᠠᠪᠤᠷ ᠠᠶᠢᠰᠤᠢ                  ᠬᠠᠪᠤᠷ ᠤᠨ ᠲᠦᠯ ᠲᠤᠰᠬᠤ ᠪᠤᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠮᠣ ᠠᠵᠤ᠂ ᠮᠠᠯᠴᠢᠨ ᠲᠦᠮᠡᠨ ᠤ ᠨᠢᠭᠡ ᠵᠢᠯ ᠤᠨ ᠬᠠᠮᠤᠭ ᠤᠨ ᠶᠠᠭᠠᠷᠠᠤ᠂ ᠬᠠᠮᠤᠭ ᠤᠨ ᠴᠢᠬᠤᠯᠠ ᠦᠶ᠎ᠡ ᠪᠣᠯᠤᠨ᠎ᠠ᠃       ᠣᠶᠢᠷ᠎ᠠ ᠶᠢᠨ ᠡᠳᠦᠷ ᠤᠳ ᠲᠤ᠂ ᠳᠥᠷᠪᠡᠳ ᠬᠤᠰᠢᠭᠤᠨ ᠤ ᠴᠠᠭᠠᠨ ᠪᠤᠯᠠᠭ ᠰᠤᠮᠤ ᠶᠢᠨ ᠪᠠᠶᠠᠨ ᠭᠠᠴᠠᠭᠠᠨ ᠤ ᠮᠠᠯᠴᠢᠳ ᠲᠥᠯ ᠲᠣᠰᠴᠤ ᠶᠠᠭᠠᠷᠠᠯᠳᠤᠨ᠎ᠠ᠂ ᠲᠦᠮᠡᠨᠳᠠᠯᠠᠢ ᠶᠢᠨ ᠬᠢᠨ ᠨᠢᠳᠤᠨᠤᠨ ᠡᠪᠦᠯ ᠡᠨᠡ ᠬᠠᠪᠤᠷ ᠤᠨ ᠪᠡᠯᠡᠳᠬᠡᠯ ᠭᠦᠢᠴᠡᠳ ᠂  ᠡᠬᠡ  ᠮᠠᠯ ᠤᠨ ᠲᠠᠷᠭᠤ ᠬᠦᠴᠦ ᠰᠠᠶᠢᠨ᠂ ᠲᠡᠳᠡᠨ ᠤ  ᠭᠤᠷᠪᠡᠨ ᠵᠠᠭᠤᠨ ᠲᠥᠯᠯᠡᠬᠦ ᠬᠤᠨᠢᠨ ᠤ ᠳᠣᠲᠣᠷ᠎ᠠ ᠪᠠᠷᠤᠭ ᠵᠠᠭᠤ ᠭᠠᠷᠤᠢ ᠨᠢ ᠢᠬᠡᠷᠡᠯᠡᠵᠦ᠂ ᠬᠡᠳᠦᠨ ᠵᠢᠯ ᠤᠨ ᠡᠮᠦᠨ᠎ᠡ᠂ ᠣᠳᠣᠬᠢᠴᠢᠯᠠᠭᠰᠠᠨ ᠰᠢᠨᠵᠢᠯᠡᠬᠦ ᠤᠬᠠᠭᠠᠨᠴᠢ ᠮᠠᠯ ᠮᠠᠯᠵᠢᠬᠤ ᠠᠷᠭ᠎ᠠ ᠶᠢ ᠲᠤᠷᠰᠢᠭᠰᠠᠨ᠋ ᠠᠴᠠ᠂ ᠨᠢᠳᠤᠨᠤᠨ ᠵᠢᠯ ᠤᠨ ᠴᠡᠪᠡᠷ ᠣᠷᠣᠯᠭ᠎ᠠ  ᠠᠷᠪᠠᠨ ᠲᠦᠮᠡᠨ ᠲᠥᠭᠦᠷᠢᠭ  ᠬᠦᠷᠦᠭᠰᠡᠨ ᠪᠠᠶᠢᠨ᠎ᠠ᠃       ᠣᠶᠢᠯᠠᠭᠠᠭᠰᠠᠨ ᠢᠶᠠᠷ᠂ ᠣᠳᠣᠬᠠᠨ ᠳᠤ ᠪᠦᠬᠦ ᠬᠤᠰᠢᠭᠤᠨ ᠤ ᠲᠥᠯ ᠲᠣᠰᠴᠤ ᠪᠤᠶᠢᠵᠢᠭᠤᠯᠬᠤ ᠠᠵᠢᠯ ᠦᠨᠳᠦᠰᠦᠨ ᠳᠡᠭᠡᠨ ᠳᠠᠭᠤᠰᠴᠤ᠂ ᠪᠦᠬᠦ ᠬᠤᠰᠢᠭᠤᠨ ᠤ 140 ᠭᠠᠷᠤᠢ ᠲᠦᠮᠡᠨ ᠡᠬᠡ ᠮᠠᠯ ᠤᠨ ᠲᠥᠯᠯᠡᠯᠲᠡ ᠶᠢᠨ ᠨᠣᠷᠮ᠎ᠠ 98% ᠠᠴᠠ ᠳᠡᠭᠡᠭᠰᠢ ᠭᠠᠷᠤᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠤᠷᠤᠨ᠎ᠠ   ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2