ᠥᠪᠥᠷ ᠮᠣᠩᠭᠤᠯ ᠤᠨ ᠰᠠᠢ ᠨᠦᠸᠧ ᠡᠭᠦᠯᠳᠡᠷ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠲᠤᠰᠬᠠᠢ ᠠᠰᠢᠭ ᠤᠨ ᠱᠠᠩᠨᠠᠯ ᠬᠦᠷᠲᠡᠭᠰᠡᠨ
ᠨᠡᠶᠢᠲᠡᠯᠡᠭᠰᠡᠨ ᠴᠠᠭ᠄
2024/3/11
      ᠥᠪᠥᠷ ᠮᠣᠩᠭᠤᠯ ᠤᠨ ᠰᠠᠢ ᠨᠦᠸᠧ ᠡᠭᠦᠯᠳᠡᠷ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠲᠤᠰᠬᠠᠢ ᠠᠰᠢᠭ ᠤᠨ ᠱᠠᠩᠨᠠᠯ ᠬᠦᠷᠲᠡᠭᠰᠡᠨ        ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ) ᠠᠴᠠ ᠭᠤᠣᠯᠯᠠᠨ ᠡᠷᠬᠢᠯᠡᠭᠰᠡᠨ 《 ᠲᠤᠰᠬᠠᠢ ᠠᠰᠢᠭ ᠤᠨ ᠳᠡᠯᠡᠬᠡᠢ ᠶᠢᠨ ᠰᠢᠨ᠎ᠡ ᠶᠢ ᠡᠭᠦᠳᠴᠦ ᠢᠷᠡᠭᠡᠳᠦᠢ ᠶᠢ ᠪᠠᠶᠢᠭᠤᠯᠬᠤ》2023 ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠲᠤᠰᠬᠠᠢ ᠠᠰᠢᠭ ᠤᠨ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠰᠠᠢ ᠨᠦᠸᠧ ᠡᠭᠦᠯᠳᠡᠷ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠭᠤᠶᠤᠴᠢᠯᠠᠭᠰᠠᠨ ᠲᠤᠰᠬᠠᠢ ᠠᠰᠢᠭ ᠤᠨ 《 ᠬᠤᠨᠢᠨ ᠤ ᠥᠨᠳᠡᠭᠡᠨ ᠡᠬᠡ ᠡᠰ ᠤᠨ ᠪᠡᠶ᠎ᠡ ᠶᠢᠨ ᠭᠠᠳᠠᠨ᠎ᠠ ᠪᠤᠶᠢᠵᠢᠯᠲᠠ ᠶᠢ ᠠᠬᠢᠭᠤᠯᠬᠤ ᠠᠷᠭ᠎ᠠ 》 ᠨᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠤᠨ ᠠᠯᠲᠠᠨ ᠱᠠᠩᠨᠠᠯ ᠢ ᠬᠦᠷᠲᠡᠵᠡᠢ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ᠂  ᠮᠠᠨ ᠤ ᠣᠷᠣᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠬᠦᠷᠢᠶ᠎ᠡ ᠬᠡᠪᠴᠢᠶᠡᠨ ᠤ ᠬᠠᠮᠤᠭ ᠤᠨ ᠳᠡᠭᠡᠳᠦ ᠱᠠᠩᠨᠠᠯ ᠤᠨ ᠲᠥᠷᠥᠯ ᠵᠦᠢᠯ ᠪᠣᠯᠬᠤ ᠲᠤᠯᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ ) ᠠᠴᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠰᠬᠠᠢ ᠠᠰᠢᠭ ᠢ ᠬᠡᠷᠡᠭᠵᠢᠭᠦᠯᠬᠦ ᠬᠢᠭᠡᠳ ᠠᠵᠤ ᠦᠢᠯᠡᠰᠵᠢᠯᠲᠡ ᠳᠤ ᠢᠯᠡᠳᠲᠡ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠬᠥᠭᠵᠢᠯᠲᠡ ᠶᠢᠨ ᠢᠷᠡᠭᠡᠳᠦᠢ ᠰᠠᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠵᠣᠷᠢᠭᠵᠢᠭᠤᠯᠤᠯ ᠣᠯᠭᠤᠨ᠎ᠠ᠃       ᠥᠪᠥᠷ ᠮᠣᠩᠭᠤᠯ ᠤᠨ ᠰᠠᠢ ᠨᠦᠸᠧ ᠡᠭᠦᠯᠳᠡᠷ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ  ᠺᠤᠮᠫᠠᠨᠢ ᠨᠢ ᠤᠯᠤᠰ ᠤᠨ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠵᠢᠭᠰᠠᠭᠠᠯ ᠤᠨ ᠬᠡᠯᠪᠡᠷᠢ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠢᠮᠠᠭᠲᠠ ᠡᠭᠦᠯᠳᠡᠷ ᠬᠤᠨᠢᠨ ᠤ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠭ ᠫᠠᠲ᠋ᠧᠨᠲ ᠤᠨ ᠨᠡᠭᠡᠭᠡᠯᠲᠡ ᠪᠣᠯᠤᠨ ᠥᠭᠡᠷᠡᠴᠢᠯᠡᠯᠲᠡ ᠶᠢ ᠳᠡᠮᠵᠢᠵᠦ᠂ OPU—IVF—ET ᠥᠨᠳᠥᠷ ᠦᠷ᠎ᠡ ᠠᠰᠢᠭ ᠲᠠᠢ ᠦᠷᠡᠵᠢᠭᠦᠯᠬᠦ ᠲᠧᠭᠨᠣᠯᠣᠭᠢ ᠶᠢ ᠲᠥᠯᠥᠪᠰᠢᠭᠰᠡᠨ ᠪᠥᠭᠡᠳ ᠮᠣᠯᠧᠺᠣᠯ᠂ ᠭᠧᠨ ᠪᠤᠶᠢᠵᠢᠭᠤᠯᠬᠤ ᠲᠠᠢ ᠤᠶᠠᠯᠳᠤᠭᠤᠯᠵᠤ᠂ ᠳᠣᠲᠣᠭᠠᠳᠤ ᠶᠢᠨ ᠬᠠᠮᠤᠭ ᠤᠨ ᠲᠡᠷᠢᠭᠦᠨ ᠤ ᠪᠢᠣᠯᠣᠭᠢ ᠶᠢᠨ ᠡᠭᠦᠯᠳᠡᠷ ᠪᠤᠶᠢᠵᠢᠭᠤᠯᠬᠤ ᠰᠢᠰᠲ᠋ᠧᠮ ᠢ ᠪᠠᠶᠢᠭᠤᠯᠪᠠ᠃ ᠲᠤᠰ ᠮᠡᠷᠭᠡᠵᠢᠯ ᠤᠨ ᠰᠢᠰᠲ᠋ᠧᠮ ᠨᠢ ᠡᠩ ᠤᠨ ᠡᠭᠦᠯᠳᠡᠷ ᠪᠤᠶᠢᠵᠢᠭᠤᠯᠬᠤ ᠠᠷᠭ᠎ᠠ ᠶᠢ ᠡᠪᠳᠡᠵᠦ᠂ ᠬᠤᠨᠢᠨ ᠤ ᠰᠢᠨ᠎ᠡ ᠡᠭᠦᠯᠳᠡᠷ ᠢ ᠪᠤᠶᠢᠵᠢᠭᠤᠯᠬᠤ ᠦᠶᠡᠯᠡᠯ ᠢ ᠪᠣᠭᠤᠨᠢᠰᠬᠠᠵᠤ᠂ ᠡᠭᠦᠯᠳᠡᠷ ᠪᠤᠶᠢᠵᠢᠭᠤᠯᠬᠤ ᠠᠬᠢᠴᠠ ᠶᠢ ᠲᠦᠷᠭᠡᠳᠬᠡᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠠᠨ ᠤ ᠤᠯᠤᠰ ᠤᠨ ᠢᠷᠡᠭᠡᠳᠦᠢ ᠶᠢᠨ ᠬᠤᠨᠢᠨ ᠤ ᠰᠢᠨ᠎ᠡ ᠡᠭᠦᠯᠳᠡᠷ ᠢ ᠪᠤᠶᠢᠵᠢᠭᠤᠯᠬᠤ ᠵᠢᠴᠢ ᠰᠣᠩᠭᠤᠨ ᠪᠤᠶᠢᠵᠢᠭᠤᠯᠵᠤ ᠳᠡᠭᠡᠭᠰᠢᠯᠡᠭᠦᠯᠬᠦ ᠳᠤ ᠡᠭᠦᠯᠳᠡᠷ ᠪᠤᠶᠢᠵᠢᠭᠤᠯᠬᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃        ᠣᠳᠣᠬᠠᠨ ᠳᠤ  ᠺᠤᠮᠫᠠᠨᠢ ᠨᠢ ᠲᠤᠰ ᠮᠡᠷᠭᠡᠵᠢᠯ ᠢ ᠠᠵᠤ ᠦᠢᠯᠡᠰᠵᠢᠭᠦᠯᠦᠨ ᠬᠡᠷᠡᠭᠯᠡᠬᠦ ᠪᠠᠷ ᠳᠠᠮᠵᠢᠨ᠂ ᠵᠢᠯ ᠳᠤ 30 ᠲᠦᠮᠡᠨ ᠲᠦᠯ ᠪᠤᠶᠢᠵᠢᠭᠤᠯᠬᠤ ᠦᠢᠯᠡᠳᠪᠦᠷᠢ ᠶᠢ ᠪᠠᠶᠢᠭᠤᠯᠵᠤ᠂ ᠤᠯᠤᠰ ᠤᠨ ᠬᠦᠳᠡᠭᠡ ᠠᠵᠤ ᠠᠬᠤᠢ ᠬᠦᠳᠡᠭᠡ ᠲᠣᠰᠬᠤᠨ ᠤ ᠶᠠᠮᠤᠨ᠋ ᠠᠴᠠ᠂ ᠬᠤᠨᠢᠨ ᠤ ᠤᠳᠤᠮᠯᠠᠯ ᠤᠨ ᠡᠭᠦᠯᠳᠡᠷ ᠪᠤᠶᠢᠵᠢᠭᠤᠯᠬᠤ ᠬᠢᠭᠡᠳ ᠦᠷᠡᠵᠢᠭᠦᠯᠬᠦ ᠮᠡᠷᠭᠡᠵᠢᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢᠶᠠᠷ ᠦᠨᠡᠯᠡᠭᠳᠡᠪᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠯᠢ ᠨᠢᠩ    ᠷᠧᠨ  ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2