ᠢᠦᠢ ᠳ᠋ᠠᠢ ᠴᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠰᠠᠨ
ᠨᠡᠶᠢᠲᠡᠯᠡᠭᠰᠡᠨ ᠴᠠᠭ᠄
2024/3/11
      ᠢᠦᠢ ᠳ᠋ᠠᠢ ᠴᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠰᠠᠨ              ᠣᠶᠢᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠳ᠋ᠦ᠋ᠩᠨᠡᠯᠲᠡ ᠶᠢᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠪᠠ ᠬᠤᠲᠠ ᠪᠠᠯᠭᠠᠰᠤᠨ ᠤ ᠳᠤᠯᠠᠭᠠᠯᠠᠯᠭ᠎ᠠ ᠬᠠᠩᠭᠠᠬᠤ ᠵᠡᠷᠭᠡ ᠠᠵᠢᠯ ᠳᠤ ᠰᠤᠳᠤᠯᠤᠨ ᠪᠠᠶᠢᠷᠢᠯᠠᠭᠤᠯᠤᠯᠲᠠ ᠬᠢᠭᠰᠡᠨ  ᠪᠠᠶᠢᠨ᠎ᠠ ᠃         ᠢᠦᠢ ᠳ᠋ᠠᠢ ᠴᠢᠩ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠢ ᠡᠵᠡᠮᠰᠢᠵᠦ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠪᠥᠬᠦ ᠲᠠᠯ᠎ᠠ ᠶᠢᠨ᠂ ᠠᠯᠤᠰ ᠬᠡᠳᠦ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂   ᠬᠤᠰᠢᠭᠤᠨ ᠤ ᠪᠣᠳᠠᠲᠤ ᠪᠠᠶᠢᠳᠠᠯ  ᠲᠠᠢ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ᠂ ᠭᠦᠨᠵᠡᠭᠡᠢ  ᠤᠶᠢᠯᠠᠭᠠᠨ᠂ ᠰᠠᠶᠢᠲᠤᠷ  ᠨᠠᠶᠢᠳᠠᠪᠤᠷᠢᠵᠢᠭᠤᠯᠵᠤ᠂ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠲᠦᠯᠬᠢᠨ  ᠠᠬᠢᠭᠤᠯᠵᠤ ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤᠶ᠋ᠢ ᠬᠢᠨᠠᠨ ᠰᠢᠯᠭᠠᠬᠤ ᠪᠠ ᠱᠠᠩᠨᠠᠬᠤ ᠠᠷᠭ᠎ᠠ ᠶᠢ ᠴᠢᠩᠭ᠎ᠠ ᠬᠡᠷᠡᠭᠵᠢᠭᠦᠯᠵᠦ᠂ ᠠᠵᠢᠯ ᠤᠨ   ᠬᠠᠷᠢᠭᠤᠴᠠᠯᠭ᠎ᠠ ᠶᠢ ᠡᠭᠦᠷᠭᠡ ᠲᠤᠰᠢᠶᠠᠯ ᠢᠶᠠᠨ ᠰᠢᠮᠳᠠᠭᠤᠯᠤᠨ ᠭᠦᠢᠴᠡᠳᠬᠡᠬᠦ᠂ ᠬᠠᠷᠠᠯᠲᠠ ᠶᠢᠨ ᠡᠭᠦᠷᠭᠡ ᠯᠦᠭᠡ ᠬᠠᠷᠢᠴᠠᠭᠤᠯᠵᠤ ᠪᠠᠶᠢᠭᠠᠳ ᠠᠬᠢᠴᠠ ᠶᠢ ᠬᠢᠨᠠᠬᠤ᠂ ᠨᠡᠶᠢᠭᠡᠮ ᠤᠨ ᠬᠢᠨ ᠤ ᠦᠨᠡᠯᠡᠵᠦ ᠰᠢᠮᠳᠠᠭᠤᠯᠬᠤ ᠦᠷ᠎ᠡ ᠪᠦᠲᠦᠮᠵᠢ ᠲᠠᠢ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠰᠠᠶᠢᠳᠤᠷ  ᠪᠠᠲᠤᠯᠠᠬᠤ ᠬᠡᠷᠡᠭᠲᠡᠢ ᠭᠡᠵᠦ  ᠵᠢᠭᠠᠵᠦ  ᠭᠠᠷᠭᠠᠭᠰᠠᠨ  ᠪᠠᠶᠢᠨ᠎ᠠ ᠃         ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠵᠢᠴᠢ ᠰᠤᠮᠤ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠯᠢ ᠨᠢᠩ    ᠷᠧᠨ  ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2