ᠮᠠᠨ ᠤ ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠠᠬᠢᠭᠤᠯᠬᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/3/13
      ᠮᠠᠨ ᠤ ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠠᠬᠢᠭᠤᠯᠬᠤ ᠬᠤᠷᠠᠯ ᠬᠤᠷᠠᠯᠳᠤᠭᠰᠠᠨ              3 ᠰᠠᠷ᠎ᠠ ᠶᠢᠨ 12 ᠤ ᠡᠳᠦᠷ᠂ ᠮᠠᠨ ᠤ ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠠᠬᠢᠭᠤᠯᠬᠤ ᠬᠤᠷᠠᠯ ᠬᠤᠷᠠᠯᠳᠤᠵᠤ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠠᠨ ᡁᠢ ᠯᠢᠶᠠᠩ ᠬᠤᠷᠠᠯ ᠡᠷᠬᠢᠯᠡᠵᠦ ᠶᠠᠷᠢᠶ᠎ᠠ ᠲᠠᠯᠪᠢᠵᠠᠢ᠃       ᠬᠤᠷᠠᠯ ᠠᠴᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠤᠨ ᠤᠬᠠᠭᠠᠨ ᠢᠶᠠᠨ ᠨᠢᠭ᠌ᠲᠡᠷᠡᠭᠤᠯᠬᠤ ᠪᠠ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠮᠠᠷᠠᠲᠤ ᠬᠢᠯᠢ ᠶᠢᠨ ᠰᠣᠶᠣᠯ ᠤᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠭᠦᠨᠵᠡᠭᠡᠶᠢᠷᠡᠭᠦᠯᠦᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠦᠷᠭᠦᠯᠵᠢᠯᠡᠨ ᠪᠠᠶᠠᠯᠢᠭᠵᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠬᠢ ᠪᠣᠢ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠡᠵᠡᠮᠳᠡᠯ ᠤᠨ ᠵᠠᠰᠠᠯᠲᠠ ᠶᠢ ᠴᠢᠩᠭᠠᠳᠬᠠᠵᠤ᠂ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃《ᠵᠢᠷᠭᠤᠭᠠᠨ ᠴᠤ᠋ ᠰᠢᠨ᠎ᠡ ᠳᠥᠷᠪᠡᠳ》 ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ᠂ ᠪᠦᠬᠦ ᠬᠤᠰᠢᠭᠤᠨ ᠤ  ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠬᠡᠮᠡᠨ ᠴᠢᠬᠤᠯᠠᠴᠢᠯᠠᠭᠰᠠᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠠᠵᠢᠯᠲᠠᠳ ᠣᠷᠣᠯᠴᠠᠨ᠂ ᠬᠤᠷᠠᠯ ᠳᠡᠭᠡᠷ᠎ᠡ ᠪᠠᠰᠠ ᠪᠦᠬᠦ ᠬᠤᠰᠢᠭᠤᠨ ᠤ ᠰᠣᠨᠢᠨ ᠮᠡᠳᠡᠭᠡ ᠰᠤᠷᠲᠠᠯ ᠤᠬᠠᠭᠤᠯᠭ᠎ᠠ ᠶᠢᠨ ᠠᠵᠢᠯ ᠤᠨ ᠱᠠᠩᠨᠠᠯ ᠬᠥᠬᠢᠭᠦᠯᠦᠯ ᠪᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠤᠨ ᠲᠥᠰᠦᠯ ᠵᠡᠷᠭᠡ ᠠᠭᠤᠯᠭ᠎ᠠ ᠶᠢ ᠲᠠᠶᠢᠯᠪᠤᠷᠢᠯᠠᠨ ᠤᠶᠢᠯᠠᠯᠠᠭᠤᠯᠤᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠴᠧᠨ ᠯᠢᠨ   ᠬᠦᠰᠡᠯᠡᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2