ᠮᠠᠨ ᠤ ᠬᠤᠰᠢᠭᠤ ᠬᠤᠲᠠ ᠪᠠᠯᠭᠠᠰᠤᠨ ᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠪᠠᠶᠢᠴᠠᠭᠠᠨ ᠰᠤᠳᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/3/13
      ᠮᠠᠨ ᠤ ᠬᠤᠰᠢᠭᠤ ᠬᠤᠲᠠ ᠪᠠᠯᠭᠠᠰᠤᠨ ᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠪᠠᠶᠢᠴᠠᠭᠠᠨ ᠰᠤᠳᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠰᠠᠨ               3 ᠰᠠᠷ᠎ᠠ ᠶᠢᠨ 12 ᠤ ᠡᠳᠦᠷ᠂ ᠮᠠᠨ ᠤ ᠬᠤᠰᠢᠭᠤ ᠬᠤᠲᠠ ᠪᠠᠯᠭᠠᠰᠤᠨ ᠤ ᠲᠥᠪᠯᠡᠷᠡᠭᠦᠯᠦᠨ ᠳᠤᠯᠠᠭᠠᠯᠠᠭ᠎ᠠ ᠶᠢᠨ ᠪᠠᠶᠢᠴᠠᠭᠠᠨ ᠰᠤᠳᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠯᠤᠰ ᠲᠥᠷᠥ ᠶᠢ ᠡᠷᠬᠢᠮᠯᠡᠬᠦ  ᠦᠨᠳᠦᠷᠴᠡ ᠠᠴᠠ ᠢᠯᠴᠢ ᠬᠠᠩᠭᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠢᠯᠴᠢ ᠬᠠᠩᠭᠠᠬᠤ ᠨᠢᠭᠡᠴᠡ ᠨᠦᠭᠦᠳ ᠰᠠᠭᠤᠭᠠᠯᠢ ᠠᠷᠠᠳ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠂ ᠢᠯᠴᠢ ᠬᠠᠩᠭᠠᠬᠤ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠰᠣᠯᠢᠯᠴᠠᠭ᠎ᠠ ᠬᠤᠷᠰᠢᠯᠴᠠᠭ᠎ᠠ ᠪᠠᠨ ᠴᠢᠩᠭᠠᠳᠬᠠᠨ ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠳᠤᠮᠳᠠᠬᠢ ᠠᠰᠠᠭᠤᠳᠠᠯ ᠪᠣᠯᠤᠨ ᠬᠦᠴᠢᠷᠳᠡᠯ ᠢ ᠬᠠᠮᠲᠤ ᠪᠠᠷ ᠰᠢᠢᠳᠪᠦᠷᠢᠯᠡᠵᠦ᠂ ᠵᠢᠯ ᠪᠦᠷᠢ ᠴᠠᠭ ᠲᠠᠭᠠᠨ ᠢᠯᠴᠢ ᠬᠠᠩᠭᠠᠬᠤ᠂ ᠬᠡᠪ ᠤᠨ ᠳᠤᠯᠠᠭᠠᠯᠠᠯᠭ᠎ᠠ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠢᠯᠴᠢ ᠬᠠᠩᠭᠠᠬᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠬᠢᠭᠡᠳ ᠢᠯᠴᠢ ᠬᠠᠩᠭᠠᠬᠤ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠬᠤᠲᠠ ᠪᠠᠯᠭᠠᠰᠤ ᠶᠢᠨ ᠳᠤᠯᠠᠭᠠᠯᠠᠯᠭ᠎ᠠ ᠶᠢᠨ ᠠᠶᠤᠯ ᠦᠭᠡᠢ ᠠᠵᠢᠯᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠳᠤᠯᠠᠭᠠᠯᠠᠯᠭ᠎ᠠ ᠬᠠᠩᠭᠠᠬᠤ ᠠᠵᠤ ᠠᠬᠤᠶᠢᠯᠠᠯ ᠠᠯᠤᠰ ᠬᠡᠳᠦ ᠶᠢᠨ ᠠᠷᠭ᠎ᠠ ᠪᠣᠳᠣᠯᠭ᠎ᠠ ᠲᠣᠭᠲᠠᠭᠠᠵᠤ᠂ ᠡᠷᠲᠡ ᠠᠴᠠ ᠬᠥᠳᠡᠯᠦᠯᠴᠡᠨ᠂ ᠮᠠᠨ ᠤ ᠬᠤᠰᠢᠭᠤᠨ ᠤ ᠳᠤᠯᠠᠭᠠᠯᠭ᠎ᠠ ᠬᠠᠩᠭᠠᠬᠤ ᠴᠢᠳᠠᠪᠤᠷᠢ ᠪᠠ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠠᠷ ᠬᠦᠴᠦᠨ ᠢᠶᠠᠨ ᠲᠥᠪᠯᠡᠷᠡᠭᠦᠯᠦᠨ ᠨᠠᠷᠢᠨ ᠨᠢᠮᠪᠠᠢ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠪᠠᠶᠢᠴᠠᠭᠠᠨ ᠲᠣᠳᠣᠯᠠᠵᠤ᠂ ᠤᠨᠤᠪᠴᠢᠲᠠᠢ ᠡᠷᠢᠨ ᠣᠯᠵᠤ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠶᠢᠨ ᠲᠤᠬᠠᠢ ᠪᠦᠬᠦ ᠲᠠᠯ᠎ᠠ ᠶᠢᠨ ᠣᠨᠣᠪᠴᠢᠲᠠᠢ ᠯᠠᠪᠯᠠᠯᠲᠠ ᠶᠢᠨ ᠰᠠᠨᠠᠯ ᠬᠠᠩᠭᠠᠵᠤ᠂ ᠢᠯᠴᠢ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠰᠡᠨ ᠪᠠᠶᠢᠨ᠎ᠠ᠃        ᠵᠢᠢ ᠰᠢᠶᠣᠤ ᠫᠧᠩ᠂ ᠵᠠᠩ ᠮᠠᠨ ᠶᠤᠸᠠᠨ ᠵᠢᠴᠢ ᠪᠠᠶᠢᠴᠠᠭᠠᠨ ᠰᠤᠳᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠷᠠᠯ ᠳᠡᠭᠡᠷ᠎ᠡ ᠪᠠᠰᠠ ᠪᠦᠬᠦ ᠬᠤᠰᠢᠭᠤᠨ ᠤ ᠬᠤᠲᠠ ᠪᠠᠯᠭᠠᠰᠤᠨ ᠤ ᠲᠥᠪᠯᠡᠷᠡᠭᠦᠯᠦᠨ ᠳᠤᠯᠠᠭᠠᠯᠠᠯᠭ᠎ᠠ ᠬᠠᠩᠭᠠᠬᠤ ᠲᠤᠬᠠᠢ ᠪᠠᠶᠢᠴᠠᠭᠠᠨ ᠰᠤᠳᠤᠯᠤᠯᠲᠠ ᠬᠢᠬᠦ ᠠᠵᠢᠯ ᠤᠨ ᠲᠥᠰᠦᠯ ᠵᠡᠷᠭᠡ ᠠᠭᠤᠯᠭ᠎ᠠ ᠶᠢ ᠤᠯᠠᠮᠵᠢᠯᠠᠪᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠲᠠᠨ᠎ᠠ   ᠮᠦᠰᠢᠶᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2