ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ︽ | ᠲᠥᠷᠥ ᠶᠢᠨ ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ | ᠵᠡᠷᠭᠡ ᠶᠢ ᠶᠠᠷᠢᠯᠴᠠᠨ ᠪᠠᠲᠤᠯᠠᠪᠠ | | | | ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠠᠳ᠂ ︽ᠲᠥᠷᠥ ᠶᠢᠨ | ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾᠂ ︽ | ᠮᠢᠩᠭᠠᠨ ᠳ᠋ᠦ᠋ᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ ᠰᠢᠨ᠎ᠡ ᠨᠢᠭᠡᠨ ᠡᠭᠡᠯᠵᠢᠨ ᠤ | ᠠᠵᠢᠯᠯᠠᠭ᠎ᠠ ᠶᠢᠨ ᠲᠥᠰᠥᠯ ︵2024 — 2030 ᠣᠨ︶︾ ᠪᠠ ︽ᠪᠠᠷᠢᠮᠵᠢᠶ᠎ᠠ ᠶᠢ ᠨᠢᠭᠲᠠᠷᠠᠭᠤᠯᠬᠤ ᠪᠠᠷ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠠᠵᠢᠯ ᠤᠨ ᠲᠥᠰᠥᠯ︾ ᠢ ᠶᠠᠷᠢᠯᠴᠠᠨ ᠪᠠᠲᠤᠯᠠᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ | ᠬᠤᠯᠪᠣᠭᠳᠠᠯ ᠪᠦᠬᠦᠢ ᠠᠷᠭ᠎ᠠ ᠪᠠᠷᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠡᠷᠢᠭ ᠤᠨ ᠠᠰᠠᠷᠠᠮᠵᠢ | ᠬᠠᠷᠠᠭᠠᠯᠵᠠᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠳᠡᠭᠡᠷ᠎ᠡ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ ᠬᠢᠨᠠᠨ ᠵᠥᠪᠯᠡᠵᠦ ᠪᠠᠲᠤᠯᠠᠭᠰᠠᠨ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ ᠵᠢᠯ ᠤᠨ ᠠᠵᠤ ᠠᠬᠤᠢ ᠨᠡᠶ᠋ᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠲᠤᠳᠤᠷᠬᠠᠶᠢᠯᠠᠵᠠᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ︽ᠴᠠᠭ ᠢᠮᠠᠭᠲᠠ ᠰᠠᠨᠠᠭ᠎ᠠ ᠠᠮᠤᠷ | ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠦᠨᠡᠨ ᠬᠦ ︽ᠠᠵᠢᠯ ᠶᠠᠪᠤᠳᠠᠯ ᠪᠦᠬᠦᠨ ᠢ | ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠲᠠᠯ᠎ᠠ ᠶᠢᠨ | ᠢᠳᠡᠪᠬᠢᠵᠢᠯ ᠢ ᠭᠦᠢᠴᠡᠳ ᠳᠠᠶᠢᠴᠢᠯᠠᠨ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠪᠠᠨ ᠤᠯᠠᠮ ᠪᠠᠳᠠᠷᠠᠭᠤᠯᠵᠤ᠂ | ᠡᠯ᠎ᠡ ᠵᠦᠢᠯ ᠤᠨ ᠠᠵᠢᠯ ᠢ ᠪᠤᠲᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠡᠷᠡᠭᠵᠢᠭᠦᠯᠬᠦ | ᠠᠷᠭ᠎ᠠ ᠪᠠᠷᠢᠯ ᠢᠶᠠᠨ ᠨᠠᠷᠢᠯᠢᠭᠵᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠬᠢᠭᠡᠳ ᠡᠯ᠎ᠡ ᠰᠠᠯᠠᠭ᠎ᠠ | ᠮᠥᠴᠢᠷ ᠤᠳ ᠤᠨ ᠬᠠᠷᠢᠭᠤᠴᠠᠯᠭ᠎ᠠ ᠶᠢ ᠬᠡᠷᠡᠭᠵᠢᠭᠦᠯᠬᠦ ᠪᠣᠳᠠᠲᠠᠢ ᠠᠷᠭ᠎ᠠ ᠪᠠ ᠲᠦᠷᠦ ᠶᠢᠨ ᠪᠣᠳᠣᠯᠭ᠎ᠠ ᠶᠢᠨ ᠠᠷᠭ᠎ᠠ ᠪᠠᠷᠢᠯ | ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠡᠯᠪᠡᠨ ᠬᠠᠮᠵᠢᠯᠴᠠᠬᠤ ᠪᠠᠨ ᠴᠢᠩᠭᠠᠳᠬᠠᠨ᠂ ᠲᠦᠷᠦᠭᠦᠯᠡᠨ ᠬᠢᠬᠦ ᠰᠠᠯᠠᠭ᠎ᠠ | ᠮᠥᠴᠢᠷ ᠤᠳ ᠰᠠᠨᠠᠭᠠᠴᠢᠯᠠᠭ᠎ᠠ ᠠᠴᠠ ᠪᠠᠨ ᠤᠶᠢᠯᠭᠠᠯᠴᠠᠨ ᠵᠣᠬᠢᠴᠠᠭᠤᠯᠵᠤ᠂ ᠣᠷᠣᠯᠴᠠᠭᠰᠠᠨ ᠰᠠᠯᠠᠭ᠎ᠠ ᠮᠥᠴᠢᠷ ᠤᠳ | ᠨᠢᠭᠲᠠ ᠬᠠᠮᠵᠢᠯᠴᠠᠨ ᠳᠡᠮᠵᠢᠵᠦ᠂ ᠠᠳᠠᠯᠢ ᠴᠢᠭᠯᠡᠯ ᠢᠶᠠᠷ ᠬᠦᠴᠦᠯᠡᠬᠦ᠂ ᠨᠡᠶᠢᠯᠡᠮᠡᠯ ᠬᠦᠴᠦᠨ ᠢ ᠪᠣᠶ ᠪᠣᠯᠭᠠᠬᠤ ᠶᠢ ᠪᠠᠲᠤᠯᠠᠬᠤ | ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠶᠢ ᠰᠠᠶᠢᠳᠤᠷ ᠬᠢᠵᠦ᠂ ᠡᠳᠦᠷ ᠲᠤᠲᠤᠮ ᠤᠨ ᠲᠣᠬᠢᠷᠠᠭᠤᠯᠤᠯᠲᠠ ᠶᠢ | ᠴᠢᠩᠭᠠᠳᠬᠠᠨ᠂ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠨ ᠲᠡᠭᠦᠯᠳᠡᠷᠵᠢᠭᠦᠯᠵᠦ᠂ ᠰᠢᠮᠳᠠᠭᠤᠯᠤᠨ ᠪᠠᠶᠢᠴᠠᠭᠠᠬᠤ | ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃ | ᠬᠤᠷᠠᠯ ᠳᠡᠭᠡᠷ᠎ᠡ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠃ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠮᠢᠩᠭᠠᠨ ᠳ᠋ᠦ᠋ᠩᠰᠢᠭᠤᠷ ᠵᠢᠩ | ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ ᠰᠢᠨ᠎ᠡ ᠨᠢᠭᠡᠨ ᠡᠭᠡᠯᠵᠢᠨ ᠤ ᠠᠵᠢᠯᠯᠠᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠲᠠᠷᠢᠶᠠᠨ ᠭᠠᠵᠠᠷ ᠪᠠ ᠮᠡᠷᠭᠡᠵᠢᠯ ᠳᠤ ᠲᠦᠰᠢᠭᠯᠡᠨ ᠠᠮᠤ ᠪᠤᠳᠠᠭ᠎ᠠ ᠶᠢ ᠬᠠᠳᠠᠭᠠᠯᠠᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠦᠷ᠎ᠡ ᠡᠭᠦᠯᠳᠡᠷ ᠬᠤᠪᠢᠶᠠᠨ ᠤᠨᠠᠯᠲᠠ ᠶᠢ ᠨᠡᠮᠡᠭᠳᠡᠭᠦᠯᠬᠦ ᠡᠭᠦᠷᠭᠡ ᠬᠢᠭᠡᠳ ᠣᠷᠣᠨ | ᠪᠦᠰᠡ ᠬᠤᠪᠢᠶᠠᠨ ᠤᠨᠠᠯᠲᠠ ᠶᠢ ᠨᠡᠮᠡᠭᠳᠡᠭᠦᠯᠬᠦ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ | ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠤᠳ ᠢ ᠲᠥᠯᠥᠪᠯᠡᠨ ᠬᠡᠷᠡᠭᠵᠢᠭᠦᠯᠵᠦ᠂ ᠠᠮᠤ ᠪᠤᠳᠠᠭᠠᠨ ᠤ | ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠨ ᠭᠠᠷᠭᠠᠵᠠᠢ᠃ | ᠬᠤᠷᠠᠯ ᠳᠡᠭᠡᠷ᠎ᠡ᠂ ᠪᠠᠷᠢᠮᠵᠢᠶ᠎ᠠ ᠶᠢ ᠨᠢᠭᠲᠠᠷᠠᠭᠤᠯᠬᠤ ᠶᠢ ᠠᠬᠢᠭᠤᠯᠬᠤ ᠤᠯᠠᠨ ᠲᠦᠮᠡᠨ ᠤ ᠬᠡᠷᠡᠭᠴᠡᠭᠡ ᠶᠢ ᠨᠡᠩ | ᠰᠠᠶᠢᠨ ᠬᠠᠩᠭᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ | ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠪᠠ ᠬᠡᠷᠡᠭᠯᠡᠭᠴᠢ ᠵᠡᠷᠭᠡ ᠬᠤᠯᠪᠤᠭᠳᠠᠯ ᠪᠦᠬᠦᠢ | ᠲᠠᠯ᠎ᠠ ᠶᠢᠨ ᠰᠠᠨᠠᠯ ᠤᠳ ᠢ ᠭᠦᠢᠴᠡᠳ ᠬᠤᠷᠢᠶᠠᠵᠤ᠂ ᠪᠠᠴᠢᠮ ᠬᠡᠷᠡᠭᠯᠡᠭᠡ ᠶᠢ ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠨ᠂ | ᠨᠢᠭᠡ ᠵᠦᠢᠯ ᠤᠨ ᠪᠠᠷᠢᠮᠵᠢᠶ᠎ᠠ ᠪᠣᠯᠪᠠᠰᠤᠷᠠᠩᠭᠤᠢ ᠪᠣᠯᠪᠠᠯ ᠲᠡᠭᠦᠨ ᠢ ᠴᠠᠭ ᠲᠤᠬᠠᠢ ᠳᠤ ᠨᠡᠶᠢᠳᠡᠯᠡᠬᠦ ᠬᠡᠷᠡᠭᠲᠡᠢ᠃ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠢᠵᠢ ᠪᠦᠷᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠡᠯ᠎ᠡ | ᠵᠦᠢᠯ ᠤᠨ ᠪᠠᠷᠢᠮᠵᠢᠶ᠎ᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠵᠢᠭᠠᠨ ᠭᠠᠷᠭᠠᠪᠠ᠃ | ᠬᠤᠷᠠᠯ ᠳᠡᠭᠡᠷ᠎ᠡ᠂ ᠰᠤᠷᠭᠠᠭᠤᠯᠢ ᠡᠷᠬᠢᠯᠡᠬᠦ ᠨᠥᠬᠦᠴᠡᠯ᠂ ᠰᠤᠷᠭᠠᠨ ᠬᠥᠮᠦᠵᠢᠯ ᠤᠨ ᠴᠢᠨᠠᠷ ᠪᠠ ᠠᠷᠠᠳ ᠤᠯᠠᠨ ᠤ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠣᠷᠣᠨ ᠪᠦᠰᠡ᠂ ᠬᠤᠳᠠ | ᠬᠥᠳᠡᠭᠡ᠂ ᠰᠤᠷᠭᠠᠭᠤᠯᠢ᠂ ᠤᠯᠠᠨ ᠲᠦᠮᠡᠨ ᠤ ᠬᠤᠭᠤᠷᠤᠨᠳᠤᠬᠢ ᠰᠤᠷᠭᠠᠨ ᠬᠥᠮᠦᠵᠢᠯ ᠤᠨ ᠵᠥᠷᠢᠶ᠎ᠡ ᠶᠢ ᠲᠠᠰᠤᠷᠠᠯᠲᠠ | ᠦᠭᠡᠢ ᠪᠠᠭᠠᠰᠬᠠᠵᠤ᠂ ᠨᠡᠩ ᠡᠷᠬᠡ ᠲᠡᠭᠰᠢ ᠨᠡᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠳᠤᠷ | ᠡᠷᠬᠢᠯᠡᠬᠦ ᠬᠡᠷᠡᠭᠲᠡᠢ᠃ ᠬᠥᠮᠥᠨ ᠠᠮᠠ ᠶᠢᠨ ᠬᠤᠪᠢᠷᠠᠯᠲᠠ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ | ᠠᠬᠢᠴᠠ ᠳᠤ ᠵᠣᠬᠢᠴᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢᠨ | ᠬᠤᠪᠢᠷᠠᠯᠲᠠ ᠶᠢ ᠤᠷᠢᠳᠴᠢᠯᠠᠨ ᠰᠤᠳᠤᠯᠤᠨ ᠮᠠᠭᠠᠳᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠮᠢᠳᠤᠯᠢᠭ ᠴᠢᠨᠠᠷ | ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠂ ᠡᠳ᠋ ᠤᠨ ᠵᠠᠰᠠᠭ ᠤᠨ ᠴᠢᠨᠠᠷᠲᠠᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠷᠤᠳᠠᠯ ᠢ ᠪᠠᠭᠤᠷᠠᠢ ᠭᠤᠭᠴᠤᠭ᠎ᠠ ᠲᠡᠶᠢᠰᠢ ᠬᠡᠯᠪᠡᠶᠢᠯᠭᠡᠬᠦ ᠪᠠᠨ ᠡᠷᠴᠢᠮᠵᠢᠭᠦᠯᠵᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠳᠠᠯ ᠢ ᠬᠦᠴᠦᠯᠡᠨ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | ᠬᠤᠷᠠᠯ ᠳᠤ᠂ ᠴᠡᠷᠢᠭ ᠤᠨ ᠠᠰᠠᠷᠠᠮᠵᠢ ᠬᠠᠷᠠᠭᠠᠯᠵᠠᠯ ᠤᠨ ᠠᠵᠢᠯ ᠢ ᠰᠠᠶᠢᠳᠤᠷ ᠬᠢᠬᠦ ᠤᠯᠤᠰ ᠢ ᠬᠦᠴᠦᠷᠬᠡᠭᠵᠢᠭᠦᠯᠬᠦ | ᠴᠡᠷᠢᠭ ᠠᠩᠭᠢ ᠢ ᠬᠦᠴᠦᠷᠬᠡᠭᠵᠢᠭᠦᠯᠬᠦ ᠦᠢᠯᠡᠰ ᠲᠠᠢ ᠬᠤᠯᠪᠤᠭᠳᠠᠳᠠᠭ ᠭᠡᠵᠦ ᠵᠢᠭᠠᠨ ᠭᠠᠷᠭᠠᠪᠠ᠃ ᠬᠤᠷᠠᠯ ᠳᠤ ︽ | ᠴᠡᠷᠢᠭ ᠤᠨ ᠠᠰᠠᠷᠠᠮᠵᠢ ᠬᠠᠷᠠᠭᠠᠯᠵᠠᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ | ᠪᠠᠲᠤᠯᠠᠭᠠᠳ᠂ ᠲᠣᠭᠲᠠᠭᠠᠭᠰᠠᠨ ᠱᠠᠭᠠᠷᠳᠠᠯᠭ᠎ᠠ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠰᠠᠷᠠᠮᠵᠢ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠳᠡᠪᠰᠢᠭᠦᠯᠦᠭᠴᠢ᠄ ᠲᠡᠷᠭᠡᠯ | | | |