ᠵᠠᠩᠭᠠᠨ ᠰᠤᠮᠤ ᠬᠤᠶᠠᠳᠤᠭᠠᠷ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
      ᠵᠠᠩᠭᠠᠨ ᠰᠤᠮᠤ ᠬᠤᠶᠠᠳᠤᠭᠠᠷ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ 《 ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 》 ᠣᠯᠠᠨ ᠲᠦᠮᠡᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠬᠦ ᠶᠢᠨ ᠲᠥᠯᠥᠭᠡ᠂ ᠵᠠᠩᠭᠠᠨ  ᠰᠤᠮᠤᠨ ᠤ ᠪᠠᠶᠢᠭᠤᠯᠭ᠎ᠠ ᠶᠢᠨ ᠨᠠᠮ ᠤᠨ ᠡᠭᠦᠷ 2 ᠰᠠᠷ᠎ᠠ ᠶᠢᠨ 29 ᠤ ᠡᠳᠦᠷ 《 ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ 》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠡᠢ᠃        ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠡᠯ᠎ᠡ ᠭᠠᠴᠠᠭᠠᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠠ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠪᠠ᠃ ᠠᠵᠢᠯᠯᠠᠭᠠᠨ ᠤ ᠲᠠᠯ᠎ᠠ ᠪᠠᠷ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠳᠤᠷᠠᠳᠴᠤ᠂ ᠵᠠᠩᠭᠠᠨ  ᠰᠤᠮᠤᠨ ᠤ ᠨᠠᠮ ᠤᠨ ᠬᠤᠷᠢᠶᠠᠨ ᠤ ᠱᠦᠵᠢ ᠳ᠋ᠤᠸᠠᠨ ᠵᠢᠶᠦ᠋ᠨ ᠵᠢᠶᠧ ᠨᠥᠬᠦᠷ ᠬᠤᠷᠠᠯ ᠳᠤ ᠣᠷᠣᠯᠴᠠᠭᠰᠠᠨ ᠪᠦᠬᠦ ᠨᠠᠮ ᠤᠨ ᠭᠡᠰᠢᠭᠦᠳ ᠢ ᠳᠠᠭᠠᠭᠤᠯᠤᠨ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ 》 ᠢ ᠰᠤᠷᠤᠯᠴᠠᠵᠠᠢ᠃ ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠠᠷᠤᠭ᠎ᠠ ᠭᠦᠨ ᠯᠢ ᠫᠧᠩ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ 》 ᠢ ᠳᠠᠭᠠᠭᠤᠯᠤᠨ ᠰᠤᠷᠤᠯᠴᠠᠵᠤ᠃ᠵᠢᠠᠵᠠᠨ ᠮᠣᠵᠢ ᠶᠢᠨ ᠰᠤᠮᠤ ᠶᠢᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠪᠢᠼᠢᠨᠢᠩ 《 ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠲᠤᠬᠠᠢ 》 ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ 《 ᠵᠢᠷᠭᠤᠭᠠᠨ ᠦᠭᠡ 》 ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠤᠯᠠᠮᠵᠢᠯᠠᠵᠤ᠂ 《 ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠰᠣᠨᠣᠰᠬᠤ᠂ ᠨᠠᠮ ᠢᠶᠠᠨ ᠳᠠᠭᠠᠵᠤ ᠶᠠᠪᠤᠬᠤ 》 ᠣᠯᠠᠨ ᠲᠦᠮᠡᠨ ᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢᠨ ᠳᠠᠷᠠᠭ᠎ᠠ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃        ᠬᠤᠷᠠᠯ ᠠᠴᠠ ᠱᠠᠭᠠᠷᠳᠠᠭᠰᠠᠨ ᠨᠢ᠂ ᠪᠦᠬᠦ ᠨᠠᠮ ᠤᠨ ᠭᠡᠰᠢᠭᠦᠳ ᠨᠠᠮ ᠤᠨ ᠳᠣᠲᠣᠭᠠᠳᠤ ᠶᠢᠨ ᠰᠤᠷᠭᠠᠨ ᠬᠥᠮᠦᠵᠢᠯ ᠢᠶᠠᠷ ᠨᠡᠶᠢᠭᠡᠮ ᠤᠨ ᠰᠤᠷᠭᠠᠨ ᠬᠥᠮᠦᠵᠢᠯ ᠢ ᠳᠠᠶᠢᠴᠢᠯᠠᠵᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ 《 ᠡᠭᠡᠯ ᠠᠷᠠᠳ ᠤᠨ ᠭᠡᠷ ᠪᠦᠯᠢ 》᠂ 《 ᠲᠠᠯ᠎ᠠ ᠨᠤᠲᠤᠭ ᠤᠨ ᠬᠠᠮᠤᠭ ᠭᠦᠨ ᠳᠤ ᠬᠦᠷᠦᠭᠰᠡᠨ 》᠂ ᠰᠤᠮᠤ ᠡᠯ᠎ᠡ ᠦᠨᠳᠦᠰᠦᠲᠡᠨ ᠤ ᠣᠯᠠᠨ ᠲᠦᠮᠡᠨ ᠢ ᠰᠤᠷᠭᠠᠨ ᠬᠥᠮᠦᠵᠢᠭᠦᠯᠦᠨ ᠵᠢᠯᠣᠭᠤᠳᠴᠤ᠂ 《 ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ 》 ᠢ ᠭᠦᠨᠵᠡᠭᠡᠢ ᠲᠠᠨᠢᠭᠤᠯᠵᠤ᠂ ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠵᠤ ᠶᠠᠪᠤᠬᠤ ᠬᠡᠷᠡᠭᠲᠡᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2