ᠤᠯᠠᠭᠠᠨᠬᠤᠸᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ 《 ᠯᠧᠢ  ᠹᠧᠩ ᠠᠴᠠ ᠰᠤᠷᠤᠯᠴᠠᠵᠤ᠂ ᠪᠣᠯᠪᠠᠰᠤᠨ ᠢᠶᠠᠷ ᠦᠢᠯᠡᠳᠦᠯᠭᠡᠵᠢᠭᠦᠯᠬᠦ ᠠᠵᠢᠯᠯᠠᠭ᠎ᠠ 》 ᠶᠢᠨ ᠭᠤᠣᠯ ᠰᠡᠳᠦᠪᠲᠦ ᠠᠵᠢᠯᠯᠠᠭ᠎ᠠ  ᠦᠷᠨᠢᠭᠦᠯᠦᠭᠰᠡᠨ
ᠨᠡᠶᠢᠲᠡᠯᠡᠭᠰᠡᠨ ᠴᠠᠭ᠄
2024/3/18
      ᠤᠯᠠᠭᠠᠨᠬᠤᠸᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ 《 ᠯᠧᠢ  ᠹᠧᠩ ᠠᠴᠠ ᠰᠤᠷᠤᠯᠴᠠᠵᠤ᠂ ᠪᠣᠯᠪᠠᠰᠤᠨ ᠢᠶᠠᠷ ᠦᠢᠯᠡᠳᠦᠯᠭᠡᠵᠢᠭᠦᠯᠬᠦ ᠠᠵᠢᠯᠯᠠᠭ᠎ᠠ 》 ᠶᠢᠨ ᠭᠤᠣᠯ ᠰᠡᠳᠦᠪᠲᠦ ᠠᠵᠢᠯᠯᠠᠭ᠎ᠠ  ᠦᠷᠨᠢᠭᠦᠯᠦᠭᠰᠡᠨ            ᠨᠠᠮ ᠤᠨ ᠭᠡᠰᠢᠭᠦᠨ ᠺᠠᠳ᠋ᠷ ᠤᠨ ᠵᠢᠱᠢᠶᠡᠴᠢ ᠦᠢᠯᠡᠳᠦᠯ ᠢ ᠤᠯᠠᠮ ᠪᠠᠳᠠᠷᠠᠭᠤᠯᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠥᠬᠡᠢ ᠬᠥᠭᠵᠢᠭᠦᠯᠦᠨ ᠪᠤᠵᠠᠭᠠᠶᠢᠷᠠᠭᠤᠯᠵᠤ᠂ ᠯᠧᠢ ᠹᠧᠩ ᠠᠴᠠ ᠰᠤᠷᠤᠯᠴᠠᠬᠤ ᠰᠠᠭᠤᠭᠠᠯᠢ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠣᠯᠵᠤ᠂ ᠸᠧᠨ ᠪᠧᠢ ᠵᠠᠮ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ 3 ᠰᠠᠷ᠎ᠠ ᠶᠢᠨ 5 ᠤ ᠡᠳᠦᠷ ᠤᠨ 61 ᠳ᠋ᠦ᠋ᠭᠡᠷ ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠲᠤ ᠵᠣᠭᠰᠣᠵᠤ᠂ ᠬᠠᠮᠲᠤᠪᠠᠷ ᠪᠠᠶᠢᠭᠤᠯᠬᠤ ᠪᠠᠶᠢᠭᠤᠯᠤᠯᠭ᠎ᠠ ᠪᠣᠯᠬᠤ ᠮᠣᠩᠭᠤᠯ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠤᠨ ᠬᠢᠨ ᠲᠠᠢ ᠬᠠᠮᠲᠤ ᠰᠤᠷᠭᠠᠭᠤᠯᠢ ᠶᠢᠨ ᠭᠡᠷ ᠣᠷᠣᠨ ᠳᠤ ᠬᠦᠷᠴᠦ᠂ ᠰᠠᠭᠤᠭᠠᠯᠢ ᠠᠷᠠᠳ ᠲᠤ ᠬᠤᠷᠠᠭᠰᠠᠨ ᠴᠠᠰᠤ ᠶᠢ ᠴᠡᠪᠡᠷᠯᠡᠨ ᠠᠷᠢᠯᠭᠠᠵᠤ ᠥᠭᠭᠦᠨ᠎ᠡ᠃        ᠠᠵᠢᠯᠯᠠᠭ᠎ᠠ ᠳᠤᠮᠳᠠ᠂ ᠵᠠᠷᠢᠮ ᠨᠢ ᠲᠡᠮᠦᠷ ᠬᠦᠷᠵᠡ ᠪᠠᠷ ᠵᠠᠮ ᠨᠡᠭᠡᠭᠡᠵᠦ᠂ ᠵᠠᠷᠢᠮ ᠨᠢ ᠦᠯᠡᠳᠡᠭᠳᠡᠯ ᠴᠠᠰᠤ᠂ ᠵᠠᠷᠢᠮ ᠨᠢ ᠬᠤᠭ ᠨᠣᠪᠰᠢ ᠶᠢ ᠱᠦᠭᠦᠷᠳᠡᠨ ᠠᠷᠢᠯᠭᠠᠬᠤ ᠠᠵᠢᠯ ᠢ ᠬᠠᠷᠢᠭᠤᠴᠠᠵᠤ ᠪᠠᠶᠢᠨ᠎ᠠ᠂ ᠣᠯᠠᠨ ᠤ ᠠᠵᠢᠯ ᠶᠡᠭᠡ ᠬᠥᠷ ᠬᠥᠭᠵᠢᠶᠡᠨ ᠲᠠᠢ ᠪᠣᠯᠵᠤ᠂ ᠨᠠᠮ ᠤᠨ ᠭᠡᠰᠢᠭᠦᠨ ᠺᠠᠳ᠋ᠷ ᠤᠨ ᠳᠠᠶᠢᠴᠢᠯᠠᠯ ᠳᠣᠣᠷ᠎ᠠ ᠮᠠᠰᠢ ᠣᠯᠠᠨ ᠰᠠᠭᠤᠭᠠᠯᠢ ᠠᠷᠠᠳ ᠴᠤ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠳᠤ ᠣᠷᠣᠯᠴᠠᠵᠠᠢ᠃ ᠡᠨᠡ ᠤᠳᠠᠭᠠᠨ ᠤ ᠴᠠᠰᠤ ᠠᠷᠢᠯᠭᠠᠬᠤ ᠠᠵᠢᠯᠯᠠᠭ᠎ᠠ ᠨᠢ ᠬᠠᠷᠢᠶᠠᠲᠤ ᠣᠷᠣᠨ ᠤ ᠠᠷᠠᠳ ᠲᠤ ᠠᠮᠤᠷ ᠲᠦᠪᠰᠢᠨ᠂ ᠰᠠᠭᠠᠳ ᠥᠬᠡᠢ ᠨᠡᠪᠲᠡᠷᠡᠬᠦ ᠣᠷᠴᠢᠨ ᠲᠣᠭᠤᠷᠢᠨ ᠬᠠᠩᠭᠠᠭᠰᠠᠨ ᠢᠶᠠᠷ ᠪᠠᠷᠠᠬᠤ ᠥᠬᠡᠢ᠂ ᠰᠠᠭᠤᠭᠠᠯᠢ ᠠᠷᠠᠳ ᠲᠦᠮᠡᠨ ᠳᠤ ᠰᠠᠶᠢᠨ ᠳᠤᠷ᠎ᠠ ᠶᠢᠨ ᠦᠢᠯᠡᠴᠢᠯᠡᠬᠦ ᠵᠣᠷᠢᠭ ᠰᠠᠨᠠᠭ᠎ᠠ ᠶᠢ ᠳᠡᠭᠡᠭᠰᠢᠯᠡᠭᠦᠯᠵᠦ᠂ ᠬᠦᠷᠰᠢ ᠵᠡᠷᠭᠡᠯᠡᠳᠡᠭᠡ ᠠᠶᠢᠯ ᠤᠨ ᠠᠭᠤᠷ ᠠᠮᠢᠰᠬᠤᠯ ᠢ ᠪᠣᠢ ᠪᠣᠯᠭᠠᠵᠠᠢ᠃ ᠵᠠᠯᠭᠠᠭᠠᠳ᠂ ᠸᠧᠨ ᠪᠧᠢ ᠵᠠᠮ ᠤᠨ ᠨᠡᠶᠢᠭᠡᠮ ᠲᠣᠭᠤᠷᠢᠭ ᠨᠢ 《 ᠨᠠᠮ ᠳᠠᠭᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 》 ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠠᠷᠢᠶᠠᠲᠤ ᠲᠣᠭᠤᠷᠢᠭ ᠤᠨ ᠬᠠᠮᠲᠤᠪᠠᠷ ᠰᠠᠭᠤᠭ᠎ᠠ ᠬᠠᠮᠲᠤᠪᠠᠷ ᠪᠠᠶᠢᠭᠤᠯᠬᠤ ᠪᠠᠶᠢᠭᠤᠯᠭ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠲᠡᠬᠦ ᠰᠠᠶᠢᠨ ᠪᠠᠶᠢᠳᠠᠯ ᠢ ᠪᠣᠢ ᠪᠣᠯᠭᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠵᠦ᠂ ᠨᠡᠶᠢᠭᠡᠮ ᠲᠣᠭᠤᠷᠢᠭ ᠤᠨ ᠬᠥᠭᠵᠢᠯᠲᠡ ᠳᠤ ᠲᠠᠰᠤᠷᠠᠯᠲᠠ ᠥᠬᠡᠢ ᠰᠢᠨ᠎ᠡ ᠬᠦᠴᠦᠨ ᠨᠡᠮᠡᠷᠢᠯᠡᠨ᠎ᠡ᠃        ᠠᠭᠤᠳᠠᠮ ᠲᠠᠯᠠᠪᠠᠢ ᠶᠢᠨ ᠵᠠᠮ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ       ᠯᠧᠢ ᠹᠧᠩ ᠤᠨ ᠦᠯᠢᠭᠡᠷ ᠳᠠᠭᠤᠷᠢᠶᠠᠯ ᠠᠴᠠ ᠰᠤᠷᠤᠯᠴᠠᠵᠤ᠂ ᠬᠤᠪᠢᠰᠬᠠᠯ ᠳᠤ ᠦᠨᠡᠨᠴᠢ ᠰᠢᠳᠤᠷᠭᠤ ᠨᠠᠮ ᠳᠠᠭᠠᠨ ᠦᠨᠡᠨᠴᠢ ᠰᠢᠳᠤᠷᠭᠤ ᠶᠤᠮ᠁ 》 ᠭᠡᠵᠦ ᠯᠧᠢ ᠹᠧᠩ ᠤᠨ ᠨᠡᠷ᠎ᠡ ᠨᠢ ᠬᠥᠮᠦᠨ ᠪᠦᠬᠦᠨ ᠮᠡᠳᠡᠳᠡᠭ᠂ ᠯᠧᠢ ᠹᠧᠩ ᠤᠨ ᠦᠢᠯᠡ ᠠᠵᠢᠯᠯᠠᠭ᠎ᠠ ᠨᠢ ᠬᠥᠮᠦᠰ ᠤᠨ ᠰᠡᠳᠬᠢᠯ ᠳᠤ ᠭᠦᠨ ᠰᠠᠭᠤᠭᠳᠠᠵᠤ᠂ ᠯᠧᠢ ᠹᠧᠩ ᠤᠨ ᠵᠣᠷᠢᠭ ᠰᠠᠨᠠᠭ᠎ᠠ ᠨᠢ ᠨᠢᠭᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠰᠠᠨᠠᠭ᠎ᠠ ᠶᠢ ᠤᠮᠳᠠᠯᠠᠵᠤ ᠪᠠᠶᠢᠨ᠎ᠠ ᠃ 3 ᠰᠠᠷ᠎ᠠ ᠶᠢᠨ 5 ᠤ ᠡᠳᠦᠷ᠂ ᠠᠭᠤᠳᠠᠮ ᠲᠠᠯᠠᠪᠠᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠦᠭᠦᠳ ᠭᠤᠷᠪᠠᠳᠤᠭᠠᠷ ᠪᠠᠭ᠎ᠠ ᠰᠤᠷᠭᠠᠭᠤᠯᠢ ᠲᠠᠢ ᠬᠠᠮᠲᠤᠷᠠᠨ 《 ᠰᠡᠳᠬᠢᠯ ᠢᠶᠠᠨ ᠨᠢᠭᠲᠡᠷᠠᠭᠤᠯᠤᠨ ᠬᠦᠴᠦᠨ ᠢᠶᠠᠨ ᠲᠥᠪᠯᠡᠷᠡᠭᠦᠯᠵᠦ ᠨᠠᠮ ᠵᠦᠭ ᠤᠷᠤᠭᠰᠢᠯᠠᠵᠤ᠂ ᠯᠧᠢ ᠹᠧᠩ ᠤᠨ ᠵᠣᠷᠢᠭ ᠰᠠᠨᠠᠭ᠎ᠠ ᠪᠢᠳᠡᠨ ᠲᠠᠢ ᠬᠠᠮᠲᠤ ᠶᠠᠪᠤᠬᠤ 》 ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠦᠨᠡᠨᠴᠢ ᠰᠡᠳᠬᠢᠯ ᠢᠶᠠᠷ ᠰᠡᠳᠬᠢᠯ ᠤᠨ ᠬᠠᠶᠢᠷ᠎ᠠ ᠰᠡᠳᠬᠢᠯ ᠢᠶᠠᠨ ᠵᠢᠷᠤᠭᠯᠠᠵᠤ ᠂ ᠪᠣᠳᠣᠯ ᠰᠡᠳᠬᠢᠯᠭᠡ ᠶᠢ ᠳᠠᠮᠵᠢᠨ᠂ ᠯᠧᠢ ᠹᠧᠩ ᠤᠨ ᠵᠣᠷᠢᠭ ᠰᠠᠨᠠᠭᠠᠨ ᠤ ᠦᠷ᠎ᠡ ᠬᠡᠦᠬᠡᠳ ᠨᠢ ᠬᠡᠦᠬᠡᠳ ᠤᠨ ᠰᠡᠳᠬᠢᠯ ᠳᠤ ᠰᠣᠶᠣᠭᠠᠯᠠᠵᠤ᠂ ᠰᠤᠷᠤᠭᠴᠢᠳ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠪᠠᠶᠠᠷ ᠪᠠᠶᠠᠰᠤᠯ ᠢ ᠡᠳ᠋ᠯᠡᠬᠦ ᠪᠠᠷ ᠪᠠᠷᠠᠬᠤ ᠦᠭᠡᠢ ᠪᠠᠰᠠ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠵᠠᠯᠠᠭᠤᠴᠤᠳ ᠪᠠᠭᠠᠴᠤᠳ ᠲᠤ ᠨᠠᠰᠤᠲᠠᠶᠢᠴᠤᠳ ᠢ ᠬᠠᠯᠠᠮᠵᠢᠯᠠᠬᠤ ᠵᠥᠪ ᠤᠬᠠᠮᠰᠠᠷ ᠢ ᠪᠣᠢ ᠪᠣᠯᠭᠠᠵᠤ ᠥᠭᠪᠡ᠃ ᠯᠧᠢ ᠹᠧᠩ ᠤᠨ ᠵᠣᠷᠢᠭ ᠰᠠᠨᠠᠭ᠎ᠠ ᠡᠭᠦᠷᠢᠳᠡ  ᠴᠠᠭ ᠠᠴᠠ ᠬᠤᠴᠣᠷᠬᠤ ᠦᠭᠡᠢ᠂ ᠪᠢᠳᠡ ᠦᠶ᠎ᠡ ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠵᠤ᠂ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ᠃ ᠠᠭᠤᠳᠠᠮ ᠲᠠᠯᠠᠪᠠᠢ ᠶᠢᠨ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠣᠣ ᠵᠢᠶᠠ ᠮᠢᠨ ᠬᠡᠯᠡᠭᠰᠡᠨ ᠨᠢ᠂ 《 ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠰᠠᠭᠤᠭᠠᠯᠢ ᠠᠷᠠᠳ ᠲᠤ ᠦᠨᠡᠨ ᠪᠣᠳᠠᠲᠠᠢ ᠳᠥᠭᠦᠮ ᠦᠵᠡᠭᠦᠯᠵᠦ ᠪᠠᠶᠢᠬᠤ ᠪᠠᠷ ᠪᠠᠷᠠᠬᠤ ᠦᠭᠡᠢ᠂ ᠬᠠᠷᠢᠶ᠎ᠠ ᠲᠣᠭᠤᠷᠢᠭ ᠤᠨ ᠬᠡᠷᠡᠭᠯᠡᠵᠦ ᠪᠣᠯᠬᠤ ᠡᠬᠢ ᠪᠠᠶᠠᠯᠢᠭ ᠢ ᠳᠠᠶᠢᠴᠢᠯᠠᠵᠤ᠂ ᠣᠯᠠᠨ ᠡᠰᠢᠴᠢᠯᠡᠭᠰᠡᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠲᠠᠰᠤᠷᠠᠯᠲᠠ ᠦᠭᠡᠢ ᠳᠠᠶᠢᠴᠢᠯᠠᠨ᠂ ᠰᠠᠭᠤᠭᠠᠯᠢ ᠠᠷᠠᠳ ᠤᠨ ᠠᠰᠢᠭ ᠬᠦᠷᠲᠡᠬᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠢ ᠪᠠᠷ ᠳᠡᠭᠡᠭᠰᠢᠯᠡᠭᠦᠯᠬᠦ ᠬᠡᠷᠡᠭᠲᠡᠢ᠃》  ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2