2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | ︵ᠬᠢᠨᠠᠨ ᠵᠦᠪᠯᠡᠬᠦ ᠨᠤᠤᠷᠠᠭ︶ | | ᠲᠥᠯᠥᠭᠡᠯᠡᠭᠴᠢᠳ ᠡ᠄ | ᠡᠳᠦᠬᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠦ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠪᠤᠯᠤᠨ ᠬᠤᠷᠠᠯ ᠳᠤ ᠰᠤᠯᠠ ᠤᠷᠤᠯᠴᠠᠭᠰᠠᠨ ᠪᠤᠰᠤᠳ ᠬᠦᠮᠦᠰ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠵᠢᠴᠢ ᠦᠷ᠎ᠡ ᠪᠦᠲᠦᠮᠵᠢ | ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠬᠢᠵᠢᠬᠦᠯᠬᠦ ᠪᠠᠷ | ᠭᠤᠤᠯ ᠱᠤᠭᠤᠮ ᠪᠤᠯᠭᠠᠨ᠂ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠲᠤᠰᠢᠶᠠᠭᠰᠠᠨ ︽ | ᠲᠠᠪᠤᠨ ᠶᠡᠭᠡ ᠡᠬᠦᠷᠬᠡ︾ ᠳᠤ ᠲᠦᠪᠯᠡᠷᠡᠬᠦᠯᠦᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠤᠨ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠳᠤ ᠬᠠᠨᠳᠤᠰᠢ ᠰᠠᠶᠢᠨ᠂ ᠪᠦᠲᠦᠴᠡ ᠰᠢᠯᠢᠳᠡᠭ᠂ ᠬᠥᠳᠡᠯᠭᠡᠬᠦ ᠡᠨᠧᠷᠭᠢ ᠴᠢᠩᠭ᠎ᠠ᠂ ᠦᠷ᠎ᠡ ᠠᠰᠢᠭ | ᠳᠡᠭᠡᠭᠰᠢᠯᠡᠭᠰᠡᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢᠯᠡᠷᠡᠪᠡ᠃ | ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 76.7 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ 7.8%︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 14.3%︔ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ 37.5% ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ 18.45 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ | ᠬᠤᠷᠳᠤᠴᠠ ᠨᠢ 8.4%︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3.34 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ 27.4%︔ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37049 ᠲᠥᠭᠦᠷᠢᠭ ᠢ ᠪᠡᠶᠡᠯᠡᠭᠦᠯᠵᠦ᠂ | ᠨᠡᠮᠡᠭᠳᠡᠯ ᠤᠨ ᠬᠤᠷᠳᠤᠴᠠ ᠨᠢ 6.4%︔ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17014 ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ | ᠨᠢ 8.7%︔ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢᠨ ᠨᠡᠮᠡᠭᠳᠡᠯ ᠬᠤᠷᠳᠤᠴᠠ᠂ ᠡᠩ ᠤᠨ ᠤᠯᠠᠨ | ᠨᠠᠶᠢᠳᠠ ᠶᠢᠨ ᠲᠦᠰᠦᠪ ᠤᠨ ᠤᠷᠤᠯᠭ᠎ᠠ ᠶᠢᠨ ᠨᠡᠮᠡᠭᠳᠡᠯ ᠬᠤᠷᠳᠤᠴᠠ ᠪᠠ ᠪᠦᠬᠦ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠡᠵᠡᠮᠳᠠᠵᠦ ᠪᠤᠯᠬᠤᠶᠢᠴᠠ ᠤᠷᠤᠯᠭ᠎ᠠ ᠶᠢᠨ ᠨᠡᠮᠡᠭᠳᠡᠯ ᠬᠤᠷᠳᠤᠴᠠ ᠨᠢ ᠴᠦᠮ ᠪᠦᠬᠦ ᠬᠤᠳᠠ ᠶᠢᠨ | ᠭᠤᠷᠪᠠᠳᠤᠭᠠᠷ ᠲᠤ ᠤᠷᠤᠪᠠ᠃ 18 ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠵᠢᠯ ᠳᠤ 88 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠤᠷᠮ᠎ᠠ 157% ᠪᠠᠶᠢᠵᠤ | ᠪᠦᠬᠦ ᠬᠤᠲᠠ ᠳᠤ ᠲᠡᠷᠢᠭᠦᠯᠡᠪᠡ᠃ | ᠬᠦᠴᠦᠨ ᠴᠢᠳᠠᠯ ᠢᠶᠠᠨ ᠬᠤᠷᠠᠮᠳᠤᠭᠤᠯᠵᠦ ᠰᠢᠷᠭᠠᠭᠤ ᠲᠠᠭᠠᠭᠠᠮᠠᠭᠠᠢ ᠠᠵᠢᠯᠯᠠᠭᠰᠠᠨ ᠡᠨᠡ ᠨᠢᠬᠡ ᠵᠢᠯ ᠳᠤ ᠪᠢᠳᠡ | ᠰᠠᠯᠬᠢ ᠪᠤᠷᠤᠭᠠᠨ ᠢ ᠡᠷᠡᠮᠡᠬᠡᠢ ᠰᠦᠷᠦᠨ᠂ ᠦᠨᠡᠨ ᠢ ᠠᠳᠬᠤᠨ ᠪᠤᠳᠠᠳᠠᠢ ᠠᠵᠢᠯᠯᠠᠵᠦ᠂ ᠠᠵᠦ ᠦᠢᠯᠡᠰ ᠤᠨ | ᠬᠦᠭᠵᠢᠯᠳᠡ ᠪᠠᠬᠢᠵᠢᠨ ᠪᠤᠵᠠᠭᠠᠶᠢᠷᠠᠪᠠ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ︽ᠭᠠᠵᠠᠷ ᠰᠢᠷᠣᠶ ᠪᠠᠨ | ᠪᠠᠲᠤᠯᠠᠨ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ 1 ᠲᠦᠮᠡᠨ ᠮᠥ | ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠤᠨ᠂ ᠠᠮᠤ ᠪᠤᠳᠠᠭ᠎ᠠ | ᠳᠠᠷᠢᠬᠤ ᠲᠠᠯᠠᠪᠠᠶ ᠶᠢ 132 ᠲᠦᠮᠡᠨ ᠮᠥ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ᠨᠢ 6 ᠳ᠋ᠦᠩᠰᠢᠭᠤᠷ | ᠵᠢᠩ ᠠᠴᠠ ᠲᠠᠪᠠᠪᠠ᠃ ᠲᠥᠮᠥᠰᠥ ᠳᠠᠷᠢᠬᠤ ᠲᠠᠯᠠᠪᠠᠶ 40 ᠲᠦᠮᠡᠨ ᠮᠥ ᠪᠠᠶᠢᠵᠤ᠂ ᠲᠥᠮᠥᠰᠥᠨ ᠤ ᠤᠯᠤᠰ ᠤᠨ | ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠪᠥᠭᠡᠮᠨᠡᠷᠡᠯ ᠤᠨ ᠲᠥᠷᠥᠯ ᠵᠦᠢᠯ ᠢ ᠵᠦᠪᠰᠢᠶᠡᠷᠡᠬᠦᠯᠦᠨ ᠪᠠᠶᠢᠭᠤᠯᠵᠦ᠂ | ᠵᠦᠩ ᠵᠢᠶᠠ 7 ᠳ᠋ᠤᠭᠠᠷ ᠨᠣᠮᠧᠷᠲᠤ ᠡᠪᠡᠳᠴᠢᠨ ᠡᠮᠭᠡᠭ ᠢ ᠡᠰᠡᠷᠭᠦᠴᠡᠬᠦ ᠲᠥᠮᠥᠰᠥ ᠶᠢ 10 ᠲᠦᠮᠡᠨ ᠮᠥ | ᠲᠦᠬᠡᠮᠡᠯᠵᠢᠬᠦᠯᠦᠨ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠭᠦᠯᠳᠡᠷ ᠤᠨ ᠨᠢᠭᠡ ᠤᠳᠠᠭ᠎ᠠ ᠶᠢᠨ ᠴᠢᠨᠠᠷᠲᠠᠶ | ᠱᠠᠩᠨᠠᠯ ᠨᠥᠬᠦᠪᠥᠷᠢ ᠶᠢ 500 ᠲᠦᠮᠡᠨ ᠲᠥᠭᠦᠷᠢᠭ ᠣᠯᠵᠤ᠂ ᠵᠦᠩ ᠵᠢᠶᠠ 10 ᠳ᠋ᠤᠭᠠᠷ ᠨᠣᠮᠧᠷᠲᠤ᠂ 11 ᠳ᠋ᠦ᠋ᠭᠡᠷ | ᠨᠤᠮᠧᠷᠳᠦ ᠥᠨᠳᠥᠷ ᠴᠠᠷᠳᠠᠭᠤᠯ ᠤᠨ ᠰᠢᠨ᠎ᠡ ᠡᠭᠦᠯᠳᠡᠷ ᠤᠨ ᠵᠢᠱᠢᠶ᠎ᠡ ᠦᠵᠡᠭᠦᠯᠬᠦ ᠬᠡᠰᠡᠭ ᠢ 5000 ᠮᠦ ᠪᠠᠶᠢᠭᠤᠯᠤᠨ | ᠂ ᠮᠢᠩᠭᠠᠨ ᠮᠦ ᠠᠴᠠ ᠳᠡᠭᠡᠭᠰᠢᠬᠢ ᠲᠥᠮᠥᠰᠥ ᠳᠠᠷᠢᠬᠤ ᠵᠢᠱᠢᠶ᠎ᠡ ᠦᠵᠡᠭᠦᠯᠬᠦ ᠬᠡᠰᠡᠭ ᠢ 29 ᠪᠠᠶᠢᠭᠤᠯᠵᠤ᠂ ᠲᠦᠮᠡᠨ | ᠮᠦ ᠠᠴᠠ ᠳᠡᠭᠡᠭᠰᠢ 2 ᠶᠢ ᠪᠠᠶᠢᠭᠤᠯᠤᠨ᠂ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 100 % ᠳᠤ | ᠬᠦᠷᠭᠡᠪᠡ᠃ 160 ᠲᠦᠮᠡᠨ ᠢᠳᠡᠰᠢᠨ ᠬᠤᠨᠢ ᠪᠤᠷᠤᠯᠠᠭᠤᠯᠤᠨ ᠰᠢᠢᠳᠪᠦᠷᠢᠯᠡᠵᠦ᠂ ᠮᠢᠬᠠᠨ ᠤ ᠭᠠᠷᠤᠯᠲᠠ 4.6 | ᠲᠦᠮᠡᠨ ᠲᠣᠨ ᠳᠤ ᠬᠦᠷᠪᠡ᠃ 1 ᠲᠦᠮᠡᠨ ᠳ᠋ᠦ᠋ ᠮᠧᠩ ᠡᠭᠦᠯᠳᠡᠷ ᠤᠨ ᠬᠤᠴᠠ᠂ 2.5 ᠲᠦᠮᠡᠨ ᠳ᠋ᠦ᠋ ᠮᠧᠩ | ᠲᠦᠯᠯᠡᠬᠦ ᠮᠠᠯ ᠢ ᠲᠦᠬᠡᠮᠡᠯᠵᠢᠬᠦᠯᠦᠨ᠂ ᠢᠳᠡᠰᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠨᠣᠷᠮ᠎ᠠ ᠶᠢ 60% ᠠᠴᠠ | ᠳᠡᠭᠡᠭᠰᠢ ᠳᠤ ᠬᠦᠷᠦᠭᠦᠯᠵᠦ᠂ ᠢᠳᠡᠰᠢᠨ ᠬᠤᠨᠢᠨ ᠤ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠵᠢᠵᠢᠭ | ᠲᠣᠭᠤᠷᠢᠭ ᠢ 20 ᠪᠠᠶᠢᠭᠤᠯᠵᠤ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠴᠢᠳᠠᠪᠤᠷᠢ ᠶᠢ 25 ᠲᠦᠮᠡ ᠳᠤ | ᠬᠦᠷᠦᠭᠦᠯᠵᠦ᠂ ᠳ᠋ᠦ᠋ ᠮᠧᠩ ᠢᠳᠡᠰᠢᠨ ᠬᠤᠨᠢᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠬᠡᠪᠴᠢᠶ᠎ᠡ ᠶᠢ | ᠤᠯᠠᠮ ᠨᠢᠭᠡ ᠠᠯᠬᠤᠮ ᠥᠷᠭᠡᠳᠬᠡᠪᠡ᠃ ᠢᠳᠡᠰᠢᠨ ᠦᠬᠡᠷ ᠤᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ | ᠵᠢᠵᠢᠭ ᠲᠣᠭᠤᠷᠢᠭ 7 ᠳᠤ ᠬᠦᠷᠴᠦ᠂ ᠢᠳᠡᠰᠢᠨ ᠦᠬᠡᠷ ᠤᠨ ᠲᠤᠭ᠎ᠠ 8.6 ᠲᠦᠮᠡ ᠬᠦᠷᠴᠦ᠂ ︽ᠢᠳᠡᠰᠢᠨ | ᠦᠬᠡᠷ ᠤᠨ ᠲᠤᠭ᠎ᠠ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠭᠦᠨᠵᠡᠭᠡᠶ ᠠᠬᠢᠭᠤᠯᠪᠠ᠃ | ᠰᠢᠨ᠎ᠡ ᠪᠠᠷ ᠭᠡᠷᠡᠴᠢᠯᠡᠭᠰᠡᠨ ᠪᠣᠬᠢᠷᠲᠤᠯ ᠥᠬᠡᠶ ᠪᠦᠲᠦᠭᠡᠭᠳᠡᠬᠦᠨ 25᠂ ᠭᠡᠷᠡᠴᠢᠯᠡᠯ ᠤᠨ ᠭᠤᠤᠯ ᠴᠣᠭᠴᠠ 13᠂ | ᠰᠢᠨ᠎ᠡ ᠭᠡᠷᠡᠴᠢᠯᠡᠯ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 1 ᠪᠠᠶᠢᠵᠤ᠂ ︽ᠣᠭ | ᠦᠨᠦᠷ ᠠᠮᠲᠠ︾ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ 9 ᠪᠣᠯᠵᠣ᠂ ᠨᠠᠷᠠᠲᠤ | ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠡᠯᠪᠡᠭ ᠪᠠᠶᠠᠯᠢᠭᠵᠢᠪᠠ᠃ | ᠠᠵᠤ ᠦᠢᠯᠡᠳᠪᠦᠷᠢ ᠶᠢᠨ ᠬᠥᠳᠡᠯᠭᠡᠭᠦᠷ ᠬᠦᠴᠦᠨ ᠡᠳᠦᠷ ᠢᠷᠡᠬᠦᠶ᠎ᠡ ᠡᠷᠴᠢᠮᠵᠢᠪᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 2 ᠡᠷᠦᠬᠡ ᠰᠢᠨ᠎ᠡ ᠪᠠᠷ ᠨᠡᠮᠡᠭᠳᠡᠭᠦᠯᠵᠦ᠂ 26 ᠡᠷᠦᠬᠡ ᠳᠤ | ᠬᠦᠷᠴᠦ᠂ ᠦᠢᠯᠡᠳᠬᠦᠨ ᠤ ᠥᠷᠲᠡᠭ ᠢ 36.2 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠵᠠᠮ ᠵᠢᠴᠢ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠤᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠳᠠᠭᠤᠰᠬᠠᠵᠤ᠂ 3.3 ᠲᠦᠮᠡᠨ ᠲᠡᠭᠰᠢ | ᠳᠥᠷᠪᠡᠯᠵᠢᠨ ᠮᠧᠲᠷ ᠤᠨ ᠠᠶᠤᠯᠲᠠᠶ ᠬᠢᠮᠢ ᠶᠢᠨ ᠪᠣᠳᠠᠰ ᠤᠨ ᠲᠡᠷᠭᠡᠨ ᠵᠣᠭᠰᠣᠭᠠᠯ᠂ 4800 ᠲᠡᠭᠰᠢ ᠳᠥᠷᠪᠡᠯᠵᠢᠨ | ᠮᠧᠲᠷ ᠤᠨ ᠬᠦᠷᠢᠶᠡᠯᠡᠩ ᠲᠣᠭᠤᠷᠢᠭ ᠤᠨ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠶᠢ | ᠪᠠᠶᠢᠭᠤᠯᠬᠤ ᠶᠢᠨ ᠬᠠᠮᠲᠤ 30 ᠲᠤᠰᠬᠠᠶ ᠲᠤᠰᠢᠶᠠᠯᠲᠤ ᠭᠠᠯ ᠤᠨᠲᠠᠷᠠᠭᠠᠭᠴᠢ ᠶᠢ ᠳᠣᠭᠢᠷᠠᠭᠤᠯᠵᠤ᠂ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠨ ᠭᠠᠯ ᠤᠨᠲᠠᠷᠠᠭᠠᠬᠤ ᠴᠢᠳᠠᠪᠤᠷᠢ ᠶᠢᠨ | ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠨᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ | ᠶᠦᠩ ᠾᠧ ᠺᠣᠮᠫᠠᠨᠢ ᠨᠢ ᠪᠥᠬᠦ ᠣᠷᠣᠨ ᠤ ᠠᠩᠬᠠᠳᠠᠭᠴᠢ ᠮᠠᠭᠠᠳᠯᠠᠨ ᠲᠤᠭᠳᠠᠭᠠᠯᠳᠠ ᠳᠤ ᠠᠮᠵᠢᠯᠲᠠ ᠣᠯᠤᠭᠰᠠᠨ | ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠪᠣᠯᠵᠣ᠂ 0.7 ᠲᠦᠮᠡᠨ ᠲᠣᠨ ᠤ | VDF ᠶᠢ ᠰᠢᠨ᠎ᠡ ᠪᠠᠷ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠪᠣᠷᠣᠯᠠᠭᠤᠯᠬᠤ | ᠦᠢᠯᠡᠳᠬᠦᠨ ᠤ ᠲᠤᠭ᠎ᠠ ᠬᠡᠮᠵᠢᠶ᠎ᠡ 14 ᠵᠦᠢᠯ ᠳᠤ ᠬᠦᠷᠴᠦ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠥᠷᠭᠡᠳᠬᠡᠪᠡ᠃ ᠬᠠᠶᠢᠯᠤᠭᠤᠷ ᠵᠣᠩᠰᠢ ᠶᠢᠨ ᠡᠬᠢ | ᠪᠠᠶᠠᠯᠢᠭ ᠢ 370 ᠲᠦᠮᠡᠨ ᠲᠣᠨ ᠰᠢᠨ᠎ᠡ ᠪᠠᠷ ᠬᠠᠶᠢᠨ ᠰᠦᠪᠡᠭᠴᠢᠯᠡᠵᠦ᠂ ᠪᠦᠬᠦ ᠬᠤᠰᠢᠭᠤᠨ ᠤ ᠬᠠᠶᠢᠯᠤᠭᠤᠷ | ᠵᠣᠩᠰᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ 2939 ᠲᠦᠮᠡᠨ ᠲᠣᠨ ᠳᠤ ᠬᠦᠷᠴᠦ᠂ ᠬᠠᠶᠢᠯᠤᠭᠤᠷ | ᠵᠣᠩᠰᠢ ᠶᠢᠨ ᠠᠵᠤ ᠦᠢᠯᠡᠰ ᠤᠨ ᠦᠨᠳᠦᠷ ᠲᠠᠰ ᠤᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ | ᠲᠠᠯᠪᠢᠪᠠ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ 120 ᠲᠦᠮᠡᠨ ᠺᠢᠯᠣᠸᠠᠲ ᠤᠨ | ᠲᠦᠷᠦᠯ ᠵᠦᠢᠯ᠂ ᠬᠦᠬᠡᠮᠦ᠋ᠷᠡᠨ ᠤ ᠭᠤᠷᠪᠠᠨ ᠬᠠᠪᠴᠢᠯ ᠤᠨ ︽ᠴᠠᠬᠢᠯᠭᠠᠨ ᠰᠤᠷᠪᠤᠯᠵᠢ ᠶᠢᠨ ᠳᠠᠭᠠᠭᠠᠴᠠ ᠨᠥᠭᠡᠴᠡ︾ | ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠪᠠ ᠮᠧᠩ ᠨᠧᠩ 100 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠬᠠᠳᠠᠭᠠᠯᠠᠬᠤ ᠲᠦᠷᠦᠯ ᠵᠦᠢᠯ ᠤᠳ ᠢ ᠵᠠᠯᠭᠠᠭ᠎ᠠ ᠪᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ | ᠤᠯᠠᠭᠠᠨᠬᠤᠸᠠ ᠶᠢᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ | ᠠᠰᠢᠭᠯᠠᠯᠲᠠ ᠳᠤ ᠣᠷᠣᠵᠤ᠂ ᠴᠡᠪᠡᠷ ᠡᠨᠧᠷᠭᠢ ᠠᠯᠬᠤᠮ ᠠᠯᠬᠤᠮ ᠢᠶᠠᠷ ᠠᠵᠤ ᠦᠢᠯᠡᠳᠪᠦᠷᠢ ᠶᠢᠨ ᠠᠵᠤ ᠠᠬᠤᠢ ᠶᠢᠨ | ᠨᠡᠮᠡᠭᠳᠡᠯ ᠤᠨ ᠭᠤᠣᠯ ᠬᠥᠳᠡᠯᠭᠡᠭᠦᠷ ᠪᠣᠯᠪᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ | ᠭᠦᠨᠵᠡᠭᠡᠶ ᠡᠳ᠋ᠰᠢᠭᠦᠯᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ 1 ᠲᠦᠮᠡᠨ ᠲᠣᠨ ᠤ ᠲᠥᠮᠥᠰᠥ ᠶᠢᠨ ᠪᠦᠬᠦ | ᠨᠤᠨᠲᠠᠭ ᠢ ᠡᠳ᠋ᠰᠢᠭᠦᠯᠬᠦ ᠲᠥᠷᠥᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠪᠤᠯᠤᠨ ᠢᠳᠡᠰᠢᠨ ᠦᠬᠡᠷ ᠬᠤᠨᠢᠨ | ᠮᠢᠬ᠎ᠠ ᠶᠢ ᠨᠠᠷᠢᠯᠢᠭ ᠡᠳ᠋ᠰᠢᠭᠦᠯᠬᠦ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ | ᠲᠥᠮᠥᠰᠥ᠂ ᠢᠳᠡᠰᠢᠨ ᠬᠤᠨᠢ᠂ ᠢᠳᠡᠰᠢᠨ ᠦᠬᠡᠷ ᠵᠡᠷᠭᠡ ᠠᠵᠤ ᠦᠢᠯᠡᠰ ᠤᠨ ︽ᠪᠤᠶᠢᠵᠢᠭᠤᠯᠬᠤ ᠦᠷᠡᠵᠢᠭᠦᠯᠬᠦ | ᠳᠡᠯᠭᠡᠷᠡᠭᠦᠯᠬᠦ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ | ᠠᠩᠬ᠎ᠠ ᠠᠯᠬᠤᠮ ᠪᠦᠷᠢᠯᠳᠦᠭᠦᠯᠪᠠ᠃ | ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠦᠷᠭᠦᠯᠵᠢᠯᠡᠨ ᠬᠥᠭᠵᠢᠪᠡ᠃ ︽ᠢᠳᠡᠬᠦ ᠰᠠᠭᠤᠬᠤ ᠶᠠᠪᠤᠬᠤ | ᠵᠢᠭᠤᠯᠴᠢᠯᠠᠬᠤ ᠬᠤᠳᠠᠯᠳᠤᠨ ᠠᠪᠬᠤ ᠪᠠ ᠵᠤᠭᠠᠯᠠᠬᠤ︾ ᠵᠢᠷᠭᠤᠭᠠᠨ ᠡᠯᠧᠮᠧᠨ᠋ᠲ ᠤᠨ ᠲᠣᠭᠤᠷᠢᠨ ᠳᠤ᠂ | ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠪᠠ᠃ ᠠᠮᠳᠠᠳᠤ ᠢᠳᠡᠭᠡᠨ ᠢᠶᠠᠷ ᠵᠠᠭᠤᠴᠢ | ᠪᠣᠯᠭᠠᠵᠤ᠂ ︽ᠬᠤᠨᠢᠨ ᠤ ᠲᠠᠪᠤᠨ ᠴᠤᠯᠤ ᠶᠢᠨ ᠠᠮᠲᠠᠲᠤ ᠢᠳᠡᠭᠡᠨ ᠤ ᠵᠡᠭᠡᠯᠢ︾᠂ ︽ᠤᠨᠴᠠᠯᠢᠬᠳᠤ ᠠᠮᠲᠠᠲᠤ | ᠢᠳᠡᠭᠡᠨ ᠤ ᠬᠤᠳᠠᠯᠳᠤᠭᠠᠨ ᠤ ᠵᠡᠭᠡᠯᠢ︾᠂ ︽ᠴᠠᠭᠠᠨ ᠢᠳᠡᠭᠡᠨ ᠤ ᠵᠡᠭᠡᠯᠢ︾ ᠶᠢ ᠠᠮᠵᠢᠯᠲᠠ ᠲᠠᠢ ᠪᠠᠶᠢᠭᠤᠯᠤᠨ᠂ | ᠬᠤᠳᠠᠯᠳᠤᠭᠠᠨ ᠤ ᠳᠡᠰ ᠳᠡᠪᠰᠢᠬᠦ ᠠᠯᠬᠤᠭ᠎ᠠ ᠯᠠᠪᠳᠠᠭᠤᠨ ᠪᠠᠲᠤᠲᠠᠶ᠂ ᠬᠡᠷᠡᠭᠯᠡᠭᠡᠨ ᠤ ᠠᠮᠢᠵᠢᠷᠠᠯ ᠤᠨ ᠬᠦᠴᠦᠨ | ᠲᠠᠰᠤᠷᠠᠯᠲᠠ ᠦᠭᠡᠢ ᠪᠠᠳᠠᠷᠠᠪᠠ᠃ ᠭᠠᠵᠠᠷ ᠣᠷᠣᠨ ᠤ ᠠᠮᠳᠠᠳᠤ ᠢᠳᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠰᠢᠨ᠎ᠡ ᠶᠢ ᠡᠭᠦᠳᠴᠦ᠂ ᠨᠠᠷᠢᠯᠢᠭ ᠣᠨᠣᠴᠠᠲᠠᠶ ᠪᠠᠷ ᠡᠵᠡᠩᠨᠡᠨ ᠪᠣᠷᠣᠯᠠᠭᠤᠯᠬᠤ ᠭᠠᠷᠭᠠᠯᠳᠠ ᠶᠢ | ᠰᠣᠩᠭᠤᠵᠤ᠂ ᠠᠩᠬᠠᠳᠤᠭᠠᠷ ᠬᠤᠭᠤᠴᠠᠭᠠᠨ ᠤ ︽ᠬᠠᠮᠤᠭ ᠤᠨ ᠲᠤᠮᠤ ᠲᠤᠭᠤᠭᠠᠨ ᠳᠤ ᠴᠢᠨᠠᠭᠰᠠᠨ ᠬᠤᠨᠢᠨ ᠤ ᠲᠠᠪᠤᠨ | ᠴᠤᠯᠤ︾ ᠬᠡᠬᠦ ᠠᠮᠲᠠᠲᠤ ᠢᠳᠡᠭᠡᠨ ᠤ ᠨᠠᠶᠢᠷ ᠨᠢ ᠱᠠᠩᠬᠠᠶ ᠶᠢᠨ ᠳᠡᠯᠡᠬᠡᠶ ᠶᠢᠨ ᠭᠢᠨᠢᠰ ᠤᠨ ᠲᠡᠮᠳᠡᠭᠯᠡᠯ ᠳᠤ | ᠰᠣᠩᠭᠤᠭᠳᠠᠵᠤ᠂ ︽ᠬᠤᠨᠢᠨ ᠤ ᠲᠠᠪᠤᠨ ᠴᠤᠯᠤ ᠶᠢᠨ ᠠᠮᠲᠠᠲᠤ ᠢᠳᠡᠭᠡᠨ ᠤ ᠨᠤᠲᠤᠭ ᠤᠨ ᠤᠨᠴᠠᠯᠢᠬᠲᠤ ᠬᠤᠲᠠ︾ | ᠶᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠬᠤᠨᠢᠨ ᠤ ᠲᠠᠪᠤᠨ ᠴᠤᠯᠤ ᠨᠠᠷᠠᠲᠤ ᠲᠡᠮᠳᠡᠭ ᠨᠠᠩ ᠠᠯᠳᠠᠷᠰᠢᠪᠠ᠃ | ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠦᠨᠳᠦᠰᠦᠲᠡᠨ ᠤ ᠪᠡᠶ᠎ᠡ ᠲᠠᠮᠢᠷ ᠤᠨ ᠴᠤᠭᠯᠠᠭᠠᠨ ᠤ ᠤᠷᠤᠯᠳᠤᠭᠠᠨ᠂ | ᠤᠯᠠᠭᠠᠨᠴᠠᠪ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠢ ᠠᠮᠵᠢᠯᠲᠠ ᠲᠠᠢ | ᠳᠠᠭᠠᠭᠠᠴᠢᠯᠠᠨ ᠡᠷᠬᠢᠯᠡᠵᠦ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ᠂ ᠬᠤᠨᠢᠨ ᠤ ᠲᠠᠪᠤᠨ ᠴᠤᠯᠤ ᠶᠢᠨ | ᠠᠮᠲᠠᠲᠤ ᠢᠳᠡᠭᠡᠨ ᠤ ᠨᠠᠶᠢᠷ᠂ ᠠᠩᠬᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠭᠠᠳᠤᠮ | ᠵᠡᠷᠭᠡ ᠴᠢᠬᠤᠯᠠ ᠶᠡᠭᠡ ᠠᠵᠢᠯᠯᠠᠭ᠎ᠠ ᠶᠢ ᠦᠷᠨᠢᠬᠦᠯᠦᠨ᠂ ᠪᠦᠬᠦ ᠵᠢᠯ ᠳᠤ ᠵᠢᠭᠤᠯᠴᠢᠯᠠᠭᠰᠠᠳ ᠢ 182.7 ᠲᠦᠮᠡᠨ | ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 15.5 ᠳ᠋ᠦᠩᠰᠢᠭᠤᠷ | ᠲᠥᠭᠦᠷᠢᠭ ᠲᠤ ᠬᠦᠷᠴᠦ᠂ ᠵᠢᠭᠤᠯᠴᠢᠯᠠᠯ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠪᠠ ᠠᠯᠳᠠᠷᠰᠢᠯ ᠤᠯᠠᠮ | ᠨᠢᠭᠡ ᠠᠯᠬᠤᠮ ᠳᠡᠭᠡᠭᠰᠢᠯᠡᠪᠡ᠃ ᠴᠠᠭᠠᠨ ᠰᠠᠷ᠎ᠠ ᠶᠢ ᠤᠭᠲᠤᠬᠤ ᠬᠡᠷᠡᠭᠯᠡᠭᠡᠨ ᠤ ᠤᠯᠠᠷᠢᠯ᠂ ᠵᠣᠨ ᠤ ᠠᠮᠠᠷᠠᠯᠲᠠ ᠶᠢᠨ | ᠬᠡᠷᠡᠭᠯᠡᠭᠡᠨ ᠤ ᠤᠯᠠᠷᠢᠯ᠂ ᠠᠯᠲᠠᠨ ᠨᠠᠮᠤᠷ ᠤᠨ ᠪᠠᠷᠠᠭ᠎ᠠ ᠬᠤᠳᠠᠯᠳᠤᠨ ᠠᠪᠬᠤ ᠪᠠᠶᠠᠷ ᠵᠡᠷᠭᠡ ᠬᠡᠷᠡᠭᠯᠡᠭᠡ ᠶᠢ ᠠᠬᠢᠭᠤᠯᠬᠤ | ᠰᠢᠷᠢᠰ ᠠᠵᠢᠯᠯᠠᠭ᠎ᠠ ᠶᠢ ᠥᠷᠨᠢᠭᠦᠯᠵᠦ᠂ ᠤᠷᠤᠯᠴᠠᠭᠰᠠᠳ ᠨᠡᠶᠢᠲᠡ 22 ᠲᠦᠮᠡᠨ ᠬᠥᠮᠦᠨ ᠤᠳᠠᠭ᠎ᠠ ᠶᠢ ᠳᠠᠪᠠᠵᠤ᠂ | ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠥᠬᠦ ᠲᠠᠯ᠎ᠠ ᠶᠢᠨ ᠰᠡᠷᠭᠦᠯᠲᠡ ᠶᠢ ᠠᠬᠢᠭᠤᠯᠪᠠ᠃ ᠵᠠᠬ᠎ᠠ ᠳᠡᠯᠭᠡᠭᠦᠷ ᠤᠨ | ᠪᠣᠷᠣᠯᠠᠭᠤᠯᠭ᠎ᠠ ᠶᠢᠨ ᠬᠡᠪᠴᠢᠶ᠎ᠡ ᠲᠣᠭᠲᠠᠭᠤᠨ ᠢᠶᠠᠷ ᠥᠷᠭᠡᠳᠴᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ | ᠬᠢᠵᠠᠭᠠᠷ ᠳᠡᠭᠡᠷᠡᠬᠢ ᠠᠵᠤ ᠠᠬᠤᠶᠢᠯᠠᠯ 27 ᠪᠣᠯᠵᠣ᠂ ᠡᠯᠧᠺᠲᠷᠤᠨ ᠬᠤᠳᠠᠯᠳᠤᠭᠠᠨ ᠤ ᠵᠢᠱᠢᠶ᠎ᠡ ᠦᠵᠡᠭᠦᠯᠬᠦ 5 | ᠪᠠᠯᠭᠠᠰᠦ᠂ 9 ᠲᠣᠰᠬᠤᠨ ᠢ ᠠᠮᠵᠢᠯᠲᠠ ᠲᠠᠢ ᠪᠠᠶᠢᠭᠤᠯᠵᠤ᠂ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ ᠲᠤᠭ᠎ᠠ | 8.6 ᠳ᠋ᠦᠩᠰᠢᠭᠤᠷ ᠲᠥᠭᠦᠷᠢᠭ ᠲᠤ ᠬᠦᠷᠴᠦ᠂ ᠰᠦᠯᠵᠢᠶᠡᠨ ᠪᠣᠷᠣᠯᠠᠭᠤᠯᠭ᠎ᠠ ᠶᠢᠨ ᠲᠤᠭ᠎ᠠ 8081 ᠲᠦᠮᠡᠨ | ᠲᠥᠭᠦᠷᠢᠭ ᠲᠤ ᠬᠦᠷᠴᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠲᠤᠭ᠎ᠠ 3 ᠳ᠋ᠦᠩᠰᠢᠭᠤᠷ | ᠲᠥᠭᠦᠷᠢᠭ ᠢ ᠳᠠᠪᠠᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶ ᠶᠢᠨ ᠰᠢᠶᠠᠨ ᠤ ᠬᠡᠪᠴᠢᠶᠡᠨ ᠤ ᠠᠵᠤ | ᠠᠬᠤᠶ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠪᠡ᠃ | ᠦᠬᠡᠷᠡᠴᠢᠯᠡᠯᠳᠠ ᠪᠠᠷ ᠠᠬᠢᠭᠤᠯᠤᠯᠳᠠ ᠪᠤᠯᠭᠠᠭᠰᠠᠨ ᠡᠨᠡ ᠨᠢᠬᠡ ᠵᠢᠯ ᠳᠤ ᠪᠢᠳᠠ ᠨᠠᠷᠢᠯᠢᠭ ᠤᠨᠤᠪᠴᠢᠳᠠᠢ ᠪᠠᠷ | ᠬᠦᠴᠦᠯᠠᠨ ᠰᠢᠪᠳᠤᠯᠵᠦ᠂ ᠲᠤᠳᠤᠭᠠᠳᠦ ᠪᠠᠨ ᠰᠠᠶᠢᠵᠢᠷᠠᠭᠤᠯᠵᠦ ᠭᠠᠳᠠᠨ᠎ᠠ ᠠᠴᠠ ᠤᠷᠢᠨ ᠤᠷᠤᠭᠤᠯᠵᠦ᠂ ᠠᠮᠢᠵᠢᠷᠠᠯ | ᠤᠨ ᠬᠦᠴᠦᠨ ᠲᠠᠰᠤᠷᠠᠯᠳᠠ ᠦᠭᠡᠢ ᠨᠡᠮᠡᠭᠳᠡᠪᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠬᠡ ᠳᠡᠰ ᠲᠡᠪᠰᠢᠪᠠ᠃ ᠬᠡᠯᠬᠢᠶᠡᠵᠢᠯ ᠤᠨ ᠬᠡᠯᠪᠡᠷᠢ ᠪᠠᠷ | ᠠᠷᠠᠯᠵᠢᠶᠠᠴᠢᠨ ᠤᠷᠢᠬᠤ᠂ ᠲᠠᠪᠴᠠᠩ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ | ᠬᠤᠷᠠᠯ ᠢᠶᠠᠷ ᠠᠷᠠᠯᠵᠢᠶᠠᠴᠢᠨ ᠤᠷᠢᠬᠤ ᠵᠡᠷᠬᠡ ᠶᠢ ᠶᠡᠬᠡᠪᠡᠷ ᠠᠬᠢᠭᠤᠯᠵᠤ᠂ ᠪᠦᠬᠦ ᠵᠢᠯ ᠳᠤ ᠨᠠᠮ ᠵᠠᠰᠠᠭ ᠤᠨ ᠭᠤᠣᠯ | ᠤᠳᠤᠷᠢᠳᠤᠯᠭ᠎ᠠ ᠪᠦᠯᠬᠦᠮ ᠳᠠᠭᠠᠭᠤᠯᠤᠨ 24 ᠤᠳᠠᠭ᠎ᠠ ᠭᠠᠳᠠᠭᠰᠢ ᠭᠠᠷᠴᠤ ᠠᠷᠠᠯᠵᠢᠶᠠᠴᠢᠨ ᠤᠷᠢᠵᠤ᠂ ᠡᠯ᠎ᠡ | ᠱᠠᠲᠤᠨ ᠤ ᠤᠳᠤᠷᠢᠳᠬᠤ ᠺᠠᠳ᠋ᠷ 215 ᠤᠳᠠᠭ᠎ᠠ ᠠᠵᠤ ᠠᠬᠤᠶᠢᠯᠠᠯ ᠲᠠᠢ ᠵᠤᠯᠭᠠᠯᠳᠤᠪᠠ᠃ ᠰᠢᠨ᠎ᠡ ᠪᠠᠷ ᠭᠡᠷ᠎ᠡ | ᠲᠣᠭᠲᠠᠭᠰᠠᠨ ᠲᠥᠷᠥᠯ ᠵᠦᠢᠯ ᠤᠨ ᠲᠤᠭ᠎ᠠ 105 ᠪᠠᠶᠢᠵᠤ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 191% | ᠪᠠᠶᠢᠵᠤ᠂ ᠵᠥᠪᠯᠡᠯᠴᠡᠭᠡᠷ ᠤᠨ ᠪᠠᠯᠠ ᠣᠷᠣᠭᠤᠯᠤᠯᠲᠠ ᠶᠢᠨ ᠲᠤᠭ᠎ᠠ 354.5 ᠳ᠋ᠦᠩᠰᠢᠭᠤᠷ ᠲᠥᠭᠦᠷᠢᠭ ᠲᠤ ᠬᠦᠷᠴᠦ᠂ | ᠲᠥᠷᠥᠯ ᠵᠦᠢᠯ ᠲᠣᠭᠲᠠᠭᠠᠬᠤ ᠭᠠᠷᠳᠠᠮ ᠢ ᠭᠦᠢᠴᠡᠳᠬᠡᠵᠦ ᠳᠠᠭᠤᠰᠬᠠᠭᠰᠠᠨ ᠨᠣᠷᠮ᠎ᠠ 80% ᠪᠠᠶᠢᠵᠤ᠂ | ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠲᠥᠷᠥᠯ ᠵᠦᠢᠯ ᠢ ᠲᠤᠬᠠᠢ ᠶᠢᠨ ᠵᠢᠯ ᠪᠣᠳᠠᠲᠠᠶᠢᠵᠢᠭᠤᠯᠤᠭᠰᠠᠨ ᠪᠠᠯᠠ ᠮᠥᠩᠭᠦ | 85.6 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠶ ᠶᠢᠨ ᠵᠢᠯ ᠤᠨ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ | ᠨᠣᠷᠮ᠎ᠠ 98.5% ᠬᠦᠷᠪᠠ᠃ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠦᠭᠰᠡᠨ | ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠪᠠᠯᠠ ᠮᠥᠩᠭᠦ ᠶᠢᠨ ᠪᠣᠳᠠᠲᠠᠶᠢᠵᠢᠭᠤᠯᠤᠭᠰᠠᠨ ᠲᠤᠭ᠎ᠠ ᠨᠢ ᠴᠥᠮ ᠪᠥᠬᠦ | ᠬᠤᠲᠠ ᠶᠢᠨ ᠲᠡᠷᠢᠬᠦᠨ ᠲᠤ ᠣᠷᠣᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠶᠡᠷᠦᠩᠬᠡᠶ ᠬᠡᠮᠵᠢᠶ᠎ᠡ ᠪᠠ | ᠶᠠᠰᠤ ᠴᠢᠨᠠᠷ ᠬᠤᠤᠰ ᠳᠡᠭᠡᠭᠰᠢᠯᠡᠯᠲᠡ ᠲᠠᠢ ᠪᠣᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠬᠤᠶᠠᠷ ᠰᠢᠯᠢᠳᠡᠭ︾ | ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠭᠦᠯᠵᠢᠯᠡᠨ ᠠᠬᠢᠭᠤᠯᠵᠤ᠂ ᠨᠡᠶᠢᠲᠡ 725 ᠵᠦᠢᠯᠡᠰ ᠢ | ᠰᠢᠯᠢᠳᠡᠭᠵᠢᠭᠦᠯᠦᠨ ᠴᠣᠮᠬᠠᠳᠬᠠᠵᠤ᠂ ᠠᠵᠢᠯ ᠶᠠᠪᠤᠳᠠᠯ ᠬᠦᠢᠴᠡᠳᠬᠡᠬᠦ ᠭᠤᠭᠴᠤᠭ᠎ᠠ ᠶᠢᠨ ᠲᠤᠭ᠎ᠠ ᠶᠢ 343 | ᠳᠥᠭᠦᠮᠴᠢᠯᠡᠵᠦ᠂ ᠮᠠᠲ᠋ᠧᠷᠢᠶᠠᠯ ᠤᠨ ᠴᠢᠬᠤᠯᠠ ᠨᠥᠬᠦᠴᠡᠯ ᠢ 249 ᠬᠤᠪᠢ ᠴᠣᠮᠬᠠᠳᠬᠠᠵᠤ᠂ ᠬᠦᠢᠴᠡᠳᠬᠡᠬᠦ ᠴᠠᠭ ᠤᠨ | ᠬᠢᠵᠠᠭᠠᠷ ᠢ 8683 ᠠᠵᠢᠯᠯᠠᠬᠤ ᠡᠳᠦᠷ ᠪᠠᠭᠠᠰᠬᠠᠵᠤ᠂ ᠵᠠᠰᠠᠭ ᠢ ᠴᠣᠮᠬᠠᠳᠬᠠᠨ ᠡᠷᠬᠡ ᠶᠢ ᠨᠠᠩ ᠭᠦᠨᠵᠡᠭᠡᠶᠢᠷᠡᠭᠦᠯᠪᠡ᠃ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ 13 ᠪᠠᠶᠢᠭᠤᠯᠵᠤ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠥᠷᠲᠡᠭᠡ ᠶᠢ 136 ᠪᠠᠶᠢᠭᠤᠯᠵᠤ᠂ ᠣᠷᠣᠯᠠᠨ ᠭᠦᠢᠴᠡᠳᠬᠡᠬᠦ ᠵᠦᠢᠯᠡᠰ ᠢ ᠨᠡᠶᠢᠲᠡ 2. | 9 ᠲᠦᠮᠡ ᠭᠠᠷᠤᠢ ᠬᠤᠪᠢ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ | ᠲᠡᠶᠢᠰᠢ ᠤᠷᠲᠤᠳᠬᠠᠬᠤ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠳᠡᠩᠰᠡᠯᠡᠨ ᠲᠡᠮᠳᠡᠭᠯᠡᠬᠦ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠠᠬᠢᠭᠤᠯᠵᠤ᠂ ︽ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠦᠷᠬᠡᠳᠬᠡᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠦᠭᠡᠢ ᠲᠡᠬᠡᠭᠰᠢᠯᠡᠪᠡ᠃ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ | ᠴᠢᠳᠠᠪᠤᠷᠢᠲᠠᠨ ᠤ ᠳᠠᠪᠠᠭᠤᠯᠢᠭ ᠲᠤ ᠲᠦᠰᠢᠭᠯᠡᠨ᠂ ᠦᠷ᠎ᠡ ᠶᠢ ᠰᠤᠳᠤᠯᠤᠨ ᠨᠡᠭᠡᠭᠡᠬᠦ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠪᠠᠷ ᠭᠦᠨᠵᠡᠭᠡᠶ ᠬᠦᠴᠦᠯᠡᠵᠦ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠠᠪᠤᠳᠠᠯ ᠢ ᠰᠢᠨ᠎ᠡ | ᠦᠨᠳᠦᠷᠴᠡ ᠳᠤ ᠬᠦᠷᠭᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠠᠷᠢᠶᠠᠨ ᠴᠢᠬᠢ ᠦᠵᠡᠵᠦ᠂ ᠦᠷ᠎ᠡ | ᠰᠣᠩᠭᠤᠬᠤ︾ ᠲᠠᠪᠴᠠᠩ ᠤᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ ᠢ ᠠᠮᠵᠢᠯᠲᠠ ᠲᠠᠢ | ᠡᠷᠭᠢᠯᠡᠭᠰᠡᠨ ᠪᠥᠭᠡᠳ ᠲᠥᠮᠥᠰᠥ ᠶᠢᠨ 36 ᠡᠭᠦᠯᠳᠡᠷ ᠢ ᠵᠢᠱᠢᠶ᠎ᠡ ᠦᠵᠡᠭᠦᠯᠦᠨ ᠳᠠᠷᠢᠬᠤ ᠶᠢ ᠪᠡᠶᠡᠯᠡᠭᠦᠯᠵᠦ᠂ ᠵᠥᠩ | ᠵᠢᠶᠠ ᠺᠣᠮᠫᠠᠨᠢ ᠪᠥᠬᠦ ᠣᠷᠣᠨ ᠤ ᠠᠩᠬᠠᠳᠠᠭᠴᠢ ᠪᠥᠬᠦ ᠤᠯᠤᠰ ᠤᠨ ᠭᠤᠷᠪᠠᠳᠠᠬᠢ ︽ᠪᠤᠶᠢᠵᠢᠭᠤᠯᠤᠨ ᠦᠷᠡᠵᠢᠭᠦᠯᠵᠦ | ᠳᠡᠯᠭᠡᠷᠡᠭᠦᠯᠬᠦ︾ ᠨᠢᠭᠡ ᠴᠣᠭᠴᠠᠵᠢᠭᠤᠯᠤᠭᠰᠠᠨ ᠬᠢᠷᠢ ᠬᠡᠮ ᠲᠠᠢ ᠲᠥᠮᠥᠰᠥ ᠶᠢᠨ ᠦᠷ᠎ᠡ ᠶᠢᠨ ᠦᠢᠯᠡᠰ ᠤᠨ ᠠᠵᠤ | ᠠᠬᠤᠶᠢᠯᠠᠯ ᠪᠣᠯᠪᠠ᠃ ᠰᠠᠢ ᠨᠥᠸᠧ ᠺᠣᠮᠫᠠᠨᠢ ᠶᠢᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠲᠥᠪ ᠨᠢ ︽ | ᠤᠯᠤᠰ ᠤᠨ ᠬᠤᠨᠢᠨ ᠤ ᠤᠳᠤᠮᠯᠠᠯ ᠤᠨ ᠡᠭᠦᠯᠳᠡᠷ ᠪᠤᠶᠢᠵᠢᠭᠤᠯᠬᠤ ᠪᠠ ᠦᠷᠡᠵᠢᠭᠦᠯᠬᠦ ᠮᠡᠷᠭᠡᠵᠢᠯ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠢᠶᠠᠷ ᠦᠨᠡᠯᠡᠭᠳᠡᠵᠦ᠂ ᠵᠢᠩ ᠰᠢᠨ ᠺᠣᠮᠫᠠᠨᠢ ᠨᠢ ᠥᠪᠡᠷᠲᠡᠭᠡᠨ | ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠤᠨ ᠬᠥᠮᠥᠷᠭᠡ ᠳᠤ ᠣᠷᠣᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ | ᠬᠦᠴᠦᠨ ᠦᠷᠭᠦᠯᠵᠢᠯᠡᠨ ᠴᠢᠩᠭᠠᠷᠠᠪᠠ᠃ | ᠦᠩᠭᠡ ᠪᠤᠳᠤᠭ ᠢ ᠬᠦᠨᠵᠡᠬᠡᠶᠢᠷᠡᠬᠦᠯᠦᠭᠰᠡᠨ ᠡᠨᠡ ᠨᠢᠬᠡ ᠵᠢᠯ ᠳᠤ ᠪᠢᠳᠠ ᠰᠡᠳᠬᠢᠯ ᠵᠤᠷᠢᠭ ᠢᠶᠠᠨ | ᠬᠠᠮᠳᠤᠳᠬᠠᠨ ᠰᠢᠭᠤᠷᠬᠠᠶᠢᠯᠠᠵᠦ᠂ ᠬᠠᠮᠳᠦ ᠪᠠᠷ ᠠᠵᠢᠯᠯᠠᠨ ᠬᠠᠮᠳᠦ ᠪᠠᠷ ᠵᠠᠰᠠᠵᠦ᠂ ᠠᠮᠢ ᠠᠬᠤᠢ ᠶᠢᠨ ᠬᠠᠯᠬᠠᠪᠴᠢ | ᠨᠡᠩ ᠪᠠᠬᠢᠵᠢᠪᠠ | ᠣᠷᠴᠢᠨ ᠲᠣᠭᠤᠷᠢᠨ ᠤ ᠬᠠᠮᠠᠭᠠᠯᠠᠯᠲᠠ ᠲᠣᠭᠲᠠᠭᠤᠨ ᠪᠠᠷ ᠰᠠᠶᠢᠵᠢᠷᠠᠪᠠ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠮ ᠪᠠ ᠪᠠᠷᠢᠯᠭ᠎ᠠ ᠶᠢᠨ | ᠭᠠᠵᠠᠷ ᠤᠨ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠡᠰᠢ ᠰᠦᠷᠡᠯ ᠢ ︽ | ᠲᠠᠪᠤᠵᠢᠭᠤᠯᠵᠤ︾ ᠠᠰᠢᠭᠯᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ 65 ᠠᠭᠤᠷᠰᠢᠯᠲᠠ ᠶᠢᠨ ᠲᠣᠨ ᠠᠴᠠ | ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ | ᠪᠡᠶᠡᠯᠡᠭᠦᠯᠵᠦ᠂ ᠠᠷᠢᠭᠤᠨ ᠴᠡᠪᠡᠷ ᠳᠤᠯᠠᠭᠠᠯᠠᠭ᠎ᠠ ᠶᠢ ᠢᠳᠡᠪᠬᠢᠲᠡᠶ ᠠᠬᠢᠭᠤᠯᠤᠨ᠂ ᠨᠡᠶᠢᠲᠡ 11631 ᠡᠷᠦᠬᠡ | ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠪᠡᠶᠡᠯᠡᠭᠦᠯᠵᠦ᠂ ᠪᠥᠬᠦ ᠬᠤᠰᠢᠭᠤᠨ ᠤ | ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ 92.7% ᠳᠤ ᠬᠥᠷᠪᠡ᠃ ᠮᠠᠯᠵᠢᠬᠤ ᠲᠠᠷᠢᠶᠠᠯᠠᠬᠤ ᠣᠷᠣᠨ ᠤ | ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ 10 ᠲᠦᠮᠡᠨ ᠮᠥ ᠰᠦᠯᠢᠶᠣᠣ | ᠪᠦᠷᠬᠦᠭᠦᠯ ᠢ ᠵᠤᠵᠠᠭᠠᠯᠠᠬᠤ ᠶᠢ ᠲᠦᠬᠡᠮᠡᠯᠵᠢᠭᠦᠯᠦᠨ᠂ 3 ᠲᠦᠮᠡᠨ ᠮᠥ ᠰᠦᠯᠢᠶᠣᠣ ᠪᠦᠷᠬᠦᠭᠦᠯ ᠢ ᠵᠠᠳᠠᠷᠠᠭᠤᠯᠵᠤ᠂ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠢ ᠡᠭᠡᠭᠦᠯᠦᠨ ᠬᠤᠷᠢᠶᠠᠬᠤ ᠨᠣᠷᠮ᠎ᠠ ᠶᠢ 85.5% ᠳᠤ ᠬᠦᠷᠬᠡᠵᠦ᠂ | ᠲᠠᠷᠢᠶᠠᠨ ᠡᠮ ᠬᠢᠮᠢ ᠶᠢᠨ ᠪᠣᠷᠲᠣᠭᠤᠷ ᠤᠨ ᠬᠡᠷᠡᠭᠯᠡᠯᠲᠡ ᠶᠢ ᠥᠴᠦᠬᠡᠨ ᠴᠦ ᠨᠡᠮᠡᠭᠳᠡᠭᠦᠯᠬᠦ ᠥᠬᠡᠶ ᠪᠠᠶᠢᠯᠭᠠᠵᠤ᠂ ᠮᠠᠯ | ᠵᠢᠭᠦᠷᠲᠡᠨ ᠤ ᠢᠯᠭᠠᠳᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ | ᠪᠠᠲᠤᠯᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠦᠷ᠎ᠡ ᠪᠦᠲᠤᠮᠵᠢ ᠶᠢ ᠪᠠᠲᠤᠯᠠᠪᠠ᠃ | ᠠᠮᠢ ᠠᠬᠤᠢ ᠶᠢᠨ ᠰᠡᠷᠭᠦᠭᠡᠯᠲᠡ ᠰᠢᠨᠵᠢᠯᠡᠬᠦ ᠤᠬᠠᠭᠠᠨᠴᠢ ᠦᠷ᠎ᠡ ᠪᠦᠲᠦᠮᠵᠢ ᠶᠢ ᠤᠯᠪᠠ᠃ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠡᠮᠬᠢ ᠲᠢᠭᠯᠢᠮ ᠦᠭᠡᠢ︾ ᠠᠰᠠᠭᠤᠳᠠᠯ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠵᠤ᠂ ᠤᠯᠠᠭᠠᠨᠬᠤᠸᠠ ᠪᠠᠯᠭᠠᠰᠤᠨ ᠤ ᠦᠵᠡᠮᠵᠢ ᠶᠢᠨ ᠭᠤᠣᠯ ᠤᠨ 3.2 ᠺᠢᠯᠦᠮᠧᠲᠷ ᠤᠨ ᠭᠤᠣᠯ ᠤᠨ | ᠵᠠᠮ ᠢ ᠴᠡᠭᠴᠡᠯᠡᠨ ᠵᠠᠰᠠᠬᠤ ᠪᠠ 20 ᠲᠡᠭᠰᠢ ᠳᠥᠷᠪᠡᠯᠵᠢᠨ ᠺᠢᠯᠦᠮᠧᠲᠷ ᠤᠨ ᠳᠤᠮᠳᠠ ᠵᠢᠵᠢᠭ ᠰᠠᠪᠠ ᠭᠠᠵᠠᠷ ᠤᠨ | ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ | ᠴᠥᠭᠦᠷᠥᠮ ᠤᠨ ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠪᠠ᠃ ᠬᠠᠷᠭᠠᠨ᠎ᠠ ᠶᠢ 4.15 ᠲᠦᠮᠡᠨ | ᠮᠥ ᠳᠠᠷᠢᠵᠤ᠂ 9.4 ᠲᠦᠮᠡᠨ ᠮᠥ ᠲᠠᠷᠢᠶᠠᠨ ᠭᠠᠵᠠᠷ ᠢ ᠲᠡᠭᠰᠢᠯᠡᠵᠦ᠂ ᠬᠠᠯᠴᠠᠭᠠᠶᠢᠷᠠᠭᠰᠠᠨ ᠨᠤᠲᠤᠭ ᠪᠡᠯᠴᠢᠭᠡᠷ ᠤᠨ | ᠠᠮᠢ ᠠᠬᠤᠶ ᠶᠢ 11 ᠲᠦᠮᠡᠨ ᠮᠥ ᠰᠡᠷᠭᠦᠭᠡᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ 151 ᠮᠥ ᠠᠭᠤᠷᠬᠠᠶ ᠶᠢ | ᠵᠠᠰᠠᠵᠤ᠂ ᠠᠩᠬᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ | ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠪᠠ᠃ | ᠨᠠᠷᠢᠯᠢᠭ ᠱᠤᠭᠤᠵᠤ ᠤᠷᠠᠯᠢᠭ ᠰᠡᠶᠢᠯᠦᠭᠰᠡᠨ ᠡᠨᠡ ᠨᠢᠭᠡ ᠵᠢᠯ ᠳᠤ ᠪᠢᠳᠡ ᠲᠤᠳᠤᠷ᠎ᠠ ᠭᠠᠳᠠᠨᠠᠬᠢ ᠶᠢ ᠵᠡᠷᠭᠡ ᠪᠠᠷ | ᠵᠠᠰᠠᠨ᠂ ᠬᠦᠴᠦ ᠪᠠᠨ ᠲᠦᠪᠯᠡᠷᠡᠭᠦᠯᠦᠨ ᠪᠤᠭᠤᠮᠳᠠ ᠰᠢᠪᠳᠤᠯᠵᠤ᠂ ᠬᠤᠳᠠ ᠬᠦᠳᠡᠭᠡ ᠶᠢᠨ ᠠᠭᠤᠰᠤᠯᠴᠠᠯ ᠨᠢ | ᠯᠠᠪᠳᠠᠭᠤᠨ ᠪᠠᠳᠤᠳᠠᠢ ᠡᠮᠬᠢ ᠵᠢᠷᠤᠮ ᠲᠠᠢ ᠪᠤᠯᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠪᠣᠯᠭᠠᠪᠠ᠃ ︽ | ᠬᠤᠷᠢᠭ᠎ᠠ ᠱᠤᠭᠤᠮ ᠢ ᠰᠠᠬᠢᠵᠤ᠂ ᠬᠤᠶᠠᠷ ᠠᠴᠠ ᠥᠨᠳᠥᠷ ᠪᠠᠶᠢᠬᠤ︾ ᠬᠠᠷᠠᠯᠲᠠ ᠶᠢᠨ ᠲᠣᠭᠤᠷᠢᠨ ᠳᠤ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠯᠠᠪᠳᠠᠭᠤᠨ ᠪᠠᠲᠤᠲᠠᠶ | ᠥᠷᠨᠢᠭᠦᠯᠵᠦ᠂ 3734 ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠶᠠᠳᠠᠭᠤ ᠠᠴᠠ | ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 19596 | ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 1975 ᠲᠥᠭᠦᠷᠢᠭ ᠴᠡᠪᠡᠷ ᠨᠡᠮᠡᠭᠳᠡᠵᠦ᠂ 10.3% ᠪᠠᠷ | ᠨᠡᠮᠡᠭᠳᠡᠨ᠂ ᠦᠷᠭᠡᠨ ᠬᠡᠪᠴᠢᠶ᠎ᠡ ᠪᠠᠷ ᠳᠠᠬᠢᠨ ᠶᠠᠳᠠᠭᠤᠷᠠᠬᠤ ᠱᠤᠭᠤᠮ ᠬᠢᠵᠠᠭᠠᠷ ᠢ ᠪᠠᠲᠤ ᠰᠠᠬᠢᠪᠠ᠃ ᠵᠠᠯᠭᠠᠭᠤᠯᠬᠤ | ᠪᠡᠯᠡ ᠮᠥᠩᠭᠦ ᠪᠠ ᠬᠠᠪᠰᠤᠷᠤᠨ ᠲᠡᠳᠬᠦᠬᠦ ᠪᠡᠯᠡ ᠮᠥᠩᠭᠦ ᠶᠢ 3.3 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ | ᠦᠢᠯᠡᠰ ᠤᠨ ᠲᠥᠷᠥᠯ ᠵᠦᠢᠯ ᠢ 29 ᠬᠡᠷᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 33 ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠪᠦᠲᠦᠮᠵᠢᠲᠡᠢ ᠠᠬᠢᠭᠤᠯᠪᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠪᠠᠷ 632 ᠵᠣᠷᠯᠣᠩ ᠰᠢᠨ᠎ᠡ ᠪᠠᠷ ᠪᠠᠶᠢᠭᠤᠯᠵᠤ᠂ ᠠᠶᠢᠯ ᠲᠣᠰᠬᠤᠨ ᠤ | ᠨᠣᠭᠤᠭᠠᠷᠠᠭᠤᠯᠤᠯᠲᠠ ᠶᠢᠨ ᠲᠠᠯᠠᠪᠠᠶ 205.2 ᠮᠥ ᠶᠢ ᠪᠡᠶᠡᠯᠡᠭᠦᠯᠵᠦ᠂ ᠬᠤᠩᠭᠤᠷ ᠰᠤᠮᠤ᠂ ᠵᠠᠩᠭᠠᠨ ᠰᠤᠮᠤ᠂ | ᠸᠢᠢᠵᠢᠩ ᠰᠤᠮᠤ᠂ ᠵᠢᠢ ᠱᠧᠩ ᠲᠠᠢ ᠪᠠᠯᠭᠠᠰᠤ᠂ ᠭᠦᠩ ᠵᠢᠢ ᠲᠠᠩ ᠪᠠᠯᠭᠠᠰᠤᠨ ᠤ ᠪᠣᠬᠢᠷ ᠤᠰᠤᠨ ᠤ ᠬᠤᠭᠤᠯᠠᠢ | ᠲᠣᠣᠷ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠪᠠ᠃ | ᠬᠤᠲᠠ ᠶᠢᠨ ᠰᠢᠨᠡᠴᠢᠯᠡᠯᠲᠡ ᠶᠢ ᠨᠠᠷᠢᠯᠢᠭ ᠬᠢᠪᠡ᠃ 2.1 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠴᠤᠭᠯᠠᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠵᠠᠮ ᠤᠨ ᠶᠠᠪᠤᠳᠠᠯ ᠤᠨ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠵᠠᠮ ᠤᠨ ᠬᠤᠲᠣᠭᠤᠷ ᠭᠠᠵᠠᠷ᠂ ᠨᠡᠪᠲᠡᠷᠡᠬᠦ ᠳᠤ ᠳᠥᠭᠦᠮ ᠦᠭᠡᠢ ᠵᠧᠩ ᠪᠧᠢ ᠵᠠᠮ᠂ ᠭᠤᠸᠠᠩ | ᠮᠢᠩ ᠵᠠᠮ ᠵᠡᠷᠭᠡ 26 ᠺᠢᠯᠦᠮᠧᠲᠷ 15 ᠵᠤᠷᠪᠤᠰ ᠪᠠᠯᠭᠠᠰᠤᠨ ᠤ ᠳᠣᠲᠣᠷᠠᠬᠢ ᠭᠤᠣᠯ ᠵᠠᠮ ᠵᠢᠴᠢ ᠬᠤᠭᠤᠯᠠᠢ ᠲᠣᠣᠷ ᠢ | ᠲᠡᠰ ᠳᠡᠪᠰᠢᠭᠦᠯᠦᠨ ᠥᠭᠡᠷᠡᠴᠢᠯᠡᠵᠦ᠂ ᠠᠵᠢᠯ ᠤᠨ ᠦᠷ᠎ᠡ ᠪᠦᠲᠦᠮᠵᠢ ᠪᠣᠯᠤᠨ ᠠᠮᠤᠷ ᠲᠦᠪᠰᠢᠨ ᠤ ᠵᠢᠭᠠᠯᠲᠠ | ᠲᠤᠭ᠎ᠠ ᠶᠢ ᠶᠡᠬᠡᠪᠡᠷ ᠳᠡᠭᠡᠭᠰᠢᠯᠡᠭᠦᠯᠵᠦ᠂ 6 ᠰᠠᠤᠷᠢ ᠤᠰᠤ ᠪᠠᠷ ᠵᠠᠶᠢᠯᠠᠬᠤ ᠵᠣᠷᠯᠣᠩ ᠢ ᠰᠢᠨ᠎ᠡ ᠪᠠᠷ ᠪᠠᠶᠢᠭᠤᠯᠵᠤ᠂ ᠭᠡᠷ | ᠪᠠᠶᠢᠰᠢᠩ ᠤᠨ ᠲᠣᠭᠤᠷᠢᠭ ᠤᠨ ᠰᠠᠭᠤᠭᠠᠯᠢ ᠠᠷᠠᠳ ᠤᠨ ᠤᠯᠠᠨ ᠵᠢᠯ ᠤᠨ ᠵᠣᠷᠯᠣᠩ ᠳᠤ ᠤᠷᠤᠬᠤ ᠬᠦᠴᠢᠷ | ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠤᠯᠠᠨ ᠲᠦᠮᠡᠨ ᠤ ᠰᠡᠳᠬᠢᠯ ᠳᠤ | ᠬᠠᠳᠠᠩᠰᠢᠭᠤᠯᠪᠠ᠃ ᠠᠷᠠᠳ ᠤᠨ ᠠᠮᠢᠳᠤᠷᠠᠯ ᠤᠨ ᠬᠡᠷᠡᠭᠴᠡᠭᠡ ᠪᠠᠷ ᠤᠷᠢᠳᠠᠯ ᠪᠣᠯᠭᠠᠵᠤ᠂ 3.2 ᠲᠦᠮᠡᠨ ᠲᠡᠭᠰᠢ | ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠥᠨᠳᠥᠷ ᠪᠠᠷᠢᠮᠵᠢᠶ᠎ᠠ ᠪᠠᠷ | ᠠᠬᠢᠭᠤᠯᠵᠤ᠂ 300 ᠰᠢᠬᠠᠮ ᠡᠷᠦᠬᠡ ᠤᠯᠠᠨ ᠲᠦᠮᠡᠨ ᠳᠤ ᠠᠰᠢᠭ ᠬᠦᠷᠲᠡᠭᠡᠪᠡ᠃ 1.9 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠤᠯᠠᠭᠠᠨᠬᠤᠸᠠ ᠪᠠᠯᠭᠠᠰᠤᠨ ᠤ ᠤᠰᠤ ᠬᠠᠩᠭᠠᠬᠤ ᠰᠢᠰᠲ᠋ᠧᠮ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠵᠢᠴᠢ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ᠂ ᠴᠡᠪᠡᠷᠵᠢᠭᠰᠡᠨ | ᠤᠰᠤ ᠶᠢ ᠡᠭᠡᠭᠦᠯᠦᠨ ᠬᠡᠷᠡᠭᠯᠡᠬᠦ᠂ ᠪᠣᠬᠢᠷ ᠤᠰᠤ ᠶᠢ ᠰᠢᠢᠳᠪᠦᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ | ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 54 ᠺᠢᠯᠦᠮᠧᠲᠷ ᠤᠨ ᠢᠯᠴᠢ | ᠬᠠᠩᠭᠠᠬᠤ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠢᠯᠴᠢ ᠰᠣᠯᠢᠯᠴᠠᠬᠤ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠬᠤᠲᠠ ᠪᠠᠯᠭᠠᠰᠤᠨ ᠤ ᠢᠯᠴᠢ ᠬᠠᠩᠭᠠᠬᠤ | ᠠᠵᠢᠯ ᠢ ᠨᠠᠩ ᠪᠠᠲᠤᠯᠠᠭ᠎ᠠ ᠲᠠᠢ ᠪᠣᠯᠭᠠᠪᠠ᠃ ᠪᠡᠶ᠎ᠡ ᠲᠠᠮᠢᠷ ᠤᠨ ᠴᠡᠴᠡᠷᠯᠢᠭ ᠢ ᠪᠠᠶᠢᠭᠤᠯᠬᠤ ᠠᠵᠢᠯ ᠢ ᠡᠬᠢᠯᠡᠭᠦᠯᠦᠨ᠂ | 2 ᠪᠢᠴᠢᠯ ᠴᠡᠴᠡᠷᠯᠢᠭ ᠢ ᠥᠭᠡᠷᠡᠴᠢᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠬᠦᠯᠦᠯᠳᠠ | ᠶᠢᠨ ᠬᠤᠲᠠ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠬᠤᠲᠠ ᠪᠠᠯᠭᠠᠰᠤ ᠶᠢᠨ | ᠨᠣᠭᠤᠭᠠᠷᠠᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠰᠠᠭᠤᠷᠢ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠤᠯᠤᠰ ᠤᠨ | ᠵᠠᠮ ᠤᠨ 335 ᠳ᠋ᠤᠭᠠᠷ ᠱᠤᠭᠤᠮ ᠤᠨ ᠬᠥᠬᠡᠪᠦᠷ ᠠᠴᠠ ᠤᠯᠠᠭᠠᠨᠬᠤᠸᠠ ︵ᠳᠥᠷᠪᠡᠳ ᠬᠤᠰᠢᠭᠤᠨ ᠤ ᠬᠡᠰᠡᠭ︶ | ᠬᠦᠷᠬᠦ ᠨᠢᠭᠡᠳᠦᠭᠡᠷ ᠳᠡᠰ ᠤᠨ ᠬᠤᠣᠰ ᠵᠠᠰᠠᠮᠠᠯ ᠵᠠᠮ ᠤᠨ ᠢᠨᠵᠧᠨᠧᠷᠢᠩ ᠤᠨ ᠭᠤᠣᠯ ᠱᠤᠭᠤᠮ ᠳᠤ ᠲᠡᠷᠭᠡ ᠨᠡᠪᠲᠡᠷᠡᠵᠤ | ᠂ ᠮᠤᠵᠢ ᠶᠢᠨ ᠵᠠᠮ ᠤᠨ 313 ᠳ᠋ᠤᠭᠠᠷ ᠱᠤᠭᠤᠮ ᠤᠨ 144.6 ᠺᠢᠯᠦᠮᠧᠲᠷ᠂ 209 ᠳ᠋ᠤᠬᠡᠷ ᠱᠤᠭᠤᠮ ᠤᠨ 119. | 3 ᠺᠢᠯᠦᠮᠧᠲᠷ ᠤᠨ ᠳᠥᠷᠪᠡᠳ ᠬᠤᠰᠢᠭᠤᠨ ᠤ ᠬᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ | ᠪᠡᠶᠡᠯᠡᠭᠦᠯᠵᠦ᠂ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠨᠠᠩ ᠰᠠᠭᠠᠳ ᠥᠬᠡᠶ ᠨᠡᠪᠲᠡᠷᠡᠭᠦᠯᠪᠡ᠃ ᠮᠠᠯᠵᠢᠬᠤ | ᠣᠷᠣᠨ ᠳᠤ 205 ᠮᠠᠰᠢᠨ ᠴᠠᠬᠢᠯᠭᠠᠨ ᠬᠤᠳᠳᠤᠭ ᠰᠢᠨ᠎ᠡ ᠪᠠᠷ ᠮᠠᠯᠲᠠᠵᠤ᠂ 38 ᠲᠦᠪᠯᠡᠷᠡᠭᠦᠯᠦᠨ ᠤᠰᠤ ᠬᠠᠩᠭᠠᠬᠤ | ᠢᠨᠵᠧᠨᠧᠷᠢᠩ᠂ 473 ᠤᠤᠭᠤᠬᠤ ᠤᠰᠤᠨ ᠤ ᠢᠨᠵᠧᠨᠧᠷᠢᠩ ᠤᠨ ᠡᠪᠳᠡᠷᠡᠯ ᠢ ᠵᠠᠰᠠᠨ ᠰᠠᠶᠢᠵᠢᠷᠠᠭᠤᠯᠵᠤ᠂ ᠤᠤᠭᠤᠬᠤ | ᠤᠰᠤᠨ ᠤ ᠠᠮᠤᠷ ᠲᠦᠪᠰᠢᠨ ᠢ ᠨᠡᠩ ᠪᠠᠲᠤᠯᠠᠭ᠎ᠠ ᠲᠠᠢ ᠪᠣᠯᠭᠠᠪᠠ᠃ 110 ᠺᠢᠯᠤᠸᠤᠯᠲ ᠤᠨ ᠤᠯᠠᠭᠠᠨᠬᠤᠸᠠ ᠶᠢᠨ | ᠬᠦᠴᠦᠳᠡᠯ ᠥᠭᠡᠷᠡᠴᠢᠯᠡᠬᠦ ᠥᠷᠲᠡᠭᠡ ᠶᠢᠨ 10 ᠺᠢᠯᠤᠸᠤᠯᠲ ᠤᠨ ᠴᠠᠬᠢᠯᠭᠠᠨ ᠬᠡᠯᠬᠢᠶ᠎ᠡ ᠶᠢ ᠭᠠᠳᠠᠭᠰᠢ ᠬᠦᠷᠭᠡᠬᠦ | ᠢᠨᠵᠧᠨᠧᠷᠢᠩ ᠪᠣᠯᠤᠨ 35 ᠺᠢᠯᠤᠸᠤᠯᠲ ᠤᠨ ᠴᠠᠬᠢᠯᠭᠠᠨ ᠬᠦᠷᠭᠡᠬᠦ ᠱᠤᠭᠤᠮ ᠤᠨ ᠢᠨᠵᠧᠨᠧᠷᠢᠩ ᠢ ᠪᠦᠲᠦᠭᠡᠨ | ᠪᠠᠶᠢᠭᠤᠯᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠤᠷ ᠢ ᠥᠭᠡᠷᠡᠴᠢᠯᠡᠬᠦ ᠢᠨᠵᠧᠨᠧᠷᠢᠩ ᠢ 64.65 ᠺᠢᠯᠣᠮᠧᠲᠷ᠂ | ︽ᠨᠡᠭᠦᠷᠡᠰᠦ ᠶᠢ ᠴᠠᠬᠢᠯᠭᠠᠨ ᠪᠣᠯᠭᠠᠨ ᠦᠬᠡᠷᠡᠴᠢᠯᠡᠬᠦ︾ ᠢᠵᠢ ᠪᠦᠷᠢᠳᠦᠭᠦᠯᠬᠦ ᠴᠠᠬᠢᠯᠭᠠᠨ ᠤ ᠲᠣᠤᠷ ᠢ 74.8 | ᠺᠢᠯᠣᠮᠧᠲᠷ ᠪᠠ ᠰᠢᠨ᠎ᠡ ᠡᠨᠧᠷᠭᠢ ᠶᠢᠨ ᠴᠠᠬᠢᠯᠭᠠᠨ ᠲᠣᠤᠷ ᠢ 33 ᠡᠷᠦᠬᠡ ᠥᠭᠡᠷᠡᠴᠢᠯᠡᠵᠦ᠂ ᠴᠠᠬᠢᠯᠭᠠᠨ ᠬᠦᠴᠦᠨ ᠤ | ᠬᠠᠩᠭᠠᠯᠭ᠎ᠠ ᠶᠢ ᠨᠡᠩ ᠨᠠᠶᠢᠳᠠᠪᠤᠷᠢᠲᠠᠶ ᠪᠣᠯᠭᠠᠪᠠ᠃ ᠴᠢᠮᠡᠭᠡ ᠨᠡᠪᠲᠡᠷᠡᠭᠦᠯᠭᠡ ᠶᠢᠨ ᠰᠠᠭᠤᠷᠢ ᠥᠷᠲᠡᠭᠡ ᠶᠢ ᠰᠢᠨ᠎ᠡ ᠪᠠᠷ | 12 ᠪᠠᠶᠢᠭᠤᠯᠵᠤ᠂ ᠷᠠᠳᠢᠣ᠋ ᠲᠧᠯᠸᠢᠰ ᠵᠢᠴᠢ ᠰᠦᠯᠵᠢᠶᠡᠨ ᠤ ᠪᠦᠷᠬᠦᠴᠡ ᠶᠢᠨ ᠨᠣᠷᠮ᠎ᠠ ᠶᠢ 95% ᠠᠴᠠ ᠳᠡᠭᠡᠭᠰᠢ | ᠳᠤ ᠬᠦᠷᠬᠡᠵᠦ᠂ ᠬᠢᠯᠢ ᠬᠢᠵᠠᠭᠠᠷ ᠣᠷᠣᠨ ᠤ ᠰᠦᠯᠵᠢᠶᠡᠨ ᠤ ᠪᠦᠷᠬᠦᠴᠡ ᠶᠢᠨ ᠨᠣᠷᠮ᠎ᠠ ᠶᠢ 65% ᠪᠠᠶᠢᠭᠰᠠᠨ ᠠᠴᠠ | 70% ᠪᠣᠯᠲᠠᠯ᠎ᠠ ᠳᠡᠭᠡᠭᠰᠢᠯᠡᠭᠦᠯᠵᠦ᠂ ᠰᠦᠯᠵᠢᠶᠡᠨ ᠤ ᠣᠷᠣᠨ ᠵᠠᠶ ᠶᠢ ᠨᠠᠩ ᠦᠷᠭᠡᠨ ᠬᠡᠪᠴᠢᠶᠡᠲᠡᠢ ᠪᠦᠷᠭᠦᠬᠦᠯᠪᠡ᠃ | ᠦᠨᠡᠨ ᠪᠤᠳᠠᠳᠠᠢ ᠠᠵᠢᠯᠯᠠᠨ ᠠᠷᠠᠳ ᠲᠤ ᠠᠰᠢᠭ ᠬᠦᠷᠳᠡᠭᠡᠭᠰᠡᠨ ᠡᠨᠡ ᠨᠢᠭᠡ ᠵᠢᠯ ᠳᠤ ᠪᠢᠳᠡ ᠳᠦᠷᠦ ᠶᠢᠨ | ᠪᠤᠳᠤᠯᠭ᠎ᠠ ᠶᠢ ᠨᠢᠭᠡᠳᠦᠯᠲᠠᠢ ᠬᠡᠷᠡᠭᠵᠢᠭᠦᠯᠵᠦ᠂ ᠲᠠᠷᠤᠯᠳᠠ ᠪᠠᠨ ᠨᠡᠮᠡᠭᠳᠡᠭᠦᠯᠦᠨ ᠬᠤᠷᠳᠤᠴᠠ ᠶᠢ ᠲᠦᠷᠭᠡᠳᠭᠡᠨ᠂ | ᠠᠷᠠᠳ ᠤᠨ ᠠᠮᠢᠳᠤᠷᠠᠯ ᠤᠨ ᠠᠵᠠ ᠪᠤᠶᠠᠨ ᠨᠡᠩ ᠲᠡᠬᠡᠭᠰᠢᠯᠡᠪᠡ | ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠶᠡᠭᠡ ᠬᠦᠷᠲᠡᠮᠵᠢ ᠶᠢ ᠤᠯᠪᠠ᠃ ᠴᠢᠨᠠᠷ ᠰᠠᠶᠢᠲᠠᠶ ᠭᠦᠢᠴᠡᠳ | ᠠᠵᠢᠯ ᠣᠯᠭᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠬᠤᠲᠠ ᠪᠠᠯᠭᠠᠰᠤᠨ ᠤ 4950 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.99% ᠳᠤ | ᠬᠢᠵᠠᠭᠠᠷᠯᠠᠪᠠ᠃ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠢ 149 ᠰᠢᠨ᠎ᠡ ᠪᠠᠷ | ᠪᠠᠶᠢᠭᠤᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠪᠦᠷᠢᠨ ᠪᠦᠷᠬᠦᠭᠦᠯᠬᠦ ᠶᠢ ᠪᠠᠶᠠᠯᠠᠬᠦᠯᠪᠠ᠃ ᠠᠳᠠᠯ | ᠠᠬᠤᠶ ᠶᠢᠨ ᠦᠢᠯᠡᠴᠢᠯᠡᠭᠡ ᠶᠢ ᠭᠤᠷᠪᠠᠨ ᠵᠢᠯ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠳᠠᠯ ᠠᠬᠤᠶ ᠶᠢᠨ | ᠠᠵᠤ ᠠᠬᠤᠶᠢᠯᠠᠯ ᠤᠨ ︽ᠤᠯᠠᠭᠠᠨ ᠬᠠᠷ᠎ᠠ ᠰᠠᠮᠪᠠᠷ᠎ᠠ︾ ᠶᠢᠨ ᠲᠦᠷᠢᠮ ᠢ ᠬᠡᠷᠡᠭᠵᠢᠭᠦᠯᠦᠨ᠂ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠤᠯᠠᠭᠠᠨᠬᠤᠸᠠ ᠪᠠᠯᠭᠠᠰᠤᠨ ᠤ 8 | ᠬᠤᠷᠢᠶᠠᠯᠠᠯ ᠤᠨ 324 ᠡᠷᠦᠬᠡ ᠶᠢᠨ ᠰᠠᠭᠤᠭᠠᠯᠢ ᠠᠷᠠᠳ ᠤᠨ ᠢᠯᠴᠢ ᠬᠠᠩᠭᠠᠬᠤ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠵᠦ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ 1.1 ᠲᠦᠮᠡᠨ ᠲᠣᠨ᠂ ︽ᠲᠤᠯᠠᠭᠠᠯᠠᠭ᠎ᠠ ᠶᠢ | ᠪᠠᠳᠤᠯᠠᠬᠤ ᠨᠡᠬᠦᠷᠡᠰᠦ︾ ᠶᠢ 30 ᠲᠦᠮᠡᠨ ᠲᠣᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠰᠠᠨᠠᠭ᠎ᠠ ᠠᠮᠤᠷ | ᠡᠪᠦᠯᠵᠢᠬᠦ ᠶᠢ ᠪᠠᠲᠤᠯᠠᠪᠠ᠃ ᠨᠠᠰᠤᠲᠠᠶᠢᠴᠤᠳ ᠤᠨ ᠬᠦᠷᠢᠶᠡᠯᠡᠩ ᠢ ᠥᠭᠡᠷᠡᠴᠢᠯᠡᠨ ᠪᠠᠶᠢᠭᠤᠯᠬᠤ 5 ᠲᠥᠷᠥᠯ ᠵᠦᠢᠯ ᠢ | ᠬᠡᠷᠡᠭᠵᠢᠭᠦᠯᠵᠦ᠂ ᠲᠣᠰᠬᠤᠨ ᠤ ᠲᠡᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ 18 ᠥᠷᠲᠡᠭᠡ ᠪᠠ | ᠬᠤᠲᠠ ᠪᠠᠯᠭᠠᠰᠤᠨ ᠤ ᠪᠦᠬᠦᠳᠠ ᠶᠢ ᠨᠠᠶᠢᠳᠠᠬᠤ ᠨᠠᠰᠤᠵᠢᠯ ᠤᠨ ᠦᠢᠯᠡᠴᠢᠯᠡᠬᠡᠨ ᠤ 1 ᠦᠷᠳᠡᠭᠡ ᠪᠠᠶᠢᠭᠤᠯᠤᠨ᠂ | ᠤᠯᠠᠭᠠᠨ ᠵᠠᠮ ᠤᠨ ᠨᠡᠶᠢᠬᠡᠮ ᠲᠤᠭᠤᠷᠢᠭ ᠨᠢ ᠪᠦᠬᠦ ᠤᠯᠤᠰ ᠤᠨ ᠵᠢᠱᠢᠶ᠎ᠠ ᠦᠵᠡᠬᠦᠯᠬᠦ ᠮᠠᠶ᠋ᠢᠭ ᠤᠨ | ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢᠶᠠᠷ ᠰᠣᠩᠭᠤᠭᠳᠠᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠣᠷᠣᠰᠢᠭᠤᠯᠭ᠎ᠠ ᠶᠢᠨ | ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠭᠠᠵᠠᠷ᠂ ᠲᠥᠪᠯᠡᠷᠡᠭᠦᠯᠦᠨ | ᠣᠷᠣᠰᠢᠭᠤᠯᠭ᠎ᠠ ᠶᠢ ᠵᠠᠰᠠᠬᠤ ᠦᠢᠯᠡᠴᠢᠯᠡᠭᠡᠨ ᠤ ᠲᠥᠪ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ | ᠣᠩᠭᠤᠨ ᠪᠦᠬᠦᠨ ᠢᠶᠠᠷ ᠢᠶᠠᠨ ᠠᠰᠢᠭᠯᠠᠯᠲᠠ ᠳᠤ ᠣᠷᠣᠵᠤ᠂ ᠣᠷᠣᠰᠢᠭᠤᠯᠭ᠎ᠠ ᠶᠢᠨ ᠦᠢᠯᠡᠴᠢᠯᠡᠭᠡ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠪᠡ᠃ | ᠣᠯᠠᠨ ᠨᠡᠶᠢᠲᠡ ᠶᠢᠨ ᠦᠢᠯᠡᠴᠢᠯᠡᠭᠡ ᠨᠡᠩ ᠬᠠᠨᠤᠮᠵᠢᠲᠠᠢ ᠪᠣᠯᠪᠠ᠃ ᠪᠥᠬᠦ ᠬᠤᠰᠢᠭᠤᠨ ᠤ ᠡᠯ᠎ᠡ ᠲᠥᠷᠥᠯ ᠤᠨ ᠶᠡᠭᠡ | ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠨ ᠤᠷᠤᠭᠰᠠᠳ 334 ᠬᠥᠮᠦᠨ ᠪᠠᠶᠢᠵᠤ᠂ ᠶᠡᠭᠡ ᠰᠤᠷᠭᠠᠭᠤᠯᠢ ᠶᠢᠨ | ᠵᠢᠩᠬᠢᠨᠢ ᠠᠩᠬᠢ ᠳᠤ ᠤᠷᠤᠭᠰᠠᠨ ᠨᠣᠷᠮ᠎ᠠ ᠨᠢ 60% ᠪᠠᠶᠢᠵᠤ᠂ ᠪᠥᠬᠦ ᠬᠤᠲᠠ ᠶᠢᠨ ᠬᠤᠰᠢᠭᠤ ᠰᠢᠶᠠᠨ ᠳᠤ | ᠬᠤᠶᠠᠳᠤᠭᠠᠷ ᠲᠤ ᠣᠷᠣᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶ | ᠨᠡᠷᠡᠰ ᠤᠨ ᠵᠢᠭᠰᠠᠭᠠᠯᠲᠠ ᠳᠤ ᠪᠥᠬᠦ ᠬᠤᠲᠠ ᠳᠤ ᠲᠡᠷᠢᠬᠦᠯᠠᠨ᠂ ᠲᠡᠤᠬᠡ ᠶᠢᠨ ᠰᠢᠨ᠎ᠡ ᠲᠡᠮᠳᠡᠭᠯᠡᠯ ᠢ ᠳᠠᠬᠢᠨᠲᠠ | ᠡᠭᠦᠳᠪᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠯᠠᠨ ᠨᠠᠶᠢᠳᠠ ᠶᠢᠨ ᠦᠢᠯᠡᠴᠢᠯᠡᠬᠡᠨ ᠤ | ᠰᠢᠰᠲ᠋ᠧᠮ ᠢ ᠤᠯᠠᠮ ᠴᠨᠠᠭᠰᠢᠳᠠ ᠲᠡᠬᠦᠯᠳᠡᠷᠵᠢᠬᠦᠯᠦᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠲᠦᠭᠡᠮᠡᠯᠵᠢᠭᠦᠯᠬᠦ | ᠪᠠᠷᠢᠮᠵᠢᠶ᠎ᠠ ᠳᠤ ᠠᠮᠵᠢᠯᠲᠠ ᠲᠠᠢ ᠬᠦᠷᠪᠡ᠃ 95 ᠪᠠᠭᠰᠢ ᠶᠢ ᠡᠯᠰᠡᠨ ᠬᠡᠷᠡᠭᠯᠡᠵᠦ᠂ ᠪᠠᠭᠰᠢ ᠶᠢᠨ ᠡᠩᠨᠡᠭᠡ ᠶᠢ ᠨᠠᠩ | ᠰᠢᠯᠢᠳᠡᠭᠵᠢᠭᠦᠯᠪᠡ᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠤᠭᠤᠯᠠᠨ ᠭᠡᠷ ᠪᠤᠯᠤᠨ | ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠳᠡᠯᠬᠡᠬᠡᠨ ᠤ ᠲᠠᠰᠤᠭ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ | ᠡᠷᠬᠢᠯᠡᠬᠦ ᠨᠥᠬᠦᠴᠡᠯ ᠲᠠᠰᠤᠷᠠᠯᠲᠠ ᠦᠭᠡᠢ ᠳᠡᠭᠡᠭᠰᠢᠯᠡᠪᠡ᠃ ︽ᠬᠤᠲᠠ ᠶᠢᠨ ᠳᠠᠷᠤᠭ᠎ᠠ ᠬᠤᠨᠳᠠᠭᠠᠲᠤ︾ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠢ ᠳᠠᠭᠠᠭᠠᠴᠢᠯᠠᠨ ᠡᠷᠭᠢᠯᠡᠵᠦ᠂ ᠠᠩᠬᠠᠳᠤᠭᠠᠷ | ᠬᠤᠭᠤᠴᠠᠭᠠᠨ ᠤ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ | ᠪᠡᠶ᠎ᠡ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠪᠡᠶ᠎ᠡ ᠲᠠᠮᠢᠷ ᠤᠨ ᠦᠢᠯᠡᠰ ᠥᠷᠨᠢᠩᠭᠦᠶ ᠬᠥᠭᠵᠢᠪᠡ᠃ | ᠤᠯᠠᠭᠠᠨᠬᠤᠸᠠ ᠪᠠᠯᠭᠠᠰᠤᠨ ᠤ ᠬᠤᠶᠠᠳᠤᠭᠠᠷ ᠨᠡᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠠᠰᠢᠭᠯᠠᠯᠲᠠ ᠳᠤ ᠣᠷᠣᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ | ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽ᠢᠨᠲ᠋ᠧᠷ ᠰᠦᠯᠵᠢᠶ᠎ᠡ + | ᠠᠰᠠᠷᠠᠨ ᠰᠤᠪᠢᠯᠠᠬᠤ ᠦᠢᠯᠡᠴᠢᠯᠡᠭᠡ︾ ᠶᠢᠨ ᠲᠥᠷᠥᠯ ᠵᠦᠢᠯ ᠢ ᠠᠮᠵᠢᠯᠲᠠ ᠲᠠᠢ ᠡᠬᠢᠯᠡᠭᠦᠯᠵᠦ᠂ ᠪᠦᠬᠦ ᠬᠤᠲᠠ ᠶᠢᠨ | ᠠᠩᠬᠠᠳᠠᠭᠴᠢ ᠲᠤᠰ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠪᠣᠯᠪᠠ᠃ ᠳᠥᠷᠪᠡᠳ ᠬᠤᠰᠢᠭᠤᠨ ᠤ ᠶᠡᠷᠦᠩᠬᠡᠶ | ᠡᠮᠨᠡᠯᠭᠡ ᠶᠢᠨ ᠬᠤᠷᠢᠶ᠎ᠠ ᠶᠢ ᠫᠠᠶᠢᠰᠠ ᠡᠯᠭᠦᠨ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ | ᠵᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠰᠢᠶᠠᠨ ᠤ | ᠬᠡᠪᠴᠢᠶᠡᠨ ᠤ ᠨᠢᠭᠲᠠ ᠬᠠᠮᠵᠢᠯᠴᠠᠭᠠᠨ ᠤ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠭᠦᠨᠵᠡᠭᠡᠶ ᠠᠬᠢᠭᠤᠯᠪᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ | ᠬᠡᠷ ᠪᠦᠯᠢ ᠶᠢᠨ ᠵᠣᠬᠢᠬᠤ ᠨᠠᠰᠤᠨ ᠤ 8410 ᠡᠮᠡᠭᠲᠡᠶᠢᠴᠦᠳ ᠲᠤ ᠰᠦᠢᠳᠬᠡᠯ ᠬᠤᠷᠢᠶᠠᠬᠤ ᠥᠬᠡᠶ ᠪᠠᠷ ︽ᠬᠤᠶᠠᠷ | ᠦᠮᠡᠨ︾ ᠢ ᠰᠢᠭᠰᠢᠨ ᠪᠠᠶᠢᠴᠠᠭᠠᠨ ᠦᠭᠴᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠢᠷᠢ | ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ 1 ᠤᠳᠠᠭᠠᠨ ᠤ ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ | ᠬᠢᠵᠢᠭ᠂ 1 ᠤᠳᠠᠭᠠᠨ ᠤ ᠬᠤᠯᠤᠭᠠᠨ᠎ᠠ ᠶᠢᠨ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠢ ᠵᠦᠪ ᠣᠨᠣᠪᠴᠢᠲᠠᠶ | ᠡᠷᠡᠰ ᠰᠢᠭᠤᠷᠬᠠᠶ ᠪᠠᠷ ᠰᠢᠢᠳᠪᠤᠷᠢᠯᠡᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠶᠠᠷ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠵᠠᠰᠠᠭ ᠤᠨ | ᠣᠷᠳᠣᠨ ᠤ ᠥᠨᠳᠥᠷ ᠦᠨᠡᠯᠡᠯᠲᠡ ᠶᠢ ᠤᠯᠪᠠ᠃ | ᠨᠡᠶᠢᠭᠡᠮ ᠤᠨ ᠠᠮᠤᠷ ᠲᠦᠪᠰᠢᠨ ᠤ ᠬᠡᠮᠵᠢᠶ᠎ᠡ ᠤᠯᠠᠮ ᠳᠡᠭᠡᠭᠰᠢᠯᠡᠪᠡ᠃ ᠠᠮᠤᠷ ᠲᠦᠪᠰᠢᠨ ᠤ ᠬᠡᠮ ᠰᠣᠭᠤᠭ ᠢ | ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠪᠠ | ᠃ ᠪᠥᠬᠦ ᠵᠢᠯ ᠳᠤ 5.2 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠵᠤ᠂ ᠣᠨ ᠤ | ᠡᠭᠦᠷᠭᠡ ᠶᠢᠨ 3.5 ᠳ᠋ᠦᠩᠰᠢᠭᠤᠷ ᠤᠨ 149.2% ᠢ ᠪᠡᠶᠡᠯᠡᠭᠦᠯᠵᠦ᠂ ᠥᠷᠢ ᠥᠭᠴᠡᠭᠡ ᠶᠢ ᠠᠷᠢᠯᠭᠠᠬᠤ | ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠦ᠂ ᠥᠷᠢ ᠥᠭᠴᠡᠭᠡᠨ ᠤ ᠲᠦᠭᠰᠢᠭᠦᠷᠢ ᠶᠢᠨ ᠲᠠᠰ ᠢ ᠤᠯᠠᠪᠢᠷ ᠥᠩᠭᠡ ᠠᠴᠠ | ᠨᠤᠭᠤᠭᠠᠨ ᠦᠩᠭᠡᠨ ᠳᠤ ᠬᠦᠷᠭᠡᠪᠡ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ | ᠲᠣᠭᠲᠠᠴᠠ ᠶᠢ ᠭᠦᠨᠵᠡᠭᠡᠶᠢᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶᠡᠨ + | ᠰᠢᠮᠳᠠᠭᠤᠯᠤᠨ ᠪᠠᠶᠢᠴᠠᠭᠠᠯᠲᠠ︾᠂ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ | ᠤᠲᠠᠰᠤ ᠵᠡᠷᠭᠡ ᠲᠠᠪᠴᠠᠩ ᠤᠨ ᠰᠦᠪᠡᠭᠴᠢ ᠶᠢᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ 1856 | ᠵᠠᠬᠢᠳᠠᠯ ᠰᠤᠷᠪᠤᠯᠵᠢᠯᠠᠯ ᠤᠨ ᠵᠦᠢᠯᠡᠰ ᠢ ᠣᠷᠣᠯᠠᠨ ᠭᠦᠢᠴᠡᠳᠬᠡᠵᠦ᠂ ︽ᠪᠡᠭᠡᠵᠢᠩ ᠳᠤ ᠣᠷᠣᠵᠤ ᠥᠪᠡᠷᠲᠡᠭᠡᠨ | ᠵᠠᠰᠠᠬᠤ ᠣᠷᠣᠨ ᠳᠤ ᠣᠴᠢᠬᠤ︾ ᠤᠳᠠᠭ᠎ᠠ ᠶᠢᠨ ᠬᠥᠮᠦᠨ ᠤ ᠲᠤᠭ᠎ᠠ ᠶᠢᠨ ᠪᠠᠭᠤᠷᠠᠯᠲᠠ ᠶᠢᠨ ᠬᠡᠮᠵᠢᠶ᠎ᠡ ᠨᠢ 80% ᠶᠢ | ᠳᠠᠪᠠᠵᠤ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠯ ᠢ ᠰᠢᠢᠳᠪᠦᠷᠢᠯᠡᠬᠦ ᠨᠣᠷᠮ᠎ᠠ᠂ ᠣᠯᠠᠨ ᠲᠦᠮᠡᠨ ᠤ | ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ︽ᠮᠡᠳᠡᠭᠡ ᠵᠠᠩᠭᠢ ᠪᠤᠯᠤᠨ ᠵᠢᠯᠤᠭᠤᠳᠤᠯᠭ᠎ᠠ ᠵᠤᠬᠢᠴᠠᠭᠤᠯᠭ᠎ᠠ ᠶᠢ ᠬᠠᠷᠢᠯᠴᠠᠨ | ᠤᠶᠠᠯᠳᠤᠭᠤᠯᠬᠤ︾ ᠶᠢ ᠨᠢᠬᠡ ᠴᠤᠭᠴᠠᠵᠢᠭᠤᠯᠤᠭᠰᠠᠨ ᠲᠣᠭᠲᠠᠴᠠ ᠶᠢ ᠭᠦᠢᠴᠡᠳ ᠠᠰᠢᠭᠯᠠᠨ᠂ 117 ᠡᠷᠡᠭᠦᠦ ᠶᠢᠨ | ᠬᠡᠷᠡᠭ ᠢ ᠠᠮᠵᠢᠯᠲᠠ ᠲᠠᠢ ᠪᠠᠷ ᠢᠯᠡᠷᠡᠭᠦᠯᠵᠦ᠂ ᠬᠡᠷᠡᠭ ᠭᠠᠷᠤᠭᠰᠠᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ | 61% ᠪᠠᠭᠤᠷᠠᠪᠠ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠦᠢᠯᠡᠴᠢᠯᠡᠭᠡ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ᠂ ᠶᠢᠰᠦᠳᠦᠭᠡᠷ ᠤᠳᠠᠭᠠᠨ ᠤ ᠪᠥᠬᠦ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠠᠮᠵᠢᠯᠳᠠ ᠲᠠᠢ ᠪᠠᠶᠢᠭᠤᠯᠤᠨ᠂ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠳᠠᠬᠢᠨ ᠰᠢᠨ᠎ᠡ ᠳᠡᠭᠲᠡᠷ ᠲᠤ ᠭᠠᠷᠪᠠ᠃ | ᠦᠪᠡᠷ ᠢ ᠪᠠᠨ ᠴᠢᠩᠭ᠎ᠠ ᠱᠠᠯᠠᠪᠳᠠᠭᠤᠯᠤᠨ ᠱᠠᠭᠠᠷᠳᠠᠭᠰᠠᠨ ᠡᠨᠡ ᠨᠢᠭᠡ ᠵᠢᠯ ᠳᠤ ᠪᠢᠳᠡ ᠪᠤᠳᠠᠳᠠᠢ ᠦᠢᠯᠠ | ᠠᠵᠢᠯᠯᠠᠭ᠎ᠠ ᠪᠠᠷ ᠢᠶᠠᠨ ᠡᠬᠦᠷᠬᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠵᠠᠰᠠᠭ ᠤᠨ ᠤᠷᠳᠤᠨ ᠤ | ᠦᠢᠯᠡᠳᠦᠯ ᠴᠢᠳᠠᠪᠬᠢ ᠪᠦᠬᠦ ᠲᠠᠯ᠎ᠠ ᠪᠠᠷ ᠲᠡᠬᠡᠭᠰᠢᠯᠡᠪᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠪᠠᠷ ᠭᠤᠤᠯ ᠰᠢᠵᠢᠮ ᠪᠣᠯᠭᠠᠵᠤ | ᠂ ︽ᠰᠤᠷᠤᠯᠴᠠᠬᠤ ᠦᠵᠡᠯ ᠰᠠᠨᠠᠭ᠎ᠠ︾ ᠶᠢ ᠦᠨᠡᠨ ᠬᠦ ᠲᠡᠷᠢᠭᠦᠨ ᠴᠢᠬᠤᠯᠠ ᠡᠭᠦᠷᠭᠡ ᠪᠣᠯᠭᠠᠨ ᠪᠠᠷᠢᠮᠲᠠᠯᠠᠵᠤ᠂ | ᠰᠤᠷᠭᠠᠨ ᠬᠥᠮᠦᠵᠢᠯ ᠤᠨ ᠦᠢᠯᠡᠳᠦᠯᠭᠡ ᠶᠢ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ | ᠂ ︽ᠭᠤᠷᠪᠠᠨ ᠢᠯᠡᠬᠦᠦ ᠭᠤᠷᠪᠠᠨ ᠴᠦᠬᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠠᠨ ᠰᠢᠢᠳᠪᠦᠷᠢᠯᠡᠵᠦ᠂ | ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠴᠢᠩᠭᠠᠳᠬᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠥᠨᠳᠥᠷ ᠪᠦᠲᠦᠮᠵᠢᠲᠡᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠪᠥᠬᠦ ᠤᠯᠤᠰ ᠤᠨ ᠬᠠᠤᠯᠢ ᠶᠢ ᠰᠠᠬᠢᠵᠤ ᠬᠠᠤᠯᠢ ᠲᠦᠭᠡᠮᠡᠯᠵᠢᠭᠦᠯᠬᠦ | ᠵᠢᠱᠢᠶ᠎ᠡ ᠦᠵᠡᠭᠦᠯᠬᠦ ᠬᠤᠰᠢᠭᠤ︾ ᠪᠠᠷ ᠰᠣᠩᠭᠤᠭᠳᠠᠪᠠ᠃ ᠴᠢᠬᠤᠯᠠ ᠶᠡᠭᠡ ᠠᠰᠠᠭᠤᠳᠠᠯ ᠳᠤ ᠬᠤᠰᠢᠭᠤᠨ ᠤ ᠨᠠᠮ ᠤᠨ | ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 39 ᠰᠠᠨᠠᠯ ᠰᠠᠨᠠᠭᠤᠯᠭ᠎ᠠ ᠪᠠ 89 ᠬᠤᠪᠢ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠦᠮ ᠲᠣᠭᠲᠠᠭᠰᠠᠨ | ᠬᠤᠭᠤᠴᠠᠭᠠᠨ ᠳᠤ ᠭᠦᠢᠴᠡᠳᠬᠡᠵᠦ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠰᠤᠷᠲᠠᠯ ᠢᠶᠠᠨ ᠬᠤᠪᠢᠷᠠᠭᠤᠯᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠠᠵᠢᠯ ᠬᠢᠬᠦ ᠥᠬᠡᠶ᠂ ᠠᠵᠢᠯ ᠢᠶᠠᠨ | ᠤᠳᠠᠭᠠᠰᠢᠷᠠᠭᠤᠯᠬᠤ᠂ ᠳᠤᠷ᠎ᠠ ᠪᠠᠷ ᠢᠶᠠᠨ ᠬᠢᠬᠦ ᠦᠵᠡᠭᠳᠡᠯ ᠢ ᠴᠡᠭᠴᠡᠯᠡᠨ ᠵᠠᠰᠠᠵᠤ᠂ ᠲᠥᠪ ᠭᠤᠤᠯᠴᠢ ᠠᠷᠢᠭᠤᠨ | ᠴᠢᠬᠡᠴᠢ ᠪᠠᠷ ᠡᠷᠬᠡ ᠪᠠᠨ ᠬᠡᠷᠡᠭᠯᠡᠬᠦ᠂ ᠠᠵᠢᠯᠴᠢ ᠬᠢᠴᠢᠶᠡᠩᠭᠦᠶ ᠪᠠᠷ ᠠᠵᠢᠯ ᠬᠢᠬᠦ ᠨᠢ ᠵᠠᠰᠠᠭ ᠤᠨ ᠣᠷᠳᠣᠨ ᠤ | ᠰᠢᠰᠲ᠋ᠧᠮ ᠳᠤ ᠨᠢᠭᠡᠨᠲᠡ ᠬᠡᠪ ᠰᠤᠷᠲᠠᠯ ᠪᠣᠯᠤᠭᠰᠠᠨ ᠪᠠᠶᠢᠨ᠎ᠠ᠃ | ᠡᠭᠦᠨ ᠤ ᠬᠠᠮᠲᠤ᠂ ᠤᠯᠤᠰ ᠤᠨ ᠪᠠᠳᠤᠯᠠᠨ ᠬᠠᠮᠠᠭᠠᠯᠠᠯᠳᠠ ᠶᠢ ᠲᠠᠶᠢᠴᠢᠯᠠᠬᠤ᠂ ᠬᠤᠶᠠᠷ ᠢ ᠬᠦᠷᠢᠶᠠᠯᠠᠨ ᠤᠨᠴᠠᠯᠠᠨ | ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠢ ᠲᠦᠪᠬᠢᠨᠡᠬᠦᠯᠬᠦ ᠵᠡᠷᠬᠡ ᠠᠵᠢᠯ ᠰᠢᠨ᠎ᠡ ᠲᠡᠭᠳᠡᠷ ᠲᠤ ᠭᠠᠷᠴᠦ᠂ | ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠴᠠᠭ ᠠᠭᠤᠷ᠂ ᠭᠠᠵᠠᠷ ᠬᠦᠳᠡᠯᠦᠯᠳᠠ᠂ ᠨᠡᠶᠢᠬᠡᠮ | ᠤᠨ ᠰᠢᠨᠵᠢᠯᠠᠬᠦ ᠤᠬᠠᠭᠠᠨ ᠵᠡᠷᠭᠡ ᠠᠵᠢᠯ ᠰᠢᠨ᠎ᠡ ᠠᠮᠵᠢᠯᠳᠠ ᠶᠢ ᠤᠯᠵᠦ᠂ ᠠᠵᠢᠯᠴᠢᠨ ᠤ ᠡᠪᠯᠡᠯ᠂ ᠡᠪ ᠬᠠᠮᠳᠦ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠤᠶᠢᠯᠡᠳᠪᠦᠷᠢ ᠬᠤᠳᠠᠯᠳᠤᠭᠠᠨ ᠤ ᠬᠤᠯᠪᠤᠭ᠎ᠠ᠂ | ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠠᠮᠳᠡᠭᠴᠤᠳ ᠤᠨ ᠬᠤᠯᠪᠤᠭ᠎ᠠ᠂ ᠰᠢᠨᠵᠢᠯᠡᠭᠡ ᠮᠡᠷᠬᠡᠵᠢᠯ ᠤᠨ | ᠨᠠᠶᠢᠬᠡᠮᠯᠢᠭ᠂ ᠤᠯᠠᠭᠠᠨ ᠵᠠᠭᠠᠯᠠᠮᠠᠶᠢᠳᠠᠨ ᠤ ᠨᠡᠶᠢᠬᠡᠮᠯᠢᠭ᠂ ᠬᠤᠶᠢᠴᠢ ᠦᠶ᠎ᠠ ᠶᠢᠨ ᠬᠢᠨ ᠢᠶᠠᠨ ᠬᠠᠯᠠᠮᠵᠢᠯᠠᠬᠤ ᠵᠦᠪᠯᠡᠯ | ᠪᠠ ᠦᠳᠡᠬᠦᠰ ᠤᠨ ᠵᠦᠪᠯᠡᠯ ᠵᠡᠷᠬᠡ ᠠᠵᠢᠯ ᠦᠢᠯᠡᠰ ᠤᠨ ᠰᠢᠨ᠎ᠡ ᠬᠦᠭᠵᠢᠯᠳᠠ ᠶᠢ ᠪᠠᠶᠠᠯᠡᠬᠦᠯᠪᠠ᠃ | ᠦᠩᠭᠡᠷᠡᠭᠰᠡᠨ ᠵᠢᠯ ᠳᠤ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠲᠦᠮᠡᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠰᠢᠷᠭᠠᠭᠤ ᠬᠠᠳᠠᠭᠤᠯᠵᠢᠳᠠᠢ ᠡᠷᠡᠯᠬᠡᠭᠯᠡᠨ ᠤᠷᠤᠭᠰᠢᠯᠠᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠦᠢᠯᠡᠰ ᠲᠦᠷᠭᠡᠨ ᠳᠠᠪᠰᠢᠯᠲᠠ ᠶᠢ ᠤᠯᠵᠦ᠂ ᠡᠯᠪᠡᠭ ᠪᠠᠶᠠᠯᠢᠭ ᠦᠷ᠎ᠡ | ᠪᠦᠳᠦᠮᠵᠢ ᠶᠢ ᠪᠠᠶᠠᠯᠠᠬᠦᠯᠦᠭᠰᠡᠨ ᠪᠠᠶᠢᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠨ᠂ ᠡᠯ᠎ᠡ ᠠᠵᠢᠯ ᠲᠥᠷᠥᠯ ᠳᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠠᠷᠠᠳ ᠤᠨ ᠪᠦᠯᠬᠦᠮ᠂ ᠨᠠᠮ ᠪᠦᠯᠦᠭ ᠤᠨ ᠪᠤᠰᠤ ᠬᠥᠮᠦᠰ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ | ᠬᠤᠰᠢᠭᠤᠨ ᠳᠤ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠤᠯᠤᠰ ᠲᠥᠷᠥ | ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠪᠠ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠵᠢᠴᠢ ᠳᠥᠷᠪᠡᠳ | ᠬᠤᠰᠢᠭᠤᠨ ᠤ ᠪᠦᠳᠦᠬᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ ᠳᠡᠮᠵᠢᠵᠦ ᠢᠷᠡᠭᠰᠡᠨ ᠨᠠᠶᠢᠵᠠ ᠨᠠᠷ ᠲᠤ | ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠨᠥᠬᠦᠳ ᠡ᠂ ᠪᠦᠯᠬᠦᠮᠳᠡᠯ ᠨᠢᠭᠳᠠᠷᠠᠯ ᠨᠢ ᠬᠦᠴᠦᠨ ᠴᠢᠳᠠᠯ ᠢ ᠬᠤᠷᠠᠮᠳᠤᠭᠤᠯᠵᠦ᠂ ᠲᠡᠮᠡᠴᠡᠯ ᠴᠢᠷᠮᠠᠶᠢᠯᠭ᠎ᠠ ᠨᠢ | ᠠᠭᠤᠤ ᠦᠢᠯᠡᠰ ᠢ ᠴᠤᠭᠴᠠᠯᠠᠳᠠᠭ ᠶᠤᠮ᠃ ᠥᠩᠭᠡᠷᠡᠭᠰᠡᠨ ᠨᠢᠭᠡ ᠵᠢᠯ ᠳᠤ᠂ ᠪᠢᠳᠡ ᠠᠯᠬᠤᠮ ᠪᠦᠷᠢ ᠢ ᠠᠮᠠᠷᠬᠠᠨ | ᠲᠤᠭᠤᠯᠠᠭ᠎ᠠ ᠦᠭᠡᠢ ᠴᠦ ᠶᠡᠷᠦ ᠠᠴᠠ ᠵᠤᠭᠰᠤᠭ᠎ᠠ ᠦᠭᠡᠢ᠂ ᠲᠡᠮᠡᠴᠡᠯ ᠤᠨ ᠠᠯᠬᠤᠭ᠎ᠠ ᠢᠮᠠᠭᠲᠠ ᠪᠠᠲᠤ ᠴᠢᠩᠭ᠎ᠠ | ᠪᠠᠶᠢᠭᠰᠠᠨ ᠶᠤᠮ᠃ ᠪᠢᠳᠠ ᠬᠦᠨᠵᠡᠬᠡᠢ ᠰᠡᠷᠡᠵᠦ ᠮᠡᠳᠡᠭᠰᠡᠨ ᠨᠢ᠄ ᠤᠷᠤᠭᠰᠢᠯᠠᠯᠲᠠ ᠶᠢᠨ ᠵᠠᠮ ᠳᠡᠭᠡᠷ᠎ᠡ᠂ ᠡᠷᠬᠡᠪᠰᠢ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭ᠎ᠠ ᠪᠠᠷᠢᠮᠲᠠᠯᠠᠨ᠂ ︽ᠬᠤᠶᠠᠷ ᠢ ᠲᠣᠭᠲᠠᠭᠠᠬᠤ︾ ᠶᠢ ᠴᠢᠩ | ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ | ᠦᠢᠯᠡᠳᠦᠯᠭᠡᠵᠢᠭᠦᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠬᠢᠵᠢᠬᠦᠯᠬᠦ | ᠶᠢ ᠭᠤᠤᠯ ᠱᠤᠭᠤᠮ ᠪᠤᠯᠭᠠᠨ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠠᠵᠢᠯ ᠤᠨ ᠢᠮᠠᠭᠲᠠ ᠵᠥᠪ | ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ︔ ᠤᠷᠤᠭᠰᠢᠯᠠᠯᠲᠠ ᠶᠢᠨ ᠵᠠᠮ ᠳᠡᠭᠡᠷ᠎ᠡ᠂ ᠡᠷᠬᠡᠪᠰᠢ ᠠᠯᠤᠰ | ᠬᠡᠲᠤ ᠶᠢᠨ ᠪᠤᠳᠤᠯᠭ᠎ᠠ᠂ ᠪᠥᠬᠦ ᠲᠠᠯ᠎ᠠ ᠶᠢᠨ ᠲᠥᠯᠥᠪᠵᠢᠭᠦᠯᠭᠡ᠂ ᠪᠦᠬᠦᠯᠢ ᠴᠣᠭᠴᠠ ᠶᠢᠨ ᠠᠬᠢᠭᠤᠯᠤᠯᠲᠠ ᠶᠢ | ᠴᠢᠩᠭᠠᠳᠬᠠᠵᠤ᠂ ᠠᠵᠦ ᠦᠢᠯᠡᠰ ᠤᠨ ᠬᠦᠴᠦᠷᠬᠡᠭ ᠬᠤᠰᠢᠭᠤ ᠶᠢ ᠲᠡᠷᠢᠬᠦᠨ ᠠᠷᠭ᠎ᠠ ᠵᠠᠮ ᠪᠤᠯᠭᠠᠨ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠬᠤᠯᠠᠴᠢᠯᠠᠨ᠂ ᠴᠢᠨᠠᠷ ᠰᠠᠶᠢᠲᠠᠶ ᠬᠥᠭᠵᠢᠯᠲᠡ ᠪᠠᠷ ᠳᠠᠮᠵᠢᠨ ᠪᠥᠬᠦ | ᠬᠤᠰᠢᠭᠤᠨ ᠤ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠶᠡᠷᠦᠩᠬᠡᠶ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠤᠷᠤᠭᠰᠢᠯᠠᠯᠲᠠ ᠶᠢᠨ ᠵᠠᠮ ᠳᠡᠭᠡᠷ᠎ᠡ᠂ ᠡᠷᠬᠡᠪᠰᠢ ᠠᠷᠠᠳ | ᠲᠦᠮᠡᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠠᠴᠠ | ᠡᠬᠢᠯᠡᠨ ᠠᠳᠬᠤᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠤᠷᠢᠯᠡᠵᠦ᠂ ᠠᠷᠠᠳ | ᠲᠦᠮᠡᠨ ᠳᠤ ᠪᠤᠳᠠᠳᠦ ᠰᠠᠶᠢᠨ ᠤᠴᠢᠷ ᠢ ᠨᠢᠬᠡ ᠨᠢᠬᠡᠳ ᠢᠶᠠᠷ ᠤᠯᠠᠨᠳᠠ ᠬᠢᠵᠦ᠂ ᠬᠥᠭᠵᠢᠯᠲᠡ ᠶᠢ ᠨᠠᠩ ᠬᠠᠯᠠᠮᠵᠢᠲᠠᠢ᠂ | ᠠᠷᠠᠳ ᠤᠨ ᠠᠮᠢᠳᠤᠷᠠᠯ ᠢ ᠨᠠᠩ ᠴᠢᠨᠠᠷ ᠰᠠᠶᠢᠲᠠᠶ ᠪᠣᠯᠭᠠᠬᠤ ᠬᠡᠷᠡᠭᠲᠡᠶ︔ ᠤᠷᠤᠭᠰᠢᠯᠠᠯᠲᠠ ᠶᠢᠨ ᠵᠠᠮ ᠳᠡᠭᠡᠷ᠎ᠡ᠂ | ᠡᠷᠬᠡᠪᠰᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ ᠬᠤᠰᠢᠭᠤ ᠪᠠᠷ ᠪᠠᠨ ᠪᠦᠯᠬᠦᠮᠳᠡᠨ | ᠨᠢᠭᠲᠠᠷᠠᠵᠤ᠂ ᠡᠯ᠎ᠡ ᠲᠦᠷᠦᠯ ᠤᠨ ᠠᠵᠢᠯ ᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ | ᠬᠥᠭᠵᠢᠯᠲᠡ ᠶᠢᠨ ᠶᠠᠪᠤᠴᠠ ᠳᠤ ᠴᠥᠭᠡᠨ ᠪᠤᠰᠤ ᠵᠥᠷᠢᠴᠡᠯ ᠪᠠ ᠠᠰᠠᠭᠤᠳᠠᠯ ᠣᠷᠣᠰᠢᠵᠤ ᠂ ᠤᠷᠤᠭᠰᠢᠯᠠᠯᠲᠠ ᠶᠢᠨ | ᠵᠠᠮ ᠳᠡᠭᠡᠷ᠎ᠡ ᠪᠠᠰᠠ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠭ᠎ᠠ ᠪᠠᠨ ᠴᠦ ᠪᠢᠳ᠋ᠨ ᠰᠡᠷᠬᠡᠭ | ᠢᠶᠠᠷ ᠲᠠᠨᠢᠵᠦ ᠤᠯᠤᠯ᠎ᠠ᠄ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠲᠤᠮᠤ ᠲᠦᠷᠦᠯ ᠵᠦᠢᠯ᠂ ᠰᠠᠶᠢᠨ | ᠲᠦᠷᠦᠯ ᠵᠦᠢᠯ ᠤᠨ ᠨᠥᠭᠡᠴᠡ ᠬᠦᠷᠦᠯᠴᠡᠬᠦ ᠦᠭᠡᠢ᠂ ᠪᠡᠯᠡ ᠣᠷᠣᠭᠤᠯᠤᠯᠲᠠ ᠶᠢᠨ ᠠᠵᠤ ᠠᠬᠤᠢ ᠶᠢᠨ ᠨᠡᠮᠡᠭᠳᠡᠯ ᠳᠤ | ᠦᠵᠡᠭᠦᠯᠬᠦ ᠲᠠᠶᠢᠴᠢᠯᠠᠯᠳᠠ ᠶᠢᠨ ᠦᠢᠯᠡᠳᠦᠯ ᠢ ᠦᠨᠡᠨ ᠬᠦ ᠴᠢᠩᠭᠠᠳᠬᠠᠬᠤ ᠴᠢᠬᠤᠯᠠᠲᠠᠢ︔ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠴᠢᠩᠭ᠎ᠠ ᠪᠢᠰᠢ᠂ | ᠴᠢᠳᠠᠪᠤᠷᠢᠲᠠᠨ ᠢ ᠤᠷᠢᠬᠤ᠂ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠬᠥᠮᠦᠵᠢᠭᠦᠯᠬᠦ ᠣᠷᠴᠢᠨ ᠨᠥᠬᠦᠴᠡᠯ ᠢ | ᠰᠠᠶᠢᠵᠢᠷᠠᠭᠤᠯᠬᠤ ᠴᠢᠬᠤᠯᠠᠲᠠᠢ︔ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠲᠤᠲᠠᠭᠳᠠᠯ ᠲᠠᠢ ᠲᠠᠯ᠎ᠠ | ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠤᠯᠠᠨ ᠲᠦᠮᠡᠨ ᠤ | ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠲᠠᠷᠢᠬᠢ | ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠤᠨ ᠰᠢᠢᠳᠪᠤᠷᠢᠯᠡᠵᠤ᠂ | ᠵᠠᠰᠠᠭ ᠤᠨ ᠣᠷᠳᠣᠨ ᠤ ᠠᠵᠢᠯ ᠢ ᠨᠠᠩ ᠰᠠᠶᠢᠨ ᠬᠢᠵᠦ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ | ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠴᠢᠷᠮᠠᠶᠢᠨ᠎ᠠ᠃ | ᠬᠤᠶᠠᠷ᠂ 2024 ᠣᠨ ᠤ ᠡᠭᠦᠷᠭᠡ ᠬᠠᠷᠠᠯᠳᠠ ᠪᠠ ᠭᠤᠤᠯᠳᠠᠯᠭ᠎ᠠ ᠲᠠᠢ ᠠᠵᠢᠯ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ᠮᠦᠨ ᠴᠦ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠪᠠᠶᠢᠵᠤ᠂ ᠨᠡᠩ ᠴᠤ | ᠰᠢᠨ᠎ᠡ ᠠᠵᠠ ᠲᠣᠬᠢᠶᠠᠯ᠂ ᠰᠢᠨ᠎ᠡ ᠬᠥᠳᠡᠯᠭᠡᠬᠦ ᠬᠦᠴᠦᠨ ᠢ ᠡᠭᠦᠳᠴᠦ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠵᠢᠯ | ᠪᠣᠯᠤᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠯᠠᠪᠳᠠᠭᠤᠨ ᠢᠶᠠᠷ ᠤᠷᠤᠭᠰᠢᠯᠠᠨ ᠲᠠᠪᠰᠢᠬᠤ᠂ | ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠳᠠᠪᠠᠭ᠋ᠤ ᠶᠢ ᠪᠠᠷᠢᠮᠳᠠᠯᠠᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ | ᠶᠠᠪᠤᠳᠠᠯ︾᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ | ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ | ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠤᠳᠤᠬᠢᠴᠢᠯᠠᠭᠰᠠᠨ ᠳᠥᠷᠪᠡᠳ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠲᠦᠯᠦᠪᠯᠡᠭᠡᠲᠦ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7% ᠣᠷᠴᠢᠮ | ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 6% ᠣᠷᠴᠢᠮ ᠨᠡᠮᠡᠭᠳᠡᠭᠦᠯᠦᠨ᠎ᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6. 5% ᠣᠷᠴᠢᠮ | ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠢ 5% ᠣᠷᠴᠢᠮ ᠨᠡᠮᠡᠭᠳᠡᠭᠦᠯᠦᠨ᠎ᠡ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ | ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠲᠡᠩᠴᠡᠭᠦᠯᠦᠨ᠎ᠡ᠃ ᠡᠯ᠎ᠡ ᠵᠦᠢᠯ ᠤᠨ ᠬᠢᠵᠠᠭᠠᠷᠯᠠᠬᠤ | ᠴᠢᠨᠠᠷᠲᠠᠢ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠤ ᠪᠠᠭᠤᠯᠭᠠᠭᠰᠠᠨ ᠬᠡᠪᠴᠢᠶᠡᠨ ᠳᠤ ᠬᠢᠵᠠᠭᠠᠷᠯᠠᠨ᠎ᠠ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠬᠦᠴᠦ ᠪᠠᠨ ᠲᠥᠪᠯᠡᠷᠡᠭᠦᠯᠦᠨ ᠳᠣᠣᠷᠠᠬᠢ ᠵᠢᠷᠭᠤᠭᠠᠨ ᠲᠠᠯ᠎ᠠ ᠶᠢᠨ | ᠠᠵᠢᠯ ᠢ ᠰᠠᠶᠢᠲᠤᠷ ᠠᠳᠬᠤᠨ᠎ᠠ᠄ | ︵ᠨᠢᠭᠡ︶ ᠪᠡᠯᠡ ᠤᠷᠤᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠠᠭᠢᠭᠤᠯᠵᠦ᠂ ᠦᠢᠯᠡᠴᠢᠯᠡᠭᠡ ᠪᠠᠨ | ᠰᠢᠯᠢᠳᠡᠭᠵᠢᠭᠦᠯᠦᠨ᠂ ᠵᠠᠩᠭᠢᠯᠠᠭ᠎ᠠ ᠶᠢᠨ ᠬᠤᠪᠢᠰᠤᠭᠴᠢ ᠬᠡᠮᠵᠢᠭᠳᠡᠬᠦᠨ ᠢ ᠳᠣᠳᠣᠭᠠᠳᠣ ᠬᠦᠳᠡᠯᠭᠡᠬᠦ ᠬᠦᠴᠦᠨ | ᠪᠤᠯᠭᠠᠬᠤ ᠪᠠᠷ ᠴᠢᠷᠮᠠᠶᠢᠨ᠎ᠠ | ᠲᠦᠷᠦᠯ ᠵᠦᠢᠯ ᠢᠶᠠᠷ ᠭᠤᠣᠯ ᠪᠤᠯᠭᠠᠨ᠂ ᠪᠡᠯᠡ ᠣᠷᠣᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ ᠤᠨᠢᠨ | ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ ᠠᠷᠠᠯᠵᠢᠶᠠᠴᠢᠨ ᠤᠷᠢᠬᠤ ᠶᠢ ᠠᠳᠬᠤᠵᠤ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠢ ᠶᠢᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠴᠠᠭ ᠮᠦᠴᠡ ᠲᠠᠢ | ᠤᠷᠤᠯᠳᠤᠨ ᠪᠣᠳᠠᠲᠤ ᠠᠵᠢᠯᠯᠠᠭ᠎ᠠ ᠪᠠᠷ ᠢᠶᠠᠨ ᠡᠷᠴᠢ ᠵᠣᠷᠢᠭ ᠢᠶᠠᠨ ᠬᠥᠪᠴᠢᠯᠡᠬᠦ ᠠᠭᠤᠷ ᠠᠮᠢᠰᠬᠤᠯ ᠢ ᠪᠤᠢ ᠪᠤᠯᠭᠠᠨ᠎ᠠ᠃ | | ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠡᠳᠬᠡᠨ᠎ᠡ᠃ ︽ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ︽ᠭᠤᠷᠪᠠᠨ ᠤᠮᠠᠷᠠᠳᠤ︾ ᠢᠨᠵᠧᠨᠧᠷᠢᠩ | ᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠴᠢᠩᠭ᠎ᠠ ᠠᠳᠬᠤᠨ᠂ ︽ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠤᠯᠤᠰ ᠤᠨ ᠠᠵᠤ ᠠᠬᠤᠶ ᠶᠢᠨ ᠶᠡᠭᠡ | ᠲᠠᠯ᠎ᠠ ᠶᠢ ᠲᠣᠭᠲᠠᠪᠤᠷᠢᠵᠢᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠂ ︽ᠭᠤᠷᠪᠠᠨ ᠤᠮᠠᠷᠠᠲᠤ | ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ | ᠬᠠᠮᠠᠭᠠᠯᠠᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠨᠢᠭᠡ ᠪᠦᠯᠦᠭ ᠪᠥᠬᠦ ᠲᠠᠯ᠎ᠠ ᠶᠢᠨ ᠴᠢᠨᠠᠷᠲᠠᠶ᠂ ᠰᠠᠭᠤᠷᠢ | ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠶᠡᠭᠡ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ | 2024 ᠣᠨ ᠳᠤ 28 ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ | ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 388 ᠳ᠋ᠦᠩᠰᠢᠭᠤᠷ ᠲᠥᠭᠦᠷᠢᠭ ᠪᠠᠶᠢᠵᠦ᠂ ᠵᠢᠯ ᠤᠨ | ᠳᠣᠲᠣᠷ᠎ᠠ 139.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠴᠢᠬᠤᠯᠠ ᠶᠡᠭᠡ | ᠲᠦᠷᠦᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠪᠣᠯᠤᠨ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠬᠤᠷᠳᠤᠴᠠ᠂ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ | ᠰᠢᠨ᠎ᠡ ᠪᠠᠷ ᠪᠠᠶᠢᠭᠤᠯᠬᠤ ᠲᠦᠷᠦᠯ ᠵᠦᠢᠯ ᠢ 3 ᠰᠠᠷ᠎ᠠ ᠳᠤ ᠭᠠᠷ ᠭᠦᠢᠴᠡᠳᠬᠡᠯ ᠢ ᠭᠦᠢᠴᠡᠳᠬᠡᠬᠦ ᠪᠠᠷ ᠴᠢᠷᠮᠠᠶᠢᠨ᠂ 4 | ᠰᠠᠷ᠎ᠠ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠨᠥᠬᠦᠴᠡᠯ ᠢ ᠪᠦᠷᠢᠯᠳᠦᠭᠦᠯᠵᠦ᠂ 5 ᠰᠠᠷ᠎ᠠ ᠶᠢᠨ | ᠰᠡᠭᠦᠯᠴᠢ ᠪᠠᠷ ᠪᠦᠬᠦ ᠠᠵᠢᠯ ᠢ ᠡᠬᠢᠯᠡᠬᠦᠯᠦᠨ᠎ᠡ᠃ ᠬᠠᠪᠤᠷ ᠤᠷᠤᠬᠤ ᠳᠤ ᠠᠵᠢᠯ ᠢᠶᠠᠨ ᠡᠬᠢᠯᠡᠭᠦᠯᠵᠤ᠂ ᠠᠵᠢᠯ ᠢᠶᠠᠨ | ᠡᠬᠢᠯᠡᠭᠦᠯᠪᠡᠯ ᠰᠢᠢᠳᠪᠦᠷᠢ ᠭᠠᠷᠭᠠᠬᠤ ᠶᠢ ᠪᠡᠶᠡᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠨ᠎ᠠ᠃ ᠦᠷᠭᠦᠯᠵᠢᠯᠡᠨ ᠬᠦᠴᠦᠷᠬᠡᠭ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠬᠦᠳᠦᠯᠦᠨ ᠲᠠᠭᠠᠭᠤᠯᠬᠤ ᠶᠢ ᠠᠬᠢᠭᠤᠯᠤᠨ᠂ ᠳᠡᠭᠡᠳᠦ ᠳᠤᠤᠷᠠᠳᠤ ᠱᠠᠲᠤ | ᠬᠤᠯᠪᠣᠭᠠᠯᠠᠨ ᠬᠥᠳᠡᠯᠦᠯᠴᠡᠬᠦ᠂ ᠪᠥᠬᠦ ᠠᠵᠢᠯᠲᠠᠨ ᠣᠷᠣᠯᠴᠠᠭᠰᠠᠨ ︽ᠶᠡᠭᠡ ᠪᠠᠷ ᠬᠤᠳᠠᠯᠳᠤᠭᠠᠴᠢᠨ ᠤᠷᠢᠬᠤ︾ ᠬᠡᠪ | ᠪᠠᠶᠢᠳᠠᠯ ᠢ ᠪᠣᠶ ᠪᠣᠯᠭᠠᠬᠤ ᠶᠢ ᠠᠬᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶᠠᠨ ᠳᠠᠷᠤᠭ᠎ᠠ︾ ᠶᠢᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠵᠠᠭᠤᠨ ᠳ᠋ᠦᠩᠰᠢᠭᠤᠷ ᠲᠠᠰ ᠤᠨ ᠠᠵᠤ | ᠦᠢᠯᠡᠰ ᠤᠨ ᠪᠦᠯᠦᠭᠯᠡᠯ︾ ᠳᠤ ᠭᠤᠤᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ | ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ | ᠣᠲᠣ ᠶᠢᠨ ᠪᠠᠶᠢᠭ᠎ᠠ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠪᠠᠶᠢᠭᠤᠯᠤᠨ ᠬᠦᠴᠦᠷᠬᠡᠭᠵᠢᠭᠦᠯᠵᠦ᠂ | ᠰᠢᠨ᠎ᠡ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠳᠡᠭᠡᠳᠦ ᠲᠠᠰ ᠤᠨ ᠬᠦᠴᠦᠨ ᠵᠦᠢᠯ ᠢ ᠲᠥᠪᠯᠡᠷᠡᠭᠦᠯᠦᠨ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠤᠷᠠᠮᠳᠤᠭᠤᠯᠵᠤ᠂ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ᠎ᠠ᠃ | ᠡᠯ᠎ᠡ ᠲᠥᠷᠥᠯ ᠤᠨ ᠬᠤᠳᠠᠯᠳᠤᠭᠠᠨ ᠤ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ | ᠬᠤᠳᠠᠯᠳᠤᠭᠠᠴᠢᠨ ᠤᠷᠢᠨ ᠲᠠᠨᠢᠯᠴᠠᠭᠤᠯᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ ᠵᠢᠯ ᠤᠨ | ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠵᠥᠪᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ ᠶᠢ | 400 ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠵᠤ᠂ ᠵᠢᠯ ᠤᠨ ᠳᠣᠲᠣᠷ᠎ᠠ ᠪᠣᠳᠠᠲᠠᠶᠢᠵᠢᠭᠤᠯᠤᠭᠰᠠᠨ ᠪᠡᠯᠡ | ᠮᠥᠩᠭᠦ ᠶᠢ 85 ᠳ᠋ᠦᠩᠰᠢᠭᠤᠷ ᠲᠥᠭᠦᠷᠢᠭ ᠲᠤ ᠬᠦᠷᠭᠡᠵᠤ᠂ ᠲᠥᠷᠥᠯ ᠵᠦᠢᠯ ᠢ ᠡᠯᠰᠡᠬᠦ᠂ ᠪᠦᠲᠦᠭᠡᠨ ᠪᠠᠶᠢᠭᠤᠯᠬᠤ᠂ | ᠶᠠᠰᠤ ᠴᠢᠨᠠᠷ ᠦᠷ᠎ᠡ ᠠᠰᠢᠭ ᠤᠨ ︽ᠭᠤᠷᠪᠠᠨ ᠰᠢᠨ᠎ᠡ ᠰᠢᠪᠲᠤᠯᠤᠯᠲᠠ︾ ᠶᠢ ᠴᠢᠷᠮᠠᠶᠢᠨ ᠪᠡᠶᠡᠯᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠡᠭᠡᠭᠰᠢᠯᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠵᠦᠢᠯ ᠤᠨ ᠶᠠᠪᠤᠳᠠᠯ︾ ᠤᠨ ᠴᠤᠮᠬᠠᠳᠬᠠᠨ | ᠥᠭᠡᠷᠡᠴᠢᠯᠡᠯᠲᠡ ᠶᠢ ᠪᠠᠬᠢᠵᠢᠭᠦᠯᠦᠨ ᠥᠷᠭᠡᠳᠬᠡᠵᠦ᠂ ᠥᠨᠳᠥᠷ ᠳᠠᠪᠲᠠᠮᠵᠢᠲᠤ ᠵᠦᠢᠯᠡᠰ ᠤᠨ ︽ᠨᠢᠭᠡ ᠶᠠᠪᠤᠳᠠᠯ ᠢ | ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠦᠯᠦ ᠭᠦᠶᠦᠯᠭᠡᠬᠦ︾ ᠥᠭᠡᠷᠡᠴᠢᠯᠡᠯᠲᠡ᠂ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠲᠤ ᠳᠥᠭᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ 95% ᠠᠴᠠ | ᠳᠡᠭᠡᠭᠰᠢ ᠳᠤ ᠬᠦᠷᠭᠡᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠦᠷᠭᠦᠯᠵᠢᠯᠡᠨ | ᠢᠯᠭᠠᠷᠠᠭᠤᠯᠤᠨ ᠵᠢᠷᠤᠮᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠣᠳᠠᠲᠤ ᠴᠣᠭᠴᠠ ᠶᠢᠨ ᠠᠵᠤ ᠠᠬᠤᠢ ᠶᠢ | ᠲᠦᠷᠬᠡᠳᠬᠡᠨ᠎ᠡ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ | ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ | ᠵᠡᠷᠭᠡ ︽ᠳᠥᠷᠪᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠬᠡᠷᠡᠭᠵᠢᠭᠦᠯᠦᠨ᠂ ᠦᠨᠡᠨᠴᠢ ᠢᠲᠡᠭᠡᠮᠵᠢ ᠶᠢ ᠡᠷᠬᠢᠮᠯᠡᠬᠦ᠂ | ᠢᠲᠡᠭᠡᠮᠵᠢ ᠶᠢᠨ ᠵᠥᠪ ᠲᠠᠯ᠎ᠠ ᠶᠢᠨ ᠳᠦᠷᠢ ᠲᠥᠷᠬᠦ ᠶᠢ ᠪᠠᠲᠤ ᠪᠠᠬᠢ ᠪᠣᠶ ᠪᠣᠯᠭᠠᠵᠤ᠂ ᠠᠵᠤ ᠠᠬᠤᠶᠢᠯᠠᠯᠲᠠᠨ ᠪᠠ | ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠢᠳᠡᠪᠬᠢᠲᠡᠶ ᠪᠠᠷ | ᠳᠥᠯᠭᠢᠨ ᠠᠬᠢᠭᠤᠯᠵᠤ᠂ ᠢᠯᠡ ᠲᠣᠳᠣ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠪᠣᠶ | ᠪᠣᠯᠭᠠᠨ᠎ᠠ᠃ | ︵ᠬᠤᠶᠠᠷ︶ ᠪᠦᠬᠦ ᠬᠦᠴᠦᠨ ᠢᠶᠠᠷ ᠢᠶᠠᠨ ᠳᠠᠪᠠᠭᠤᠯᠢᠭ ᠢᠶᠠᠨ ᠪᠠᠳᠠᠷᠠᠭᠤᠯᠤᠨ᠂ ᠬᠡᠯᠬᠢᠶ᠎ᠡ ᠪᠠᠨ ᠤᠷᠲᠤᠳᠬᠠᠵᠤ᠂ | ᠭᠤᠣᠯᠳᠠᠯᠭ᠎ᠠ ᠲᠠᠢ ᠠᠵᠤ ᠦᠢᠯᠡᠰ ᠢ ᠲᠡᠮᠳᠡᠭᠳᠦ ᠪᠣᠯᠭᠠᠬᠤ ᠪᠠᠷ ᠴᠢᠷᠮᠠᠶᠢᠨ᠎ᠠ᠃ | ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ︽ᠲᠠᠪᠤᠨ ᠵᠠᠭᠤᠨ ᠳ᠋ᠦᠩᠰᠢᠭᠤᠷ | ᠳᠡᠰ ᠤᠨ ᠠᠵᠤ ᠦᠢᠯᠡᠰ ᠤᠨ ᠪᠦᠯᠦᠭᠯᠡᠯ︾ ᠢ ᠴᠣᠭᠴᠠᠯᠠᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠬᠦ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠬᠦᠴᠦᠯᠡᠨ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠠᠮᠤ ᠪᠤᠳᠠᠭᠠᠨ ᠤ ᠠᠮᠤᠷ | ᠲᠦᠪᠰᠢᠨ ᠤ ᠬᠤᠷᠢᠭ᠎ᠠ ᠱᠤᠭᠤᠮ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ | ᠰᠠᠬᠢᠵᠤ᠂ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ᠂ | ᠬᠠᠩᠭᠠᠯᠭ᠎ᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 132 | ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 7 ᠳ᠋ᠦᠩᠰᠢᠭᠤᠷ ᠵᠢᠩ ᠳᠤ | ᠬᠦᠷᠭᠡᠬᠦ ᠪᠠᠷ ᠴᠢᠷᠮᠠᠶᠢᠨ᠂ ᠮᠠᠯ ᠲᠡᠵᠢᠭᠡᠨ ᠦᠷᠡᠵᠢᠭᠦᠯᠬᠦ ᠴᠢᠳᠠᠪᠤᠷᠢ ᠶᠢ 300 ᠲᠦᠮᠡᠨ ᠲᠣᠯᠣᠭᠠᠶ ᠠᠴᠠ ᠳᠡᠭᠡᠭᠰᠢ | ᠲᠣᠭᠲᠠᠪᠤᠷᠢᠵᠢᠭᠤᠯᠵᠤ᠂ ᠮᠢᠬᠠᠨ ᠤ ᠵᠦᠢᠯ ᠤᠨ ᠤᠨᠠᠯᠲᠠ ᠶᠢ 5 ᠲᠦᠮᠡᠨ ᠲᠣᠨ ᠠᠴᠠ ᠳᠠᠪᠠᠭᠤᠯᠤᠨ᠎ᠠ᠃ ᠤᠰᠤ | ᠠᠷᠪᠢᠯᠠᠬᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 3 ᠲᠦᠮᠡᠨ ᠮᠦ | ᠰᠢᠨ᠎ᠡ ᠪᠠᠷ ᠪᠠᠶᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠯᠬᠤᠴᠠ ᠪᠠᠨ ᠲᠦᠷᠭᠡᠳᠬᠡᠵᠦ᠂ | ᠵᠦᠩ ᠵᠢᠶᠠ᠂ ᠰᠠᠢ ᠨᠥᠸᠧ᠂ ᠰᠢᠨ ᠢᠦᠢ ᠵᠡᠷᠭᠡ ᠬᠦᠳᠦᠴᠢ ᠠᠵᠤ ᠠᠬᠤᠶᠢᠯᠠᠯ ᠳᠤ ᠲᠦᠰᠢᠭᠯᠡᠨ᠂ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭᠠᠨ ᠤ | ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠲᠡᠰ ᠤᠨ ᠲᠥᠮᠥᠰᠥ ᠶᠢᠨ ᠦᠷ᠎ᠡ ᠶᠢᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠪᠦᠬᠦ ᠤᠯᠤᠰ ᠤᠨ ᠬᠠᠮᠤᠭ ᠤᠨ ᠰᠢᠯᠢᠳᠡᠭ ︽ᠦᠪᠡᠷ ᠢᠶᠠᠨ ᠡᠵᠡᠨ ᠮᠡᠳᠡᠬᠦ︾ ᠢᠳᠡᠰᠢᠨ | ᠬᠤᠨᠢᠨ ᠤ ᠡᠭᠦᠯᠳᠡᠷ ᠢ ᠭᠠᠳᠠᠭᠰᠢ ᠭᠠᠷᠭᠠᠬᠤ ᠰᠠᠭᠤᠷᠢᠨ ᠭᠠᠵᠠᠷ᠂ ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ | ᠪᠠᠶᠢᠭᠠᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠡᠯᠪᠡᠷᠢᠳᠠᠢ ᠴᠢᠨᠠᠷ ᠰᠠᠶᠢᠲᠠᠢ ᠮᠢᠬᠠᠨ ᠤ ᠦᠬᠡᠷ ᠤᠨ ᠠᠵᠤ | ᠦᠢᠯᠡᠰ ᠤᠨ ᠰᠠᠭᠤᠷᠢᠨ ᠭᠠᠵᠠᠷ ᠢ ᠢᠳᠡᠪᠬᠢᠲᠡᠢ ᠪᠠᠶᠢᠭᠤᠯᠤᠨ᠎ᠠ᠃ ᠤᠯᠤᠰ ᠤᠨ ᠲᠠᠰ ᠤᠨ ᠣᠲᠣ ᠦᠶ᠎ᠡ ᠶᠢᠨ | ᠲᠠᠷᠢᠶᠠᠯᠠᠩ ᠤᠨ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ | ᠂ ᠲᠠᠷᠢᠮᠠᠯ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠷ᠎ᠡ ᠶᠢᠨ ᠲᠥᠮᠥᠰᠥ ᠪᠠ ᠡᠳ᠋ᠰᠢᠭᠦᠯᠦᠨ | ᠪᠣᠯᠪᠠᠰᠤᠷᠠᠭᠤᠯᠬᠤ ᠲᠥᠮᠥᠰᠥ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠲᠥᠮᠥᠰᠥ ᠳᠠᠷᠢᠬᠤ ᠲᠠᠯᠠᠪᠠᠶ ᠶᠢ 45 | ᠲᠦᠮᠡᠨ ᠮᠥ ᠳᠤ ᠬᠦᠷᠦᠭᠦᠯᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠤᠬᠢᠴᠢᠯᠠᠭᠰᠠᠨ | ᠲᠠᠷᠢᠶᠠᠯᠠᠩ ᠤᠨ ᠢᠳᠡᠰᠢᠨ ᠬᠤᠨᠢᠨ ᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠬᠠᠷᠠᠯᠲᠠ | ᠪᠣᠯᠭᠠᠵᠤ᠂ ᠳ᠋ᠦ᠋ ᠮᠧᠩ ᠢᠳᠡᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ 5000 ᠬᠤᠴᠠ᠂ 1 ᠲᠦᠮᠡᠨ ᠡᠮ᠎ᠡ | ᠬᠤᠨᠢ ᠲᠠᠯᠪᠢᠵᠤ᠂ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ᠃ ᠪᠣᠭ | ᠮᠠᠯ ᠢ ᠪᠣᠳᠠ ᠮᠠᠯ ᠢᠶᠠᠷ ᠰᠣᠯᠢᠬᠤ ᠶᠢ ᠲᠦᠷᠭᠡᠳᠬᠡᠨ ᠠᠬᠢᠭᠤᠯᠵᠤ᠂ ᠮᠢᠬᠠᠨ ᠤ ᠦᠬᠡᠷ ᠤᠨ ᠰᠦᠷᠦᠭ ᠢ ᠥᠷᠭᠡᠳᠬᠡᠨ᠂ | ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠥᠨᠳᠥᠷ ᠦᠷ᠎ᠡ ᠪᠦᠲᠦᠮᠵᠢᠲᠡᠶ ᠪᠠᠷ ᠥᠷᠨᠢᠭᠦᠯᠵᠦ᠂ ᠴᠢᠨᠠᠷ ᠰᠠᠶᠢᠲᠠᠶ | ᠮᠢᠬᠠᠨ ᠤ ᠦᠬᠡᠷ ᠤᠨ ᠲᠤᠭ᠎ᠠ ᠶᠢ 10 ᠲᠦᠮᠡ ᠠᠴᠠ ᠳᠡᠭᠡᠭᠰᠢ ᠳᠠᠪᠠᠭᠤᠯᠤᠨ᠎ᠠ᠃ ᠲᠡᠵᠢᠭᠡᠯ ᠡᠪᠡᠰᠦ ᠪᠣᠷᠳᠣᠭᠠᠨ ᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠡᠮᠤᠨᠡᠬᠢ ᠡᠪᠡᠰᠦ ᠪᠡᠯᠴᠢᠭᠡᠷ ᠢ ᠤᠮᠠᠷᠠᠰᠢ | ᠲᠡᠭᠡᠭᠡᠪᠦᠷᠢᠯᠡᠬᠦ︾ ᠲᠡᠵᠢᠭᠡᠯ ᠡᠪᠡᠰᠦ ᠪᠣᠷᠳᠤᠭ᠎ᠠ ᠨᠦᠬᠡᠴᠡᠯᠡᠵᠤ ᠲᠡᠭᠡᠭᠡᠪᠦᠷᠢᠯᠡᠨ ᠪᠣᠷᠣᠯᠠᠭᠤᠯᠬᠤ ᠰᠢᠰᠲ᠋ᠧᠮ ᠢ | ᠪᠠᠶᠢᠭᠤᠯᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠥᠬᠦ ᠬᠦᠴᠦᠨ ᠢᠶᠠᠷ ᠢᠶᠠᠨ ᠪᠠᠭᠤᠷᠠᠭᠤᠯᠤᠨ᠎ᠠ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠲᠤᠭ᠎ᠠ ᠬᠡᠮᠵᠢᠶ᠎ᠡ ᠪᠠ | ᠭᠡᠷᠡᠴᠢᠯᠡᠯ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ | ᠤᠨ ᠭᠡᠷᠡᠴᠢᠯᠡᠯ ᠢ ᠦᠷᠭᠦᠯᠵᠢᠯᠡᠨ ᠪᠦᠲᠦᠮᠵᠢᠲᠡᠶ ᠠᠬᠢᠭᠤᠯᠵᠤ᠂ ︽ᠤᠭ ᠠᠮᠲᠠᠲᠤ ᠤᠯᠠᠭᠠᠨᠴᠠᠪ︾ ᠤᠨ ᠨᠠᠷᠠᠲᠤ | ᠲᠡᠮᠳᠡᠭᠲᠦ ᠶᠢᠨ ᠰᠢᠰᠲ᠋ᠧᠮ ᠤᠨ ᠴᠢᠨᠠᠷᠲᠠᠶ ᠪᠠᠶᠢᠭᠤᠯᠤᠯᠲᠠ ᠶᠢ ᠥᠷᠨᠢᠭᠦᠯᠦᠨ᠂ ᠵᠢᠯ ᠤᠨ ᠳᠣᠲᠣᠷ᠎ᠠ ᠣᠨᠴᠠ ᠰᠢᠯᠢᠳᠡᠭ | ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ 5 ᠠᠴᠠ ᠳᠡᠭᠡᠭᠰᠢ ᠪᠡᠶᠡᠯᠡᠭᠦᠯᠦᠨ᠎ᠡ᠃ ᠨᠢᠭᠡᠳᠦᠭᠡᠷ ᠪᠠ | ᠬᠤᠶᠠᠳᠤᠭᠠᠷ ᠳᠡᠰ ᠤᠨ ᠬᠤᠲᠠ ᠶᠢᠨ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠢᠶᠠᠨ ᠥᠷᠭᠡᠳᠬᠡᠵᠦ᠂ ᠴᠢᠨᠠᠷ ᠰᠠᠶᠢᠲᠠᠶ | ᠮᠠᠯ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠬᠥᠭᠵᠢᠨ ᠮᠠᠨᠳᠤᠬᠤ ᠶᠢ ᠲᠦᠷᠭᠡᠳᠭᠡᠨ᠎ᠡ᠃ ᠬᠦᠷᠢᠶᠡᠯᠡᠩ ᠲᠣᠭᠤᠷᠢᠭ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠮᠠᠭᠠᠳᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠡᠷᠴᠢᠮᠵᠢᠭᠦᠯᠦᠨ | ᠪᠥᠭᠡᠮᠨᠡᠷᠡᠭᠰᠡᠨ ᠬᠥᠭᠵᠢᠯᠲᠡ ᠶᠢ ᠠᠬᠢᠭᠤᠯᠤᠨ᠎ᠠ᠃ ᠬᠠᠶᠢᠯᠤᠭᠤᠷ ᠵᠣᠩᠰᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ | ᠲᠦᠪᠰᠢᠨ ᠢ ᠳᠡᠭᠡᠭᠰᠢᠯᠡᠭᠦᠯᠵᠦ᠂ ᠨᠡᠩ ᠤᠯᠠᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠤ ᠠᠵᠤ | ᠠᠬᠤᠶᠢᠯᠠᠯ ᠪᠣᠯᠤᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠳᠡᠭ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠦᠢᠯᠡᠳᠬᠦᠨ ᠤ ᠦᠷᠳᠡᠭ ᠢ ᠵᠠᠭᠤᠨ ᠳ᠋ᠦᠩᠰᠢᠭᠤᠷ ᠳᠠᠪᠠᠭ᠋ᠤ ᠶᠢ | ᠡᠷᠲᠡᠬᠡᠨ ᠪᠡᠶᠡᠯᠡᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ 480 ᠲᠦᠮᠡᠨ | ᠺᠢᠯᠣᠸᠠᠲ᠂ ᠮᠧᠩ ᠨᠧᠩ 200 ᠲᠦᠮᠡᠨ ᠺᠢᠯᠣᠸᠠᠲ ᠤᠨ ᠰᠠᠯᠬᠢ ᠭᠡᠷᠡᠯ ᠨᠥᠭᠡᠴᠡᠯᠡᠬᠦ ᠲᠥᠷᠥᠯ ᠵᠦᠢᠯ ᠤᠨ ᠠᠵᠢᠯ ᠢ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ | ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠵᠠᠭᠤᠨ | ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠦᠨ᠎ᠡ᠃ ᠨᠥᠬᠦᠷᠰᠡᠭ ᠢᠶᠠᠷ 500 | ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ ᠰᠠᠯᠬᠢ ᠭᠡᠷᠡᠯ ᠤᠰᠤᠲᠥ᠋ᠷᠥᠭᠴᠢ ᠶᠢ | ᠨᠥᠭᠡᠴᠡᠯᠡᠬᠦ ᠶᠢ ᠨᠢᠭᠡ ᠴᠣᠭᠴᠠᠵᠢᠭᠤᠯᠬᠤ᠂ ᠢᠯᠴᠢ ᠴᠠᠬᠢᠯᠭᠠᠨ ᠢ ᠬᠤᠯᠪᠣᠭᠠᠯᠠᠨ ᠦᠢᠯᠡᠳᠪᠦᠷᠢᠯᠡᠬᠦ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠶᠡᠭᠡ ᠬᠡᠮᠵᠢᠶᠡᠨ ᠤ ᠬᠡᠷᠡᠭᠯᠡᠭᠴᠢ ᠶᠢᠨ ᠲᠠᠯ᠎ᠠ ᠶᠢᠨ ᠡᠨᠧᠷᠭᠢ | ᠬᠠᠳᠠᠭᠠᠯᠠᠬᠤ ᠴᠠᠬᠢᠯᠭᠠᠨ ᠥᠷᠲᠡᠭᠡ ᠶᠢ ᠪᠠᠶᠢᠷᠢᠯᠠᠭᠤᠯᠤᠨ ᠪᠠᠶᠢᠭᠤᠯᠵᠤ᠂ ᠨᠢᠭᠡ ᠪᠦᠯᠦᠭ ᠪᠤᠬᠢᠷᠳᠤᠯ ᠦᠭᠡᠢ ᠴᠠᠬᠢᠯᠭᠠᠨ | ᠨᠦᠬᠡᠴᠡᠯᠡᠬᠦ᠂ ᠤᠰᠤᠳᠦ᠋ᠷᠦᠭᠴᠢ ᠦᠢᠯᠡᠳᠬᠦ᠂ ᠰᠢᠪᠳᠤᠷ ᠦᠢᠯᠡᠳᠬᠦ᠂ ᠠᠵᠤ ᠦᠢᠯᠡᠳᠪᠦᠷᠢ ᠶᠢᠨ ᠴᠠᠬᠢᠭᠤᠷ᠂ | ᠴᠠᠬᠢᠯᠭᠠᠨ ᠵᠠᠳᠠᠯᠤᠯᠳᠠ ᠶᠢᠨ ᠵᠡᠰ ᠵᠡᠷᠭᠡ ᠲᠦᠷᠦᠯ ᠵᠦᠢᠯ ᠢ ᠦᠨᠳᠦᠷ ᠪᠠᠷᠢᠮᠵᠢᠶ᠎ᠠ ᠪᠠᠷ ᠤᠷᠤᠭᠤᠯᠤᠨ᠂ | ᠰᠢᠢᠳᠪᠦᠷᠢᠯᠡᠨ ᠰᠢᠩᠭᠡᠭᠡᠬᠦ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠮᠢᠩᠭ᠎ᠠ ᠲᠦᠮᠡᠨ ᠺᠢᠯᠤᠸ᠋ᠯᠲ ᠤᠨ | ᠲᠡᠰ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ ᠢ ᠵᠡᠷᠬᠡᠪᠡᠷ ᠪᠠᠶᠢᠭᠤᠯᠤᠨ᠎ᠠ᠃ ᠰᠢᠨ᠎ᠡ ᠨᠢᠭᠡ ᠡᠭᠡᠯᠵᠢ ᠶᠢᠨ | ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠤᠮᠳᠠ ᠦᠷᠭᠦᠯᠵᠢᠯᠡᠨ ᠬᠦᠴᠦᠯᠡᠵᠦ᠂ ᠨᠢᠭᠡᠨᠲᠡ | ᠨᠡᠭᠦᠷᠡᠰᠦᠨ ᠤ ᠡᠬᠢ ᠪᠠᠶᠠᠯᠢᠭ ᠢ ᠬᠠᠶᠢᠨ ᠰᠦᠪᠡᠭᠴᠢᠯᠡᠬᠦ ᠳᠤ ᠲᠦᠰᠢᠭᠯᠡᠨ᠂ ᠬᠡᠳᠦ ᠴᠤᠪᠤᠷᠠᠯᠳᠠ ᠶᠢᠨ ᠴᠠᠬᠢᠯᠭᠠᠨ | ᠦᠢᠯᠡᠳᠪᠦᠷᠢ ᠶᠢ ᠬᠦᠨᠵᠡᠭᠡᠶᠢᠷᠡᠨ ᠰᠦᠪᠡᠭᠴᠢᠯᠡᠵᠤ᠂ ᠰᠢᠨ᠎ᠡ ᠡᠨᠧᠷᠬᠢ ᠶᠢᠨ ᠲᠤᠭᠳᠠᠭᠤᠨ ᠪᠤᠰᠤ ᠲᠤᠳᠠᠭᠳᠠᠯ ᠲᠠᠢ | ᠲᠠᠯ᠎ᠠ ᠶᠢ ᠨᠦᠬᠦᠪᠦᠷᠢᠯᠡᠨ᠎ᠡ᠃ ᠴᠢᠨᠠᠷ ᠰᠠᠶᠢᠲᠠᠶ ᠴᠠᠬᠢᠭᠤᠷ ᠴᠢᠯᠠᠭᠤᠨ ᠤ ᠡᠬᠢ ᠪᠠᠶᠠᠯᠢᠭ ᠢ ᠠᠰᠢᠭᠯᠠᠨ᠂ ᠬᠡᠷᠡᠯ | ᠸᠤᠯᠲ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠢᠳᠡᠪᠬᠢᠲᠡᠶ ᠣᠷᠣᠭᠤᠯᠤᠨ ᠠᠪᠴᠢᠷᠠᠵᠤ᠂ | ᠵᠢᠯ ᠳᠤ 24 ᠲᠦᠮᠡᠨ ᠲᠣᠨ ᠠᠵᠤ ᠦᠢᠯᠡᠳᠪᠦᠷᠢ ᠶᠢᠨ ᠴᠠᠬᠢᠭᠤᠷ᠂ 2GW ᠤᠨ ᠴᠠᠬᠢᠯᠭᠠᠨ ᠴᠡᠨᠡᠭ ᠤᠨ | ᠲᠣᠨᠣᠭᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠡᠷᠡᠯ ᠸᠤᠯᠲ ᠤᠨ ᠣᠷᠴᠢᠯ ᠠᠵᠤ | ᠠᠬᠤᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ᠎ᠠ᠃ ᠮᠠᠯ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ 3 ᠲᠦᠮᠡᠨ ᠲᠣᠨ ᠤ ᠲᠦᠮᠦᠰᠦᠨ ᠰᠢᠷᠬᠢᠭ᠂ 1 ᠲᠦᠮᠡᠨ ᠲᠣᠨ | ᠤ ᠪᠦᠷᠢᠨ ᠨᠤᠨᠲᠠᠭ ᠤᠨ ᠢᠵᠢ ᠪᠦᠷᠢᠯᠳᠦᠯ ᠵᠢᠴᠢ 2000 ᠲᠣᠨ ᠤ ᠲᠥᠮᠥᠰᠥᠨ ᠤ ᠨᠤᠬᠤᠰᠢ ᠶᠢᠨ ᠲᠥᠷᠥᠯ | ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠲᠥᠮᠥᠰᠥ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 65% ᠠᠴᠠ | ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠪᠠᠷᠢᠮᠵᠢᠶᠠᠲᠤ ᠬᠢᠮᠢ ᠶᠢᠨ ᠦᠢᠯᠡᠳᠪᠦᠷᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠬᠡᠷ ᠬᠤᠨᠢᠨ ᠮᠢᠬ᠎ᠠ᠂ ᠬᠤᠨᠢ ᠢᠮᠠᠭᠠᠨ ᠤ ᠲᠠᠪᠤᠨ ᠴᠤᠯᠤ ᠶᠢᠨ | ᠢᠳᠡᠭᠡᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠳᠥᠷᠪᠡᠳ ᠬᠤᠰᠢᠭᠤᠨ ᠤ ᠦᠪᠡᠷᠮᠢᠴᠡ ᠣᠨᠴᠠᠯᠢᠭᠲᠤ | ᠤᠷᠢᠳᠴᠢᠯᠠᠨ ᠦᠢᠯᠡᠳᠦᠭᠰᠡᠨ ᠨᠣᠭᠤᠭ᠎ᠠ ᠶᠢᠨ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠨᠥᠯᠥᠭᠡ ᠶᠢ ᠥᠷᠭᠡᠳᠭᠡᠨ᠎ᠡ᠃ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ᠂ ᠰᠣᠶᠣᠯ᠂ ᠠᠵᠤ ᠦᠢᠯᠡᠳᠪᠦᠷᠢ᠂ ᠵᠢᠭᠤᠯᠴᠢᠯᠠᠯ ᠤᠨ | ᠠᠭᠤᠰᠤᠯᠴᠠᠯ ᠢ ᠭᠦᠨᠵᠡᠭᠡᠶᠢᠷᠡᠭᠦᠯᠦᠨ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠰᠢᠯᠢᠳᠡᠭᠵᠢᠭᠦᠯᠵᠦ᠂ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯ ᠨᠢᠭᠤᠴᠠ ᠶᠢ ᠬᠠᠶᠢᠬᠤ᠂ ᠬᠢᠯᠢ ᠬᠢᠵᠠᠭᠠᠷ ᠢ ᠲᠤᠭᠤᠯᠬᠤ᠂ ᠮᠥᠰᠥ ᠴᠠᠰᠤ ᠶᠢ | ᠪᠡᠶᠡᠴᠢᠯᠡᠨ ᠣᠶᠢᠯᠠᠭᠠᠬᠤ ᠵᠡᠷᠭᠡ ᠣᠨᠴᠠᠯᠢᠭᠲᠤ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠲᠠᠯ᠎ᠠ | ᠨᠤᠲᠤᠭ ᠤᠨ ᠰᠣᠶᠣᠯ ᠢ ᠢᠯᠡᠷᠡᠭᠦᠯᠦᠭᠰᠡᠨ᠂ ᠤᠮᠠᠷᠠᠲᠤ ᠬᠢᠯᠢ ᠶᠢᠨ ᠥᠪᠡᠷᠮᠢᠴᠡ ᠣᠨᠴᠠᠯᠢᠭ ᠲᠠᠢ ᠵᠢᠭᠤᠯᠴᠢᠯᠠᠨ | ᠲᠣᠭᠤᠷᠢᠬᠤ᠂ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠭᠡᠭᠡᠨᠲᠠᠯ᠎ᠠ | ᠦᠵᠡᠮᠵᠢ ᠶᠢᠨ ᠣᠷᠣᠨ ᠤ ᠰᠠᠭᠤᠷᠢ ᠲᠦᠬᠦᠬᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ | ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠡᠶᠡᠴᠢᠯᠡᠨ ᠣᠶᠢᠯᠠᠭᠠᠬᠤ | ᠴᠢᠨᠠᠷᠲᠠᠶ ᠪᠠ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠴᠢᠩᠭ᠎ᠠ ᠵᠢᠭᠤᠯᠴᠢᠯᠠᠯ ᠤᠨ ᠲᠥᠷᠥᠯ ᠵᠦᠢᠯ ᠢ ᠢᠳᠡᠪᠬᠢᠲᠡᠶ | ᠨᠡᠭᠡᠭᠡᠨ ᠬᠥᠭᠵᠢᠭᠦᠯᠵᠦ᠂ ᠵᠤᠭᠠᠴᠠᠭᠰᠠᠳ ᠢ ᠲᠠᠲᠠᠬᠤ ᠬᠦᠴᠦᠨ ᠢ ᠳᠡᠭᠡᠭᠰᠢᠯᠡᠭᠦᠯᠦᠨ᠂ ᠦᠵᠡᠮᠵᠢ ᠶᠢᠨ ᠣᠷᠣᠨ ᠤ | ᠲᠠᠰ ᠳᠡᠪᠰᠢᠬᠦ ᠶᠢ ᠠᠬᠢᠭᠤᠯᠤᠨ᠎ᠠ᠃ ᠨᠤᠮᠤᠭᠠᠨ ᠠᠭᠤᠯᠠ ᠶᠢᠨ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ | ᠬᠥᠭᠵᠢᠭᠦᠯᠦᠯᠲᠡ᠂ ᠨᠤᠮᠤᠭᠠᠨ ᠲᠡᠮᠡᠭᠡᠨ ᠤ ᠵᠢᠵᠢᠭ ᠪᠠᠯᠭᠠᠰᠤᠨ ᠤ ᠲᠥᠷᠥᠯ ᠵᠦᠢᠯ ᠢ ᠪᠡᠶᠡᠯᠡᠭᠦᠯᠵᠦ᠂ | ᠵᠢᠭᠤᠯᠴᠢᠯᠠᠯ ᠤᠨ ᠰᠢᠨ᠎ᠡ ᠭᠠᠵᠠᠷ ᠤᠨ ᠲᠡᠮᠳᠡᠭ ᠢ ᠪᠥᠬᠦ ᠲᠠᠯ᠎ᠠ ᠪᠠᠷ ᠪᠠᠶᠢᠭᠤᠯᠤᠨ᠎ᠠ᠃ ᠬᠥᠳᠡᠭᠡ ᠲᠣᠰᠬᠤᠨ ᠤ | ᠵᠤᠭᠠᠴᠠᠯ ᠢ ᠶᠡᠬᠡᠪᠡᠷ ᠬᠥᠭᠵᠢᠭᠦᠯᠵᠦ᠂ ᠲᠡᠬᠡᠳᠦ ᠲᠡᠰ ᠤᠨ ᠲᠠᠷᠢᠶᠠᠴᠢᠨ ᠠᠶᠢᠯ ᠤᠨ ᠵᠤᠭᠠᠴᠠᠯ᠂ ᠮᠠᠯᠴᠢᠨ ᠠᠶᠢᠯ ᠤᠨ | ᠵᠤᠭᠠᠴᠠᠯ ᠪᠣᠯᠤᠨ ᠠᠷᠠᠳ ᠤᠨ ᠣᠷᠣᠨ ᠰᠠᠭᠤᠴᠠ ᠶᠢ ᠰᠢᠨᠡᠳᠬᠡᠨ ᠪᠠᠶᠢᠭᠤᠯᠵᠤ᠂ ᠲᠣᠭᠤᠷᠢᠨ ᠦᠵᠡᠬᠦ᠂ | ᠲᠠᠷᠢᠶᠠᠯᠠᠩ ᠤᠨ ᠶᠠᠪᠤᠳᠠᠯ ᠢ ᠪᠡᠶᠡᠴᠢᠯᠡᠬᠦ᠂ ᠰᠤᠳᠤᠯᠤᠨ ᠰᠤᠷᠤᠯᠴᠠᠬᠤ ᠦᠢᠯᠡᠳᠦᠯᠭᠡ ᠵᠡᠷᠭᠡ ᠲᠦᠷᠦᠯ ᠵᠦᠢᠯ ᠢ | ᠢᠳᠡᠪᠬᠢᠳᠠᠢ ᠠᠬᠢᠭᠤᠯᠤᠨ᠂ ᠠᠷᠠᠳ ᠤᠯᠠᠨ ᠳᠤ ᠵᠢᠭᠤᠯᠴᠢᠯᠠᠯ ᠤᠨ ᠲᠦᠬᠦᠮ ᠢ ᠡᠳ᠋ᠯᠡᠬᠦᠯᠦᠨ᠂ ᠵᠢᠭᠤᠯᠴᠢᠯᠠᠯ ᠤᠨ | ᠤᠷᠤᠯᠭ᠎ᠠ ᠶᠢ ᠨᠡᠮᠡᠭᠳᠡᠬᠦᠯᠦᠨ᠎ᠡ᠃ ᠨᠠᠭᠠᠳᠤᠮ ᠤᠨ ᠬᠤᠷᠠᠯ᠂ ᠳᠠᠭᠤᠤ ᠬᠥᠭᠵᠢᠮ ᠤᠨ ᠨᠠᠶᠢᠷ᠂ ᠠᠮᠲᠠᠲᠤ ᠢᠳᠡᠭᠡᠨ ᠤ | ᠪᠠᠶᠠᠷ ᠵᠡᠷᠭᠡ ᠵᠣᠬᠢᠬᠤ ᠨᠥᠯᠥᠭᠡᠯᠡᠬᠦ ᠬᠦᠴᠦᠨ ᠲᠠᠢ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠩ ᠣᠯᠠᠨ ᠴᠢᠬᠤᠯᠠ ᠬᠤᠷᠠᠯ᠂ ᠤᠷᠤᠯᠳᠤᠭᠠᠨ ᠤ ᠶᠠᠪᠤᠳᠠᠯ ᠪᠠ ᠨᠦᠯᠦᠭᠡ | ᠶᠡᠭᠡ ᠬᠦᠳᠡᠯᠭᠡᠭᠡᠨ ᠢ ᠳᠠᠭᠠᠭᠠᠨ ᠡᠷᠭᠢᠯᠡᠬᠦ ᠡᠷᠬᠡ ᠶᠢ ᠴᠢᠷᠮᠠᠶᠢᠨ ᠣᠯᠵᠤ᠂ ᠦᠢᠯᠡᠴᠢᠯᠡᠭᠡᠨ ᠤ ᠲᠠᠰ ᠳᠡᠪᠰᠢᠬᠦ᠂ ᠵᠠᠮ | ᠱᠤᠭᠤᠮ ᠢ ᠰᠢᠯᠢᠳᠡᠭᠵᠢᠭᠦᠯᠬᠦ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠡᠷᠭᠡ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ︽ᠥᠯᠵᠡᠶᠢᠲᠦ ᠲᠠᠯ᠎ᠠ ᠨᠤᠲᠤᠭ · ᠬᠤᠪᠢᠯᠭᠠᠨ ᠣᠩᠭᠤᠴᠠ ᠶᠢᠨ ᠬᠡᠷ ᠣᠷᠣᠨ︾ ᠤ | ᠠᠯᠳᠠᠷᠰᠢᠯ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠨ᠂ 2024 ᠣᠨ ᠳᠤ | ᠵᠢᠭᠤᠯᠴᠢᠯᠠᠯ ᠤᠨ ᠬᠥᠮᠦᠨ ᠤ ᠲᠤᠭ᠎ᠠ ᠶᠢ 15% ᠠᠴᠠ ᠳᠡᠭᠡᠭᠰᠢ ᠨᠡᠮᠡᠭᠳᠡᠭᠦᠯᠵᠦ᠂ ᠵᠢᠭᠤᠯᠴᠢᠯᠠᠯ ᠤᠨ ᠣᠷᠣᠯᠭ᠎ᠠ ᠶᠢ | 35% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠵᠠᠭᠤᠨ ᠳ᠋ᠦᠩᠰᠢᠭᠤᠷ ᠲᠥᠭᠦᠷᠢᠭ ᠤᠨ ᠦᠢᠯᠡᠳᠬᠦᠨ ᠤ | ᠥᠷᠲᠡᠭ ᠢ ᠴᠢᠷᠮᠠᠶᠢᠨ ᠪᠠᠶᠠᠯᠡᠬᠦᠯᠦᠨ᠎ᠡ᠃ | ᠠᠷᠠᠯᠵᠢᠶ᠎ᠠ ᠬᠤᠳᠠᠯᠳᠤᠭᠠᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠥᠪᠡᠷᠲᠡᠭᠡᠨ ᠵᠠᠰᠠᠬᠤ ᠣᠷᠣᠨ ᠤ ︽ | ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠬᠡᠷᠡᠭᠵᠢᠭᠦᠯᠬᠦ ᠪᠠᠷ ᠠᠵᠠ ᠲᠣᠬᠢᠶᠠᠯ | ᠪᠣᠯᠭᠠᠵᠤ᠂ ᠭᠠᠳᠠᠭᠰᠢ ᠨᠡᠭᠡᠭᠡᠯᠲᠡ ᠬᠢᠬᠦ ᠴᠢᠳᠠᠮᠵᠢ ᠪᠠ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ | ᠭᠦᠸᠧ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠂ ᠤᠯᠤᠰ ᠪᠠ ᠡᠯ᠎ᠡ ᠮᠤᠵᠢ ᠶᠢᠨ ᠭᠤᠤᠯ ᠵᠠᠮ ᠱᠤᠭᠤᠮ ᠤᠨ ᠭᠤᠤᠯᠳᠠᠯᠭ᠎ᠠ ᠲᠠᠢ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠰᠢᠶᠠᠨ ᠬᠤᠲᠠ ᠶᠢ ᠪᠠᠶᠢᠭᠤᠯᠵᠤ᠂ ᠳᠥᠷᠪᠡᠳ ᠬᠤᠰᠢᠭᠤ ᠶᠢ | ᠰᠢᠨᠵᠢᠶᠠᠩ∣ᠬᠠᠷᠠᠮᠥ᠋ᠷᠡᠨ ᠢ ᠬᠤᠯᠪᠤᠯᠳᠠᠭᠤᠯᠬᠤ ᠠᠷᠠᠯᠵᠢᠶ᠎ᠠ ᠭᠦᠢᠯᠭᠡᠭᠡᠨ ᠤ ᠲᠦᠪᠯᠡᠷᠡᠭᠦᠯᠵᠤ ᠲᠠᠷᠬᠠᠭᠠᠬᠤ ᠲᠦᠪ | ᠪᠤᠯᠭᠠᠨ ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ | ᠬᠡᠯᠬᠢᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠱᠧᠨ ᠵᠧᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠲᠣᠭᠲᠠᠭᠤᠨ᠂ ᠥᠨᠳᠥᠷ ᠪᠦᠲᠦᠮᠵᠢᠲᠡᠶ᠂ ᠥᠪᠡᠷ ᠤᠨ ᠥᠷᠲᠡᠭ ᠢᠶᠠᠷ ᠳᠣᠤᠷ᠎ᠠ | ᠡᠷᠬᠢᠯᠳᠡᠳᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠤᠷ ᠰᠦᠯᠵᠢᠶ᠎ᠡ ᠶᠢ ᠪᠥᠬᠦ ᠬᠦᠴᠦᠨ ᠢᠶᠠᠷ ᠢᠶᠠᠨ | ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠭᠡᠭᠰᠢᠯᠡᠬᠦ ᠬᠥᠳᠡᠯᠭᠡᠬᠦ ᠬᠦᠴᠦᠨ | ᠵᠢᠴᠢ ᠠᠵᠤ ᠦᠢᠯᠡᠰ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠬᠡᠷᠡᠭᠯᠡᠭᠡ ᠶᠢ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ | ᠢᠳᠡᠪᠬᠢᠲᠡᠶ ᠬᠥᠲᠥᠯᠥᠨ ᠵᠢᠯᠣᠭᠤᠳᠴᠤ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠦᠷᠨᠢᠭᠦᠯᠦᠨ᠂ | ᠪᠠᠯᠭᠠᠰᠤᠨ ᠤ ᠳᠣᠲᠣᠷᠠᠬᠢ ᠡᠯ᠎ᠡ ᠶᠡᠭᠡ ᠲᠠᠯᠠᠪᠠᠶ᠂ ᠠᠮᠲᠠᠲᠤ ᠢᠳᠡᠭᠡᠨ ᠤ ᠵᠡᠭᠡᠯᠢ᠂ ᠬᠤᠨᠢᠨ ᠤ ᠲᠠᠪᠤᠨ ᠴᠤᠯᠤ ᠶᠢᠨ | ᠵᠡᠭᠡᠯᠢ᠂ ᠱᠢ ᠵᠢᠩ᠂ ᠤᠯᠤᠰ ᠤᠨ ᠠᠷᠠᠯᠵᠢᠶ᠎ᠠ᠂ ᠧᠦ ᠢ ᠭᠧᠦ ᠵᠡᠷᠭᠡ ᠬᠤᠳᠠᠯᠳᠤᠭᠠᠨ ᠤ ᠲᠣᠭᠤᠷᠢᠭ ᠲᠤ ᠲᠦᠰᠢᠭᠯᠡᠨ | ᠂ ᠨᠢᠭᠡ ᠪᠦᠯᠦᠭ ︽ᠰᠥᠨᠢ ᠶᠢᠨ ᠠᠵᠤ ᠠᠬᠤᠶ︾ ᠶᠢᠨ ᠭᠠᠵᠠᠷ ᠣᠷᠣᠨ ᠤ ᠲᠡᠮᠳᠡᠭ ᠲᠠᠢ ᠭᠠᠵᠠᠷ ᠢ ᠪᠠᠶᠢᠭᠤᠯᠵᠤ᠂ | ᠬᠤᠲᠠ ᠪᠠᠯᠭᠠᠰᠤᠨ ᠤ ᠠᠷᠠᠯᠵᠢᠶᠠᠨ ᠤ ᠪᠠᠶᠢᠳᠠᠯ ᠢ ᠬᠦᠭᠵᠢᠭᠡᠨ᠎ᠡ᠃ ᠰᠢᠨ᠎ᠡ ᠬᠡᠯᠪᠡᠷᠢ ᠶᠢᠨ ᠬᠡᠷᠡᠭᠯᠡᠭᠡ ᠶᠢ | ᠪᠤᠵᠠᠭᠠᠶᠢᠷᠠᠭᠤᠯᠵᠤ᠂ ᠰᠢᠭᠤᠳ ᠨᠡᠪᠲᠡᠷᠡᠭᠦᠯᠬᠦ ᠡᠯᠧᠺᠲᠷᠤᠨ ᠬᠤᠳᠠᠯᠳᠤᠭ᠎ᠠ᠂ ᠰᠦᠯᠵᠢᠶᠡᠨ ᠴᠤᠤᠳᠠᠨ ᠤ ᠠᠵᠤ | ᠠᠬᠤᠢ ᠶᠢ ᠬᠦᠴᠦᠯᠡᠨ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠬᠠᠶᠢᠨ ᠰᠦᠪᠡᠭᠴᠢᠯᠡᠨ᠎ᠡ᠃ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠠᠵᠤ ᠠᠬᠤᠶ ᠶᠢ | ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠤᠨ | ᠪᠦᠲᠦᠭᠡᠭᠳᠡᠬᠦᠨ ᠢ ᠬᠤᠲᠠ ᠣᠷᠣᠭᠤᠯᠬᠤ᠂ ᠡᠯᠧᠺᠲᠷᠤᠨ ᠬᠤᠳᠠᠯᠳᠤᠭᠠᠨ ᠤ ᠲᠦᠷᠭᠡᠨ ᠬᠦᠷᠭᠡᠯᠲᠡ ᠶᠢ | ᠬᠠᠮᠵᠢᠯᠴᠠᠭᠤᠯᠤᠨ ᠲᠣᠰᠬᠤᠨ ᠳᠤ ᠣᠷᠣᠭᠤᠯᠬᠤ ᠶᠢ ᠠᠬᠢᠭᠤᠯᠵᠤ᠂ ᠬᠤᠲᠠ ᠬᠥᠳᠡᠭᠡ ᠶᠢᠨ ᠦᠢᠯᠡᠳᠪᠦᠷᠢᠯᠡᠯ ᠪᠠ | ᠬᠡᠷᠡᠭᠯᠡᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ 5 ᠡᠯᠧᠺᠲᠷᠤᠨ ᠬᠤᠳᠠᠯᠳᠤᠭᠠᠨ ᠤ ᠵᠢᠱᠢᠶ᠎ᠡ | ᠦᠵᠡᠭᠦᠯᠬᠦ ᠰᠢᠶᠠᠩ ᠪᠠᠯᠭᠠᠰᠤ᠂ 10 ᠵᠢᠱᠢᠶ᠎ᠡ ᠦᠵᠡᠭᠦᠯᠬᠦ ᠲᠣᠰᠬᠤᠨ᠂ 100 ᠵᠢᠱᠢᠶ᠎ᠡ ᠦᠵᠡᠭᠦᠯᠬᠦ ᠡᠷᠦᠬᠡ ᠶᠢ ᠪᠣᠶ | ᠪᠣᠯᠭᠠᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠲᠡᠭᠡᠷ᠎ᠡ ᠵᠢᠵᠢᠭᠯᠡᠨ ᠬᠤᠳᠠᠯᠳᠤᠬᠤ ᠬᠡᠮᠵᠢᠶ᠎ᠡ ᠶᠢ | 1 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ | ᠲᠤᠭ᠎ᠠ ᠶᠢ 10 ᠳ᠋ᠦᠩᠰᠢᠭᠤᠷ ᠲᠥᠭᠦᠷᠢᠭ ᠲᠠᠪᠠᠭᠤᠯᠤᠨ᠂ ᠪᠦᠬᠦ ᠬᠤᠰᠢᠭᠤ ᠪᠠᠷ ᠢᠶᠠᠨ ᠢᠳᠡᠪᠬᠢᠳᠠᠢ ᠬᠦᠳᠡᠯᠦᠯᠴᠡᠵᠦ᠂ | ᠵᠠᠬ᠎ᠠ ᠳᠡᠯᠭᠡᠭᠦᠷ ᠢ ᠠᠮᠢᠳᠤᠯᠢᠭ ᠪᠤᠯᠭᠠᠨ᠂ ᠬᠡᠷᠡᠭᠯᠡᠭᠡ ᠶᠢ ᠬᠥᠭᠵᠢᠶᠡᠨᠲᠡᠶ ᠪᠤᠯᠭᠠᠨ᠎ᠠ᠃ | ︵ᠭᠤᠷᠪᠠ︶ ᠤᠷᠲᠤ ᠬᠤᠭᠤᠴᠠᠭ᠎ᠠ ᠪᠠᠷ ᠪᠦᠲᠦᠮᠵᠢᠲᠡᠢ ᠰᠡᠷᠭᠡᠶᠢᠯᠡᠨ ᠵᠠᠰᠠᠬᠤ ᠶᠢ ᠪᠠᠶᠢᠩᠭᠤᠵᠢᠭᠤᠯᠵᠤ᠂ | ᠴᠢᠳᠠᠮᠵᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ | ᠳᠠᠪᠠᠭᠤᠯᠢᠭ ᠪᠤᠯᠭᠠᠨ ᠬᠤᠪᠢᠷᠠᠭᠤᠯᠬᠤ ᠪᠠᠷ ᠴᠢᠷᠮᠠᠶᠢᠨ᠎ᠠ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠨᠤᠯᠬᠤᠨ ᠢ | ᠪᠠᠷᠢᠮᠲᠠᠯᠠᠨ᠂ ᠨᠡᠭᠦᠷᠡᠰᠦᠲᠥ᠋ᠷᠥᠭᠴᠢ ᠶᠢ ᠪᠠᠭᠠᠰᠬᠠᠵᠤ᠂ ᠪᠣᠬᠢᠷᠲᠤᠯ ᠢ ᠲᠤᠷᠤᠭᠰᠢᠯᠠᠭᠤᠯᠤᠨ᠂ ᠨᠣᠭᠤᠭᠠᠷᠠᠭᠤᠯᠤᠯᠲᠠ ᠶᠢ | ᠦᠷᠭᠡᠳᠭᠡᠵᠤ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠪᠣᠯᠤᠨ ᠡᠬᠢ ᠪᠠᠶᠠᠯᠢᠭ ᠤᠨ ᠠᠰᠢᠭᠯᠠᠯᠲᠠ ᠶᠢᠨ | ᠳᠡᠭᠡᠳᠦ ᠱᠤᠭᠤᠮ ᠢ ᠡᠷᠡᠰ ᠰᠠᠬᠢᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ | ᠪᠠᠬᠢᠵᠢᠭᠦᠯᠦᠨ᠎ᠡ᠃ | ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ | ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ᠂ ᠦᠪᠡᠷᠳᠡᠭᠡᠨ ᠵᠰᠠᠬᠤ ᠤᠷᠤᠨ ᠤ ᠤᠷᠴᠢᠨ | ᠠᠬᠤᠢ ᠶᠢᠨ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠠᠵᠢᠯ ᠢ ᠰᠠᠶᠢᠳᠤᠷ ᠬᠢᠨ᠎ᠡ᠃ ᠭᠤᠤᠯ ᠮᠦᠷᠡᠨ ᠨᠠᠭᠤᠷ ᠤᠨ | ᠠᠮᠢ ᠠᠬᠤᠢ ᠶᠢᠨ ᠤᠷᠴᠢᠨ ᠤ ᠶᠡᠷᠦᠩᠭᠡᠢ ᠵᠠᠰᠠᠯᠳᠠ ᠶᠢ ᠢᠳᠡᠪᠬᠢᠳᠠᠢ ᠵᠠᠰᠠᠵᠤ᠂ ᠲᠠᠪᠤᠨ ᠬᠠᠨ ᠭᠤᠤᠯ ᠤᠨ | ᠤᠷᠤᠰᠬᠠᠯ ᠤᠨ ᠵᠠᠰᠠᠯᠳᠠ ᠶᠢᠨ ᠲᠦᠷᠦᠯ ᠵᠦᠢᠯ ᠢ ᠪᠠᠶᠢᠭᠤᠯᠤᠨ᠎ᠠ᠃ ᠮᠠᠯ ᠪᠡᠯᠴᠢᠭᠡᠷ ᠤᠨ ᠲᠡᠩᠴᠡᠭᠦᠷᠢ᠂ | ᠪᠡᠯᠴᠢᠭᠡᠷᠯᠡᠭᠦᠯᠬᠦ ᠶᠢ ᠵᠤᠭᠰᠤᠭᠠᠬᠤ ᠪᠠ ᠪᠡᠯᠴᠢᠭᠡᠷ ᠢ ᠬᠤᠷᠢᠵᠤ ᠰᠡᠷᠭᠦᠭᠡᠬᠦ ᠲᠦᠷᠢᠮ᠂ ᠪᠡᠯᠴᠢᠭᠡᠷ ᠤᠨ ᠲᠠᠭᠠᠭᠠᠯᠳᠠ | ᠶᠢᠨ ᠬᠡᠮᠵᠢᠶ᠎ᠡ ᠶᠢ ᠬᠢᠵᠠᠭᠠᠷᠯᠠᠬᠤ ᠶᠢ ᠴᠢᠩᠭ᠎ᠠ ᠬᠡᠷᠡᠭᠵᠢᠭᠦᠯᠦᠨ᠎ᠡ᠃ ︽ᠭᠤᠷᠪᠠᠨ ᠤᠮᠠᠷᠠᠳᠤ︾ ᠶᠢᠨ ᠢᠨᠵᠧᠨᠧᠷᠢᠩ ᠢ | ᠬᠦᠨᠵᠡᠬᠡᠢ ᠬᠡᠷᠡᠭᠵᠢᠬᠦᠯᠦᠨ᠂ ᠬᠠᠳᠤᠨ ᠭᠤᠤᠯ ᠤᠨ ︽几 ᠦᠰᠦᠭᠳᠦ︾ ᠪᠤᠭᠤᠮᠳᠠ ᠰᠢᠪᠳᠤᠯᠬᠤ ᠲᠠᠶᠢᠯᠠᠯᠳᠤᠭᠠᠨ ᠢ | ᠪᠦᠬᠦ ᠲᠠᠯ᠎ᠠ ᠪᠠᠷ ᠰᠠᠶᠢᠳᠤᠷ ᠴᠤᠬᠢᠵᠤ᠂ ᠪᠠᠶᠢᠭᠠᠯᠢᠯᠢᠭ ᠤᠢ ᠪᠠ ᠬᠦᠮᠦᠨ ᠤ ᠬᠦᠴᠦ ᠪᠠᠷ ᠤᠶᠢᠵᠢᠭᠤᠯᠤᠭᠰᠠᠨ ᠤᠢ | ᠶᠢ 8.9 ᠲᠦᠮᠡᠨ ᠮᠦ ᠨᠡᠮᠡᠭᠳᠡᠭᠦᠯᠦᠨ᠂ ᠲᠠᠯ᠎ᠠ ᠨᠤᠳᠤᠭ ᠤᠨ ᠠᠮᠢ ᠠᠬᠤᠢ ᠶᠢᠨ ᠰᠡᠷᠭᠦᠭᠡᠯᠳᠡ ᠶᠢᠨ ᠡᠭᠦᠷᠭᠡ ᠶᠢ 12 | ᠲᠦᠮᠡᠨ ᠮᠦ ᠶᠠᠪᠤᠭᠳᠠᠭᠤᠯᠵᠤ᠂ ᠬᠠᠷᠭᠠᠨ᠎ᠠ ᠶᠢᠨ ᠡᠪᠡᠰᠦᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠤᠨ᠎ᠠ᠃ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠪᠠ ᠬᠡᠷᠡᠯ ᠴᠠᠬᠢᠯᠭᠠᠨ ᠢ ᠨᠢᠭᠡ ᠴᠤᠭᠴᠠᠵᠢᠭᠤᠯᠬᠤ ᠲᠦᠷᠦᠯ | ᠵᠦᠢᠯ ᠢ ᠢᠳᠡᠪᠬᠢᠳᠠᠢ ᠠᠬᠢᠭᠤᠯᠵᠦ᠂ ᠡᠯᠡᠰᠦᠷᠬᠡᠭᠵᠢᠯ ᠬᠦᠨᠳᠦ ᠨᠤᠴᠢᠳᠠᠢ ᠭᠠᠵᠠᠷ ᠲᠤ ᠬᠡᠷᠡᠯ ᠴᠠᠬᠢᠯᠭᠠᠨ ᠤ ᠲᠦᠷᠦᠯ | ᠵᠤᠶᠢᠯ ᠢ ᠢᠳᠠᠪᠬᠢᠳᠠᠢ ᠰᠦᠪᠡᠭᠴᠢᠯᠡᠨ ᠡᠷᠢᠯᠬᠢᠯᠠᠵᠦ᠂ ᠠᠮᠢ ᠠᠬᠤᠢ ᠶᠢ ᠬᠤᠪᠢᠷᠠᠭᠤᠯᠬᠤ ᠵᠠᠮ ᠢ ᠪᠦᠬᠦ ᠲᠠᠯ᠎ᠠ ᠪᠠᠷ | ᠦᠷᠭᠡᠳᠬᠡᠵᠤ᠂ ᠤᠯᠤᠰ ᠤᠨ ᠲᠡᠰ ᠤᠨ ︽ ᠬᠤᠶᠠᠷ ᠠᠭᠤᠯᠠ︾ ᠦᠢᠯᠡᠳᠦᠯᠭᠡᠵᠢᠭᠦᠯᠦᠨ ᠰᠢᠨᠡᠳᠬᠡᠬᠦ ᠰᠢᠨ᠎ᠡ | ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠦ᠂ ᠠᠮᠢ ᠠᠬᠤᠢ ᠶᠢᠨ ᠰᠠᠭᠤᠷᠢ ᠶᠢ ᠪᠠᠬᠢᠵᠢᠬᠦᠯᠦᠨ᠂ ᠦᠵᠡᠰᠬᠦᠯᠡᠩᠳᠦ | ᠰᠠᠶᠢᠬᠠᠨ ᠬᠠᠭᠤᠳᠠᠰᠦ ᠶᠢ ᠵᠢᠷᠤᠭᠯᠠᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠨᠡᠭᠦᠷᠡᠰᠦ ᠶᠢ | ᠪᠠᠭᠠᠰᠬᠠᠬᠤ᠂ ᠲᠣᠭᠤᠰᠣ ᠶᠢ ᠲᠠᠷᠤᠬᠤ᠂ ᠡᠬᠢ ᠰᠤᠷᠪᠤᠯᠵᠢ ᠶᠢ ᠡᠵᠡᠮᠳᠡᠬᠦ᠂ ᠲᠡᠷᠭᠡ ᠬᠠᠮᠢᠶᠠᠷᠬᠤ᠂ ᠰᠢᠲᠠᠭᠠᠬᠤ ᠶᠢ | ᠴᠠᠭᠠᠵᠠᠯᠠᠬᠤ︾ ᠪᠠᠷ ᠭᠤᠤᠯ ᠪᠣᠯᠭᠠᠭᠰᠠᠨ ᠨᠠᠷᠢᠯᠢᠭ ᠬᠠᠮᠢᠶᠠᠷᠤᠯᠳᠠ ᠶᠢ ᠦᠷᠭᠦᠯᠵᠢᠯᠡᠨ ᠥᠷᠨᠢᠭᠦᠯᠵᠦ᠂ ᠠᠭᠠᠷ ᠤᠨ | ᠴᠢᠨᠠᠷ ᠴᠢᠨᠰᠠᠭ᠎ᠠ ᠶᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ︽ | ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ ᠭᠦᠨᠵᠡᠭᠡᠶ ᠨᠠᠶᠢᠳᠠᠪᠤᠷᠢᠵᠢᠭᠤᠯᠵᠤ᠂ ︽ | ᠳᠥᠷᠪᠡᠨ ᠡᠮᠬᠢ ᠲᠢᠭᠯᠢᠮ ᠦᠭᠡᠢ︾ ᠶᠢ ᠰᠢᠢᠳᠪᠦᠷᠢᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠶᠠᠪᠤᠭᠳᠠᠭᠤᠯᠤᠨ᠎ᠠ᠃ | ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠳᠬᠠᠵᠤ᠂ | ᠬᠢᠮᠢ ᠶᠢᠨ ᠪᠣᠷᠳᠣᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠶᠢ ᠬᠡᠷᠡᠭᠯᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ | ᠃ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ᠂ ᠲᠠᠷᠢᠶᠠᠯᠠᠩ ᠬᠥᠳᠡᠭᠡ ᠲᠣᠰᠬᠤᠨ ᠤ | ᠬᠠᠶᠠᠭᠳᠠᠮᠠᠯ ᠪᠣᠳᠠᠰ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠬᠡᠮᠵᠢᠶ᠎ᠡ ᠶᠢ | ᠪᠠᠭᠠᠰᠬᠠᠬᠤ ᠪᠠ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠠᠭᠤᠷᠬᠠᠢ ᠶᠢᠨ ᠵᠠᠰᠠᠯᠳᠠ ᠪᠠ ᠠᠮᠢ ᠠᠬᠤᠢ | ᠶᠢᠨ ᠰᠡᠷᠬᠦᠬᠡᠯᠳᠠ ᠶᠢ ᠰᠠᠶᠢᠲᠤᠷ ᠬᠢᠨ᠎ᠡ᠃ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ ᠭᠠᠳᠠᠭᠰᠢᠯᠠᠭᠤᠯᠬᠤ᠂ | ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠬᠦ᠂ ᠬᠠᠤᠯᠢ ᠪᠤᠰᠤ ᠪᠠᠷ ᠠᠭᠤᠷᠬᠠᠶ ᠮᠠᠯᠲᠠᠬᠤ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ︽ᠬᠥᠬᠡ ᠣᠭᠲᠠᠷᠭᠤᠶ ᠳᠤ ᠣᠳᠣᠨ ᠮᠡᠴᠢᠳ | ᠭᠢᠯᠠᠯᠵᠠᠬᠤ︾ ᠪᠠᠶᠢᠳᠠᠯ ᠢ ᠪᠠᠶᠢᠩᠭᠤ ᠢᠯᠡᠷᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠠᠷ ᠠᠶᠠᠨ ᠤ | ᠰᠢᠪᠠᠭᠤᠳ ᠨᠡᠬᠦᠳᠡᠯᠯᠡᠬᠦ︾ ᠪᠠᠶᠢᠳᠠᠯ ᠢ ᠦᠷᠭᠦᠯᠵᠢ ᠬᠠᠷᠠᠬᠤ ᠪᠤᠯᠤᠨ᠎ᠠ᠃ | ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠢ ᠶᠢᠨ ᠴᠢᠳᠠᠮᠵᠢ ᠶᠢᠨ ᠣᠷᠣᠨ ᠤ ᠲᠦᠷᠦ ᠶᠢᠨ | ᠪᠤᠳᠤᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠲᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠦᠷᠳᠡᠭ ᠢ | ᠢᠯᠡᠷᠡᠭᠦᠯᠦᠭᠰᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠬᠦᠯᠵᠤ᠂ | ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠶᠢ ᠰᠦᠪᠡᠭᠴᠢᠯᠡᠨ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ | ᠲᠥᠷᠥᠯ ᠤᠨ ᠠᠷᠢᠭᠤᠨ ᠴᠡᠪᠡᠷ ᠦᠢᠯᠡᠳᠪᠦᠷᠢᠯᠡᠬᠦ ᠡᠷᠴᠢᠮ ᠢ ᠨᠡᠮᠡᠭᠳᠡᠭᠦᠯᠦᠨ᠂ ᠠᠷᠢᠭᠤᠨ ᠴᠡᠪᠡᠷ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ | ᠴᠢᠩᠭ᠎ᠠ ᠬᠡᠷᠡᠭᠵᠢᠭᠦᠯᠵᠦ᠂ ᠤᠯᠠᠭᠠᠨᠬᠤᠸᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠣᠷᠣᠨ ᠪᠦᠰᠡ ᠶᠢᠨ | ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠴᠡᠪᠡᠷᠰᠢᠭᠦᠯᠦᠭᠰᠡᠨ ᠤᠰᠤ ᠶᠢ | ᠡᠭᠡᠭᠦᠯᠦᠨ ᠬᠡᠷᠡᠭᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠤᠰᠤ | ᠠᠷᠪᠢᠯᠠᠵᠤ ᠬᠡᠷᠡᠭᠯᠡᠬᠦ ᠶᠢ ᠠᠬᠢᠭᠤᠯᠤᠨ᠎ᠠ᠃ ᠪᠣᠬᠢᠷᠲᠤᠯ ᠥᠬᠡᠶ ᠶᠠᠪᠤᠵᠤ ᠰᠠᠭᠤᠬᠤ ᠶᠢ ᠰᠤᠷᠲᠠᠯᠴᠢᠯᠠᠵᠤ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ | ᠪᠠᠶᠢᠷᠢᠰᠢᠭᠤᠯᠵᠤ᠂ ᠲᠥᠪᠯᠡᠷᠡᠩᠭᠦᠶ ᠮᠠᠶ᠋ᠢᠭ ᠤᠨ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠣᠬᠢᠷᠲᠤᠯ ᠥᠬᠡᠶ ᠶᠠᠪᠤᠵᠤ ᠰᠠᠭᠤᠬᠤ ᠰᠢᠨ᠎ᠡ ᠬᠡᠪ ᠰᠤᠷᠲᠠᠯ ᠢ ᠪᠤᠢ | ᠪᠣᠯᠭᠠᠨ᠎ᠠ᠃ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠷᠠᠳ ᠢᠷᠭᠡᠳ ᠤᠨ | ᠣᠷᠴᠢᠨ ᠲᠣᠭᠤᠷᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠷᠪᠢᠲᠠᠶ᠂ ᠪᠣᠬᠢᠷᠲᠤᠯ ᠥᠬᠡᠶ᠂ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠠᠬᠢᠭᠤᠯᠵᠤ᠂ ᠨᠡᠶᠢᠭᠡᠮ ᠤᠨ ᠰᠠᠶᠢᠨ ᠰᠠᠶᠢᠬᠠᠨ ᠬᠡᠪ | ᠰᠤᠷᠲᠠᠯ ᠢ ᠬᠠᠮᠲᠤ ᠪᠠᠷ ᠪᠣᠶ ᠪᠣᠯᠭᠠᠨ᠎ᠠ᠃ | ︵ᠲᠦᠷᠪᠡ︶ ᠰᠠᠭᠤᠷᠢ ᠶᠢ ᠪᠠᠲᠤᠳᠬᠠᠬᠤ ᠶᠢ ᠴᠦᠬᠦᠷᠡᠰᠢ ᠦᠭᠡᠢ ᠪᠠᠷᠢᠮᠲᠠᠯᠠᠨ᠂ ᠶᠠᠰᠤ ᠴᠢᠨᠠᠷ ᠢ | ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠷᠠᠳ ᠤᠨ ᠰᠡᠳᠬᠢᠯ ᠤᠨ ᠢᠨᠵᠧᠨᠧᠷᠢᠩ | ᠪᠣᠯᠭᠠᠬᠤ ᠪᠠᠷ ᠴᠢᠷᠮᠠᠶᠢᠨ᠎ᠠ᠃ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ | ᠵᠡᠷᠭᠡ ᠪᠠᠷ ᠴᠢᠬᠤᠯᠠᠴᠢᠯᠠᠬᠤ᠂ ᠭᠠᠳᠠᠨ᠎ᠠ ᠲᠤᠳᠤᠨᠠᠬᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ | ᠬᠤᠳᠠ ᠶᠢᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠠᠳᠬᠤᠵᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠳᠠ | ᠬᠥᠳᠡᠭᠡ ᠶᠢ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠵᠣᠯ ᠵᠢᠷᠭᠠᠯᠲᠤ ᠭᠡᠷ ᠣᠷᠣᠨ ᠢ ᠪᠦᠬᠦ | ᠬᠦᠴᠦᠨ ᠢᠶᠠᠷ ᠢᠶᠠᠨ ᠴᠣᠭᠴᠠᠯᠠᠨ᠎ᠠ᠃ | ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠠᠰᠤᠷᠠᠯᠲᠠ ᠦᠭᠡᠢ ᠲᠦᠷᠬᠡᠳᠬᠡᠨ᠂ 4.1 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠯᠠᠭᠠᠨᠬᠤᠸᠠ ᠪᠠᠯᠭᠠᠰᠤᠨ ᠤ ᠶᠢᠨ ᠱᠢ ᠭᠤᠳᠤᠮᠵᠢ ᠶᠢᠨ ᠬᠡᠰᠡᠭ | ᠲᠣᠭᠤᠷᠢᠭ ᠵᠡᠷᠭᠡ 9 ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ 140 ᠭᠠᠷᠤᠢ ᠺᠢᠯᠦᠮᠧᠲᠷ ᠤᠨ | ᠪᠣᠷᠣᠭᠠᠨ ᠤ ᠤᠰᠤᠨ ᠤ ᠬᠤᠭᠤᠯᠠᠢ ᠰᠤᠪᠠᠭ ᠢ ᠰᠢᠨ᠎ᠡ ᠪᠠᠷ ᠪᠠᠶᠢᠭᠤᠯᠤᠨ ᠵᠠᠰᠠᠨ᠎ᠠ᠃ ᠤᠰᠤᠨ ᠰᠤᠷᠪᠤᠯᠵᠢ ᠶᠢ | ᠬᠠᠮᠠᠭᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠨ ᠨᠥᠭᠡᠴᠡᠯᠡᠬᠦ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠤᠯᠠᠭᠠᠨᠬᠤᠸᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠤᠷ ᠢ ᠵᠠᠰᠠᠨ ᠦᠭᠡᠷᠡᠴᠢᠯᠡᠬᠦ | ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠤᠰᠤ ᠬᠠᠩᠭᠠᠬᠤ ᠠᠮᠤᠷ | ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤᠨ ᠤ | ᠣᠷᠴᠢᠨ ᠲᠣᠭᠤᠷᠢᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠭ | ᠨᠣᠪᠰᠢ ᠶᠢ ᠵᠠᠳᠠᠷᠠᠭᠤᠯᠤᠨ ᠬᠡᠶᠢᠵᠢᠭᠦᠯᠬᠦ ᠦᠢᠯᠡᠳᠪᠦᠷᠢ ᠪᠣᠯᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ | ᠬᠤᠶᠠᠳᠤᠭᠠᠷ ᠬᠤᠭᠤᠴᠠᠭᠠᠨ ᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ︽ᠲᠤᠯᠠᠭᠠᠨ | ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠤᠯᠤᠰ ᠤᠨ ᠬᠤᠲᠠ ᠶᠢᠨ ᠬᠤᠭᠤᠯᠠᠶ ᠶᠢᠨ ᠲᠣᠤᠷ ᠢ ᠥᠭᠡᠷᠡᠴᠢᠯᠡᠬᠦ | ᠲᠣᠬᠢᠶᠠᠯ ᠢ ᠡᠵᠡᠮᠳᠡᠨ᠂ ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠢ ᠢᠳᠡᠪᠬᠢᠲᠡᠶ ᠪᠠᠷ | ᠲᠡᠮᠡᠴᠡᠨ ᠣᠯᠵᠤ᠂ ᠳᠤᠯᠠᠭᠠᠯᠭ᠎ᠠ ᠶᠢᠨ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ᠂ ᠨᠥᠬᠦᠪᠥᠷᠢ ᠥᠭᠬᠦ᠂ | ᠪᠤᠴᠠᠭᠠᠨ ᠭᠠᠷᠭᠠᠬᠤ ᠵᠡᠷᠭᠡ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠳᠤᠯᠠᠭᠠᠯᠭ᠎ᠠ ᠶᠢᠨ ᠬᠡᠮᠵᠢᠯᠲᠡ ᠶᠢᠨ | ᠰᠦᠢᠳᠭᠡᠯ ᠬᠤᠷᠢᠶᠠᠬᠤ᠂ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠪᠠᠷ ᠳᠤᠯᠠᠭᠠᠯᠭ᠎ᠠ ᠬᠠᠩᠭᠠᠬᠤ ᠶᠢ | ᠰᠦᠪᠡᠭᠴᠢᠯᠡᠨ ᠬᠡᠷᠡᠭᠵᠢᠭᠦᠯᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠥᠬᠦ ᠬᠦᠴᠦᠨ ᠢᠶᠠᠷ ᠢᠶᠠᠨ | ᠪᠠᠳᠤᠯᠠᠨ᠎ᠠ᠃ ᠬᠤᠲᠠ ᠪᠠᠯᠭᠠᠰᠤᠨ ᠤ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠠᠩᠬᠠᠷᠤᠯ ᠢᠶᠠᠨ ᠲᠦᠪᠯᠡᠷᠡᠭᠦᠯᠦᠨ᠂ ᠵᠠᠮ ᠢ ᠬᠡᠰᠡᠭᠯᠡᠨ ᠬᠤᠪᠢᠶᠠᠵᠤ ︽ | ᠴᠢᠩᠭ᠎ᠠ ᠬᠠᠮᠢᠶᠠᠷᠤᠯᠲᠠ ᠶᠢᠨ ᠵᠡᠭᠡᠯᠢ︾ ᠶᠢᠨ ᠵᠠᠭᠪᠤᠷ ᠢ ᠬᠡᠷᠡᠭᠵᠢᠭᠦᠯᠵᠦ᠂ ᠬᠤᠲᠠ ᠶᠢᠨ ᠳᠦᠷᠰᠦ ᠪᠠᠶᠢᠳᠠᠯ᠂ ᠵᠠᠮ | ᠬᠠᠷᠢᠯᠴᠠᠭᠠᠨ ᠤ ᠡᠮᠬᠢ ᠵᠢᠷᠤᠮ᠂ ᠵᠠᠮ ᠡᠵᠡᠯᠡᠨ ᠡᠵᠡᠩᠨᠡᠬᠦ᠂ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠶᠢ ᠲᠤᠰᠬᠠᠶ | ᠴᠡᠭᠴᠡᠯᠡᠨ ᠵᠠᠰᠠᠬᠤ ᠶᠢ ᠬᠦᠨᠵᠡᠭᠡᠶᠢᠷᠡᠭᠦᠯᠦᠨ᠂ ᠬᠠᠭᠤᠴᠢᠨ ᠠᠷᠬᠠᠭ ᠬᠡᠮ ᠢ ᠪᠥᠬᠦ ᠬᠦᠴᠦᠨ ᠢᠶᠠᠷ ᠢᠶᠠᠨ ᠠᠷᠢᠯᠭᠠᠨ᠎ᠠ᠃ | ᠠᠳᠠᠯ ᠠᠬᠤᠶ ᠶᠢᠨ ᠦᠢᠯᠡᠴᠢᠯᠡᠭᠡᠨ ᠤ ᠭᠤᠷᠪᠠᠨ ᠵᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠬᠤᠲᠠ ᠶᠢᠨ ᠵᠠᠰᠠᠯᠲᠠ ᠶᠢᠨ ᠲᠤᠭᠠᠴᠢᠯᠠᠭᠰᠠᠨ ᠬᠤᠪᠢᠷᠠᠭᠤᠯᠤᠯᠳᠠ ᠶᠢ ᠠᠬᠢᠭᠤᠯᠤᠨ᠂ ᠬᠤᠲᠠ ᠶᠢᠨ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠪᠦᠬᠦ ᠲᠠᠯ᠎ᠠ ᠪᠠᠷ ᠪᠡᠶᠡᠯᠡᠭᠦᠯᠦᠨ᠂ 1 - 2 ᠪᠢᠴᠢᠯ ᠴᠡᠴᠡᠷᠯᠢᠭ ᠢ ᠪᠦᠲᠦᠭᠡᠨ ᠪᠠᠶᠢᠭᠤᠯᠵᠤ᠂ ᠬᠤᠲᠠ ᠶᠢᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠪᠣᠯᠪᠠᠰᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ ᠬᠤᠲᠠ ᠰᠢᠶᠠᠨ ᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠪᠠᠯᠭᠠᠰᠤ ᠶᠢ ᠨᠠᠩ | ᠠᠷᠢᠭᠤᠨ ᠴᠡᠪᠡᠷ᠂ ᠡᠮᠬᠢ ᠵᠢᠷᠤᠮ ᠲᠠᠢ᠂ ᠪᠣᠯᠪᠠᠰᠤᠨ ᠪᠣᠯᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ | ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠮᠢᠩᠭᠠᠨ ᠲᠤᠰᠬᠤᠨ ᠢ ᠵᠢᠱᠢᠶ᠎ᠡ | ᠦᠵᠡᠭᠦᠯᠦᠨ᠂ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠵᠦ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ | ᠲᠣᠰᠬᠤᠨ ᠤ ᠴᠡᠭᠴᠡᠯᠡᠯᠲᠡ ᠶᠢᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠠᠷᠪᠠᠨ | ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠰᠢᠶᠠᠩ 1᠂ ᠵᠢᠱᠢᠶ᠎ᠡ ᠦᠵᠡᠭᠦᠯᠬᠦ ᠭᠠᠴᠠᠭ᠎ᠠ | ᠲᠣᠰᠬᠤᠨ 11 ᠶᠢ ᠪᠦᠳᠤᠮᠵᠢᠲᠠᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠭ | ᠨᠣᠪᠰᠢ᠂ ᠪᠣᠬᠢᠷ ᠤᠰᠤ᠂ ᠵᠣᠷᠯᠣᠩ ᠤᠨ ︽ᠭᠤᠷᠪᠠᠨ ᠶᠡᠭᠡ ᠬᠤᠪᠢᠰᠬᠠᠯ︾ ᠢ ᠯᠠᠪᠳᠠᠭᠤᠨ ᠪᠠᠲᠤᠲᠠᠢ ᠠᠬᠢᠭᠤᠯᠤᠨ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠬᠡᠪ ᠵᠠᠩᠰᠢᠯ ᠢ | ᠥᠭᠡᠷᠡᠴᠢᠯᠡᠬᠦ ᠶᠢ ᠠᠬᠢᠭᠤᠯᠤᠨ᠂ ᠬᠥᠳᠡᠭᠡ ᠲᠣᠰᠬᠤᠨ ᠤ ᠪᠣᠯᠪᠠᠰᠤᠨ᠂ ᠲᠣᠰᠬᠤᠨ ᠤ ᠳᠦᠷᠰᠦ ᠪᠠᠶᠢᠳᠠᠯ ᠴᠡᠪᠡᠷ | ᠴᠡᠮᠴᠡᠭᠡᠷ᠂ ᠬᠠᠮᠢᠶᠠᠷᠤᠯᠲᠠ ᠶᠢᠨ ᠠᠷᠠᠳᠴᠢᠯᠠᠯ ᠢ ᠪᠡᠶᠡᠯᠡᠭᠦᠯᠦᠨ᠎ᠡ᠃ ᠠᠵᠤ ᠦᠢᠯᠡᠰ ᠤᠨ ᠬᠠᠮᠲᠤᠷᠠᠯᠴᠠᠭ᠎ᠠ᠂ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠮ ᠡᠮᠨᠡᠯᠭᠡ᠂ ᠰᠤᠷᠭᠠᠨ ᠬᠥᠮᠦᠵᠢᠯ᠂ ᠵᠢᠭᠤᠯᠴᠢᠯᠠᠯ | ᠵᠡᠷᠭᠡ ᠬᠦᠷᠢᠶ᠎ᠡ ᠬᠡᠪᠴᠢᠶᠡᠨ ᠳᠤ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ︽ᠲᠠᠬᠢᠨ ᠨᠡᠮᠡᠭᠳᠡᠭᠦᠯᠬᠦ | ᠲᠥᠯᠥᠪᠯᠡᠭᠡ︾ ᠶᠢ ᠭᠦᠨᠵᠡᠭᠡᠶᠢᠷᠡᠭᠦᠯᠵᠦ᠂ ᠠᠵᠢᠯ ᠲᠦᠷᠦᠯ ᠢᠶᠠᠷ ᠢᠶᠠᠨ ᠵᠥᠪᠳᠡᠯᠴᠡᠨ ᠬᠠᠮᠲᠤᠷᠠᠯᠴᠠᠬᠤ ᠶᠢ ᠭᠦᠨᠵᠡᠭᠡᠢ | ᠠᠬᠢᠭᠤᠯᠤᠨ᠂ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠵᠦ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ | ᠪᠡᠶᠡᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢ ᠨᠡᠮᠡᠭᠳᠡᠭᠦᠯᠦᠨ᠎ᠡ᠃ ᠵᠠᠮ ᠬᠠᠷᠢᠯᠴᠠᠭᠠᠨ ᠤ ᠲᠤᠤᠷ ᠤᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠭᠠᠨᠬᠤᠸᠠ ᠪᠠᠯᠭᠠᠰᠤᠨ ᠤ ᠡᠮᠦᠨ᠎ᠡ ᠲᠠᠯ᠎ᠠ᠂ ᠪᠠᠷᠠᠭᠤᠨ | ᠲᠠᠯ᠎ᠠ ᠪᠠᠷ ᠢᠶᠠᠨ ᠬᠠᠷᠢᠯᠴᠠᠨ ᠨᠡᠪᠲᠡᠷᠡᠯᠴᠡᠬᠦ᠂ ᠨᠤᠮᠤᠭᠠᠨ ᠠᠭᠤᠯᠠ ᠶᠢᠨ ᠵᠢᠭᠤᠯᠴᠢᠯᠠᠯ ᠤᠨ ᠵᠠᠰᠠᠮᠠᠯ ᠵᠠᠮ ᠤᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ | ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠪᠠᠶᠢᠷᠢᠰᠢᠯ ᠨᠢ | ᠵᠣᠬᠢᠰᠲᠠᠶ᠂ ᠠᠵᠢᠯᠯᠠᠭ᠎ᠠ ᠨᠢ ᠪᠦᠲᠦᠮᠵᠢᠲᠡᠶ᠂ ᠠᠮᠤᠷ ᠲᠦᠪᠰᠢᠨ ᠪᠥᠭᠡᠳ ᠲᠣᠭᠲᠠᠭᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠬᠤᠩᠭᠤᠷ ᠤᠰᠤᠨ | ᠴᠥᠭᠦᠷᠥᠮ ᠤᠨ ᠪᠠᠷᠢᠯᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ ︽ᠬᠤᠩᠭᠤᠷ ᠠᠴᠠ ᠤᠯᠠᠭᠠᠨᠬᠤᠸᠠ ᠳᠤ ᠲᠠᠲᠠᠬᠤ︾ | ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠡᠵᠡᠮᠳᠡᠬᠦ ᠪᠠ | ᠬᠠᠩᠭᠠᠬᠤ ᠴᠢᠳᠠᠮᠵᠢ ᠶᠢ ᠨᠡᠮᠡᠭᠳᠡᠭᠦᠯᠦᠨ᠎ᠡ᠃ ᠰᠢᠨ᠎ᠡ ᠪᠠᠷ 73 ᠮᠠᠰᠢᠨ ᠬᠤᠳᠳᠤᠭ ᠮᠠᠯᠳᠠᠵᠤ ᠂ ᠮᠠᠯᠴᠢᠨ | ᠲᠠᠷᠢᠶᠠᠴᠢᠨ ᠤ ᠤᠤᠭᠤᠬᠤ ᠤᠰᠤᠨ ᠤ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠴᠠᠭ ᠠᠭᠤᠷ ᠤᠨ | ᠭᠠᠮᠰᠢᠭ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠮᠵᠢ ᠶᠢ ᠳᠡᠭᠡᠭᠰᠢᠯᠡᠭᠦᠯᠬᠦ | ᠢᠨᠵᠧᠨᠧᠷᠢᠩ ᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ 20 ᠺᠢᠯᠣᠮᠧᠲᠷ ᠤᠨ ᠬᠤᠲᠠ ᠶᠢᠨ ᠦᠶᠡᠷ ᠢ | ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠶᠢ | ᠲᠠᠰᠤᠷᠠᠯᠲᠠ ᠤᠢᠭᠡᠢ ᠲᠡᠭᠦᠯᠳᠡᠷᠵᠢᠭᠦᠯᠦᠨ᠎ᠡ᠃ ᠴᠠᠬᠢᠯᠭᠠᠨ ᠲᠣᠤᠷ ᠤᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠵᠡᠭᠦᠨ ᠬᠡᠰᠡᠭ ᠤᠨ 110 ᠺᠢᠯᠣᠸᠠᠲ ᠤᠨ ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ ᠬᠥᠳᠡᠭᠡ ᠲᠣᠰᠬᠤᠨ ᠤ ᠴᠠᠬᠢᠯᠭᠠᠨ ᠲᠣᠤᠷ ᠤᠨ 10 | ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠢᠨᠵᠧᠨᠧᠷᠢᠩ ᠢ ᠬᠡᠷᠡᠭᠵᠢᠭᠦᠯᠵᠦ᠂ ︽ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ︾ ᠢᠵᠢ ᠪᠦᠷᠢᠳᠦᠭᠦᠯᠬᠦ ᠴᠠᠬᠢᠯᠭᠠᠨ ᠤ ᠲᠣᠤᠷ ᠤᠨ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠴᠠᠬᠢᠯᠭᠠᠨ ᠬᠦᠴᠦᠨ ᠤ ᠨᠠᠶᠢᠳᠠᠪᠤᠷᠢᠳᠠᠢ ᠬᠠᠩᠭᠠᠯᠭ᠎ᠠ ᠶᠢ ᠦᠨᠡᠨᠬᠦ ᠪᠠᠲᠤᠯᠠᠨ᠎ᠠ᠃ | ᠰᠦᠯᠵᠢᠶᠡᠨ ᠳᠣᠬᠢᠶᠠᠨ ᠤ ᠪᠦᠷᠬᠦᠴᠡ ᠶᠢ ᠴᠢᠩᠭᠠᠳᠬᠠᠵᠤ᠂ ᠰᠦᠯᠵᠢᠶᠡᠨ ᠳᠣᠬᠢᠶᠠᠨ ᠤ ᠪᠦᠷᠬᠦᠴᠡ ᠶᠢᠨ ᠪᠠᠯᠠᠶ ᠴᠡᠭ᠂ | ᠪᠠᠯᠠᠶ ᠭᠠᠵᠠᠷ ᠪᠠ ᠪᠠᠭᠤᠷᠠᠶ ᠪᠦᠷᠬᠦᠴᠡ ᠣᠷᠣᠨ ᠪᠦᠰᠡ ᠶᠢ ᠲᠥᠪᠯᠡᠷᠡᠭᠦᠯᠦᠨ ᠵᠢᠭᠰᠠᠭᠠᠬᠤ ᠪᠠ ᠪᠠᠶᠢᠴᠠᠭᠠᠨ | ᠠᠷᠢᠯᠭᠠᠵᠤ᠂ ᠪᠥᠬᠦ ᠬᠤᠰᠢᠭᠤᠨ ᠤ ᠰᠦᠯᠵᠢᠶᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠲᠡᠬᠡᠭᠰᠢᠯᠡᠬᠦᠯᠦᠨ᠎ᠡ᠃ | ︵ᠲᠠᠪᠤ︶ ᠬᠤᠷᠢᠭ᠎ᠠ ᠱᠤᠭᠤᠮ ᠢᠶᠠᠨ ᠪᠠᠲᠤ ᠰᠠᠬᠢᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠠᠷᠠᠳ ᠤᠨ | ᠠᠮᠢᠳᠤᠷᠠᠯ ᠤᠨ ᠬᠦᠰᠡᠯ ᠡᠷᠡᠮᠡᠯᠵᠡᠯ ᠤᠨ ᠵᠣᠯ ᠵᠢᠷᠭᠠᠯᠲᠤ ᠪᠣᠳᠠᠲᠤ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠢᠨ | ᠲᠣᠭᠤᠷᠢᠨ ᠳᠤ᠂ ᠨᠡᠩ ᠤᠯᠠᠨ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ ᠲᠤᠯᠭᠠᠮ᠎ᠠ ᠠᠰᠠᠭᠤᠳᠠᠯ ᠢ | ᠰᠢᠢᠳᠪᠦᠷᠢᠯᠡᠵᠦ᠂ ᠤᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠢᠷᠭᠡᠨ ᠤ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠳᠠᠯ ᠦᠢᠯᠡᠰ ᠴᠣᠭᠴᠠᠯᠠᠨ ᠠᠵᠢᠯ | ᠣᠯᠭᠤᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠬᠤᠪᠴᠠᠰᠤᠨ ᠤ ᠦᠢᠯᠡᠳᠪᠦᠷᠢ ᠶᠢᠨ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢ ᠤᠯᠭᠤᠬᠤ ᠡᠷᠴᠢᠮ ᠢ ᠴᠢᠩᠭᠠᠳᠬᠠᠨ᠂ ᠵᠡᠮᠳᠡᠭᠴᠦᠳ᠂ ᠠᠵᠢᠯ ᠦᠭᠡᠶ ᠭᠡᠷ ᠪᠦᠯᠢ ᠶᠢᠨ | ᠪᠦᠷᠢᠯᠳᠦᠬᠦᠨ ᠳᠤ ᠠᠵᠢᠯ ᠣᠯᠭᠤᠬᠤ ᠶᠢ ᠬᠠᠪᠰᠤᠷᠤᠨ ᠲᠡᠳᠬᠦᠵᠦ᠂ ᠬᠤᠲᠠ ᠪᠠᠯᠭᠠᠰᠤᠨ ᠤ 3000 ᠠᠴᠠ | ᠲᠡᠭᠡᠭᠰᠢᠬᠢ ᠬᠦᠮᠦᠨ ᠳᠤ ᠲᠠᠬᠢᠨ ᠠᠵᠢᠯ ᠤᠯᠭᠤᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦ ᠶᠢ 3 ᠲᠦᠮᠡᠨ | ᠬᠦᠮᠦᠨ ᠤᠳᠠᠭ᠎ᠠ ᠰᠢᠯᠵᠢᠬᠦᠯᠬᠦ ᠪᠠᠷ ᠴᠢᠷᠮᠠᠶᠢᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠬᠤᠲᠠ ᠪᠠᠯᠭᠠᠰᠤᠨ ᠤ ᠣᠯᠠᠨ ᠲᠦᠮᠡᠨ ᠤ ᠬᠦᠴᠢᠷᠳᠡᠯ ᠲᠠᠢ | ᠠᠰᠠᠭᠤᠳᠠᠯ ᠢ ᠰᠢᠢᠳᠪᠤᠷᠢᠯᠡᠬᠦ ᠶᠢ ᠦᠷᠭᠦᠯᠵᠢᠯᠡᠨ ᠥᠷᠨᠢᠭᠦᠯᠵᠦ᠂ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠲᠤᠰᠬᠠᠶᠢᠵᠢᠭᠰᠠᠨ | ᠬᠦᠭᠵᠢᠯᠳᠠ ᠶᠢ ᠠᠬᠢᠭᠤᠯᠤᠨ᠂ ᠨᠠᠰᠤᠲᠠᠶᠢᠴᠤᠳ ᠤᠨ ᠬᠦᠷᠢᠶᠡᠯᠡᠩ ᠢ ᠰᠢᠨᠡᠳᠬᠡᠬᠦ 2 ᠢᠨᠵᠧᠨᠧᠷᠢᠩ ᠢ | ᠪᠡᠶᠡᠯᠡᠭᠦᠯᠦᠨ᠎ᠡ︔ ᠭᠤᠷᠪᠠᠨ ᠬᠡᠦᠬᠡᠳ ᠠᠪᠬᠤ ᠲᠦᠷᠦ ᠶᠢᠨ ᠪᠤᠳᠤᠯᠭ᠎ᠠ ᠶᠢᠨ ᠢᠵᠢ ᠪᠦᠷᠢᠳᠦᠭᠰᠡᠨ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠢ ᠬᠠᠩᠭᠠᠯᠭ᠎ᠠ ᠶᠢ ᠦᠷᠭᠡᠳᠬᠡᠨ᠂ ︽ | ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ ᠰᠤᠷᠭᠠᠨ ᠬᠥᠮᠦᠵᠢᠯ ᠢ ᠬᠥᠭᠵᠢᠭᠦᠯᠵᠦ᠂ ᠴᠢᠨᠠᠷ ᠰᠠᠶᠢᠲᠠᠢ ᠰᠤᠷᠭᠠᠨ | ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ︽ᠬᠤᠶᠠᠷ ᠢ ᠪᠠᠭᠠᠰᠬᠠᠬᠤ︾ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠵᠢᠯ | ᠲᠥᠷᠥᠯ ᠤᠨ ᠰᠢᠰᠲ᠋ᠧᠮ ᠢᠶᠠᠷ ᠵᠤᠯᠭᠠᠯᠳᠤᠨ ᠬᠠᠮᠵᠢᠯᠴᠠᠬᠤ ᠲᠠᠪᠴᠠᠩ ᠢ ᠰᠠᠶᠢᠲᠤᠷ ᠬᠡᠷᠡᠭᠯᠡᠨ᠂ ᠪᠡᠭᠡᠵᠢᠩ ᠤᠨ ᠬᠤᠸᠠᠢ | ᠷᠸᠦ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠲᠠᠢ ᠭᠦᠨᠵᠡᠭᠡᠶ ᠬᠠᠮᠲᠤᠷᠠᠯᠴᠠᠵᠤ᠂ ᠰᠢᠯᠢᠳᠡᠭ ᠪᠠᠭᠰᠢ ᠶᠢ | ᠣᠷᠣᠭᠤᠯᠤᠨ ᠠᠪᠴᠢᠷᠠᠵᠤ᠂ ᠴᠢᠳᠠᠪᠤᠷᠢᠲᠠᠨ ᠤ ᠠᠩᠭᠢ ᠶᠢ ᠵᠣᠬᠢᠶᠠᠨ ᠪᠠᠶᠢᠭᠤᠯᠵᠤ᠂ ᠴᠢᠨᠠᠷ ᠰᠠᠶᠢᠲᠠᠶ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠨᠡᠶᠢᠳᠡᠮ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ | ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠴᠢᠷᠮᠠᠶᠢᠨ ᠳᠡᠭᠡᠭᠰᠢᠯᠡᠭᠦᠯᠦᠨ᠎ᠡ᠃ | ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠪᠠᠭᠰᠢ | ᠡᠯᠰᠡᠬᠦ ᠠᠷᠭ᠎ᠠ ᠵᠠᠮ ᠢ ᠦᠷᠭᠡᠳᠭᠡᠨ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠵᠦ᠂ ᠵᠢᠭᠠᠨ | ᠰᠤᠷᠭᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠭᠰᠢ ᠨᠠᠷ ᠤᠨ ᠦᠷ᠎ᠡ | ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠠᠭᠰᠢ ᠶᠢᠨ ᠠᠵᠢᠯ ᠬᠢᠵᠦ ᠦᠢᠯᠡᠰ | ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠳᠡᠯᠭᠡᠷᠡᠭᠦᠯᠵᠦ᠂ ᠡᠯ᠎ᠡ ᠲᠥᠷᠥᠯ ᠤᠨ ︽ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠴᠤᠮᠬᠤᠳᠬᠠᠨ᠂ ᠰᠤᠷᠤᠭᠴᠢᠳ ᠤᠨ | ᠰᠡᠳᠬᠢᠴᠡ ᠶᠢᠨ ᠬᠠᠯᠠᠮᠵᠢᠯᠠᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠲᠦᠭ ᠲᠦᠮᠡᠨ ᠠᠶᠢᠯ ᠡᠷᠦᠬᠡ ᠪᠠ ᠳᠤᠮᠳᠠᠳᠤ ᠶᠢᠨ ᠦᠨᠳᠦᠰᠦᠲᠡᠨ ᠤ ᠢᠷᠡᠭᠡᠳᠦᠶ ᠳᠤ | ᠬᠤᠯᠪᠣᠭᠳᠠᠬᠤ ᠡᠨᠡ ᠬᠦ ᠶᠡᠭᠡ ᠶᠠᠪᠤᠳᠠᠯ ᠢ ᠰᠠᠶᠢᠲᠤᠷ ᠬᠢᠬᠦ ᠪᠠᠷ ᠴᠢᠷᠮᠠᠶᠢᠨ᠎ᠠ᠃ | ᠡᠷᠡᠭᠦᠯ ᠡᠩᠬᠡ ᠳᠥᠷᠪᠡᠳ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠠᠷᠠᠳ | ᠲᠦᠮᠡᠨ ᠳᠤ ᠲᠠᠭᠠᠰᠢᠶᠠᠭᠳᠠᠭᠰᠠᠨ ᠡᠮᠴᠢᠯᠡᠭᠡ︾ ᠶᠢ ᠰᠠᠶᠢᠲᠤᠷ ᠡᠷᠭᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠵᠤᠯᠠᠭᠠᠯᠳᠤᠨ ᠬᠠᠮᠵᠢᠯᠴᠠᠬᠤ ᠪᠠ ︽ᠪᠦᠯᠬᠦᠮ | ᠪᠠᠶᠢᠭᠤᠯᠬᠤ ᠬᠡᠯᠪᠡᠷᠢ︾ ᠶᠢᠨ ᠬᠠᠪᠰᠤᠷᠤᠨ ᠲᠡᠳᠬᠦᠬᠦ ᠲᠤᠭᠳᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠡᠮᠴᠢᠯᠡᠭᠡ᠂ ᠬᠦᠨᠳᠦ | ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ ᠰᠢᠨᠵᠢᠯᠡᠭᠡᠨ ᠤ | ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠢ ᠬᠡᠷ ᠤᠨ ᠢᠶᠠᠨ ᠡᠬᠦᠳᠡᠨ ᠳᠤ | ᠨᠡᠩ ᠰᠢᠯᠢᠳᠡᠭ ᠡᠮᠴᠢᠯᠡᠬᠡᠨ ᠤ ᠦᠢᠯᠡᠴᠢᠯᠡᠭᠡ ᠡᠳ᠋ᠯᠡᠬᠦᠯᠦᠨ᠎ᠡ᠃ ᠰᠢᠶᠠᠨ ᠤ ᠬᠡᠪᠴᠢᠶᠠᠨ ᠤ ᠡᠮᠴᠢᠯᠠᠬᠡᠨ ᠤ ᠬᠠᠮᠳᠦ | ᠶᠢᠨ ᠴᠤᠭᠴᠠ ᠶᠢᠨ ᠪᠠᠶᠢᠭᠤᠯᠤᠯᠳᠠ ᠶᠢ ᠠᠬᠢᠭᠤᠯᠤᠨ᠂ ᠡᠮᠴᠢᠯᠡᠬᠡᠨ ᠤ ᠬᠠᠮᠳᠦ ᠶᠢᠨ ᠴᠤᠭᠴᠠ ᠶᠢᠨ ᠮᠡᠳᠡᠭᠡ ᠵᠠᠩᠭᠢ | ᠶᠢᠨ ᠪᠠᠶᠢᠭᠤᠯᠤᠯᠳᠠ ᠶᠢᠨ ᠲᠦᠷᠦᠯ ᠵᠤᠶᠢᠯ ᠢ ᠲᠠᠭᠤᠰᠬᠠᠵᠦ᠂ ᠶᠡᠷᠦᠩᠭᠡᠢ ᠡᠮᠨᠡᠯᠬᠡ ᠶᠢᠨ ᠬᠤᠷᠢᠶᠠᠨ ᠤ ᠡᠯ᠎ᠡ ᠡᠮᠴᠢᠯᠡᠭᠡ | ᠶᠢᠨ ᠪᠠᠶᠢᠭᠤᠯᠤᠮᠵᠢ ᠶᠢᠨ ᠪᠠᠶᠢᠴᠠᠭᠠᠯᠳᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠠᠶᠠᠯᠡᠬᠦᠯᠦᠨ᠎ᠡ᠃ ᠮᠣᠩᠭᠤᠯ | ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠮᠣᠩᠭᠤᠯ ᠡᠮᠨᠡᠯᠭᠡ ᠶᠢᠨ ᠡᠯᠡᠰᠦᠨ ᠵᠠᠰᠠᠯ ᠡᠮᠲᠦ ᠤᠬᠢᠶᠠᠯᠭ᠎ᠠ ᠶᠢᠨ ᠲᠥᠷᠥᠯ ᠵᠦᠢᠯ ᠢ ᠪᠡᠶᠡᠯᠡᠭᠦᠯᠬᠦ ᠶᠢ | ᠠᠬᠢᠭᠤᠯᠤᠨ᠎ᠠ᠃ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠡᠮᠨᠡᠯᠭᠡ ᠶᠢᠨ ᠠᠵᠢᠯᠳᠠᠳ ᠢ ᠡᠯᠰᠡᠵᠦ᠂ | ᠴᠢᠳᠠᠪᠤᠷᠢᠲᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠰᠢ ᠰᠢᠯᠵᠢᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠦᠢᠯᠡ ᠠᠵᠢᠯᠯᠠᠭ᠎ᠠ ᠵᠢᠴᠢ ᠵᠠᠷᠤᠳᠠᠯ ᠤᠨ | ᠬᠠᠮᠢᠶᠠᠷᠤᠯᠲᠠ ᠶᠢ ᠵᠢᠷᠤᠮᠵᠢᠭᠤᠯᠤᠨ᠂ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠣᠯᠠᠨ ᠲᠦᠮᠡᠨ ᠤ ᠡᠪᠡᠳᠴᠢᠨ ᠦᠵᠡᠭᠦᠯᠬᠦ ︽ᠵᠣᠭᠤᠰᠣᠨ ᠤᠭᠤᠲᠠ︾ ᠶᠢ ᠪᠠᠲᠤ ᠰᠠᠬᠢᠨ᠎ᠠ᠃ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠦᠷᠨᠢᠭᠦᠯᠦᠨ᠂ ᠡᠷᠡᠭᠦᠯ ᠰᠠᠷᠠᠭᠤᠯ | ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ︵ᠵᠢᠷᠭᠤᠭ᠎ᠠ︶ ᠢᠮᠠᠭᠲᠠ ᠰᠢᠯᠢᠳᠡᠭ ᠴᠡᠭᠴᠡᠯᠡᠯᠲᠡ ᠶᠢ ᠲᠤᠭᠤᠰᠢᠯᠠᠭᠤᠯᠵᠤ᠂ ᠪᠦᠯᠬᠦᠮᠳᠡᠯ ᠢ ᠪᠠᠬᠢᠵᠢᠭᠦᠯᠦᠨ᠂ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠴᠢᠷᠮᠠᠶᠢᠨ᠎ᠠ | ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠬᠢᠵᠢᠭᠦᠯᠦᠨ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠰᠢᠭᠤᠨ ᠤ ᠬᠡᠪᠴᠢᠶᠡᠨ ᠤ ᠨᠡᠶᠢᠭᠡᠮ ᠤᠨ ᠴᠡᠭᠴᠡᠯᠡᠯᠲᠡ ᠶᠢᠨ | ᠣᠳᠣᠬᠢᠴᠢᠯᠠᠯᠲᠠ ᠶᠢ ᠭᠦᠨᠵᠡᠭᠡᠶᠢᠷᠡᠭᠦᠯᠦᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ | ᠠᠯᠳᠠᠷ ᠢ ᠰᠠᠶᠢᠲᠤᠷ ᠰᠠᠬᠢᠨ ᠬᠠᠮᠠᠭᠠᠯᠠᠨ᠎ᠠ᠃ | ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠨ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠦᠷᠭᠦᠯᠵᠢᠯᠡᠨ ᠵᠢᠭᠰᠠᠭᠠᠨ ᠪᠠᠶᠢᠴᠠᠭᠠᠬᠤ ᠪᠠ | ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠤᠭ | ᠴᠡᠭᠴᠡᠯᠡᠯᠲᠡ ᠶᠢᠨ ᠪᠠᠶᠢᠭᠤᠯᠤᠯᠲᠠ ᠶᠢ ᠠᠬᠢᠭᠤᠯᠤᠨ᠂ ᠪᠤᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠬᠤ ᠦᠭᠡᠢ | ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ | ᠨᠥᠭᠡᠴᠡᠯᠡᠯᠲᠡ ᠶᠢ ᠰᠠᠶᠢᠲᠤᠷ ᠬᠢᠵᠦ᠂ ᠭᠠᠮᠰᠢᠭ ᠢ ᠪᠠᠭᠠᠰᠬᠠᠨ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠬᠢᠷᠢ | ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ | ᠯᠠᠪᠳᠠᠭᠤᠨ ᠪᠠᠲᠤᠲᠠᠶ ᠠᠬᠢᠭᠤᠯᠤᠨ᠂ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢ ︽ᠲᠦᠷᠪᠡᠨ | ᠬᠠᠮᠤᠭ ᠴᠢᠩᠭ᠎ᠠ︾ ᠪᠠᠷ ᠴᠢᠩᠭᠠᠳᠬᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ | ᠰᠠᠶᠢᠲᠤᠷ ᠰᠠᠬᠢᠨ ᠬᠠᠮᠠᠭᠠᠯᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠡᠷᠡᠰ ᠰᠡᠷᠭᠡᠶᠢᠯᠡᠵᠦ᠂ ᠮᠥᠩᠭᠦᠨ | ᠭᠦᠢᠯᠭᠡᠭᠡᠨ ᠤ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠵᠤᠷᠢᠭᠤᠳᠠ ︽ᠥᠷᠢ ᠠᠴᠠ ᠵᠠᠶᠢᠯᠠᠬᠤ︾ | ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠠᠮᠢ ᠠᠬᠤᠶ ᠶᠢ | ᠦᠷᠭᠦᠯᠵᠢᠯᠡᠨ ᠰᠢᠯᠢᠳᠡᠭᠵᠢᠭᠦᠯᠦᠨ᠎ᠡ᠃ ᠨᠡᠮᠡᠭᠳᠡᠯ ᠤᠨ ᠬᠡᠮᠵᠢᠶ᠎ᠡ ᠶᠢ ᠬᠤᠷᠢᠭᠯᠠᠬᠤ ᠪᠠ ᠬᠠᠳᠠᠭᠠᠯᠠᠯᠲᠠ ᠶᠢᠨ ᠬᠡᠮᠵᠢᠶ᠎ᠡ ᠶᠢ | ᠠᠷᠢᠯᠭᠠᠬᠤ ᠶᠢ ᠵᠡᠷᠭᠡᠪᠡᠷ ᠬᠡᠷᠡᠭᠵᠢᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ | ᠨᠡᠶᠢᠭᠡᠮ ᠤᠨ ᠴᠡᠭᠴᠡᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠡᠩ | ᠴᠢᠶᠤᠥ ᠶᠢᠨ ᠲᠤᠷᠰᠢᠯᠭ᠎ᠠ︾᠂ ︽ᠫᠦ᠋ ᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠠᠷᠭ᠎ᠠ ᠵᠠᠮ ᠢ ᠰᠢᠯᠤᠭᠤᠳᠬᠠᠨ᠂ ᠵᠠᠬᠢᠳᠠᠯ ᠰᠤᠷᠪᠤᠯᠵᠢᠯᠠᠯ ᠢ ᠣᠷᠣᠯᠠᠨ | ᠭᠦᠢᠴᠡᠳᠬᠡᠬᠦ ᠦᠢᠯᠡᠴᠢᠯᠡᠭᠡᠨ ᠤ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ︽ᠳᠠᠷᠤᠭᠳᠠᠮᠠᠯ ᠬᠡᠷᠡᠭ ᠢ ᠠᠷᠢᠯᠭᠠᠬᠤ᠂ | ᠬᠦᠨᠳᠦ ᠬᠡᠴᠡᠭᠦᠦ ᠰᠤᠷᠪᠤᠯᠵᠢᠯᠠᠭ᠎ᠠ ᠶᠢ ᠰᠢᠢᠳᠪᠤᠷᠢᠯᠡᠬᠦ᠂ ᠲᠣᠭᠲᠠᠭᠤᠨ ᠢ ᠠᠬᠢᠭᠤᠯᠬᠤ︾ ᠪᠣᠭᠤᠮᠲᠠ ᠰᠢᠪᠲᠤᠯᠬᠤ | ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠦᠨ᠂ ᠵᠠᠬᠢᠳᠠᠯ ᠰᠤᠷᠪᠤᠯᠵᠢᠯᠠᠯ ᠤᠨ ᠠᠵᠢᠯ ᠢ ᠨᠠᠷᠢᠨ ᠪᠣᠳᠠᠲᠠᠢ ᠬᠢᠨ᠎ᠡ | ᠃ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠠᠭᠳᠠᠭ᠎ᠠ ᠪᠠ | ᠲᠤᠰᠠᠯᠠᠬᠤ ᠴᠠᠭᠳᠠᠭ᠎ᠠ ᠶᠢᠨ ᠲᠣᠬᠢᠷᠠᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠵᠡᠷᠭᠡ ᠰᠢᠨ᠎ᠡ ᠬᠡᠯᠪᠡᠷᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠶᠢ ᠴᠠᠭᠠᠵᠠᠯᠠᠬᠤ ᠡᠷᠴᠢᠮ ᠢᠶᠠᠨ | ᠴᠢᠩᠭᠠᠳᠬᠠᠨ᠂ ᠪᠦᠬᠦ ᠣᠷᠣᠨ ᠪᠦᠰᠡ ᠶᠢᠨ ᠬᠢᠨᠠᠨ ᠴᠠᠭᠲᠠᠬᠤ ᠰᠦᠯᠵᠢᠶᠡᠨ ᠤ ᠰᠢᠰᠲ᠋ᠧᠮ ᠤᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠴᠣᠬᠢᠯᠲᠠ ᠥᠭᠴᠦ ᠰᠡᠷᠭᠡᠶᠢᠯᠡᠬᠦ ᠶᠠᠰᠤ ᠴᠢᠨᠠᠷ ᠦᠷ᠎ᠡ ᠪᠦᠲᠦᠮᠵᠢ ᠶᠢ | ᠲᠡᠭᠡᠭᠰᠢᠯᠡᠭᠦᠯᠦᠨ᠂ ︽ᠱᠠᠯᠢᠭ ᠵᠠᠪᠬᠠᠶ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾᠂ ︽ ᠬᠤᠯᠠᠭᠠᠶᠢᠯᠠᠵᠤ | ᠳᠡᠭᠡᠷᠡᠮᠲᠡᠨ ᠮᠡᠬᠡᠯᠡᠬᠦ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ | ᠂ ᠨᠠᠩ ᠥᠨᠳᠥᠷ ᠬᠢᠷᠢ ᠲᠦᠪᠰᠢᠨ ᠪᠦᠬᠦᠢ ︽ᠠᠮᠤᠷ ᠠᠮᠤᠭᠤᠯᠠᠩ ᠳᠥᠷᠪᠡᠳ ᠬᠤᠰᠢᠭᠤ︾ ᠶᠢ ᠴᠢᠷᠮᠠᠶᠢᠨ | ᠪᠠᠶᠢᠭᠤᠯᠤᠨ᠎ᠠ᠃ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ︽ᠲᠤᠯᠤᠭᠠᠨ ᠵᠢᠱᠢᠶᠡᠴᠢ ᠪᠣᠯᠬᠤ︾ | ᠬᠠᠷᠢᠭᠤᠴᠠᠯᠭ᠎ᠠ ᠶᠢ ᠡᠭᠦᠷᠭᠡᠯᠡᠨ᠂ ᠵᠢᠳᠬᠦᠯ ᠴᠢᠷᠮᠠᠶᠢᠯᠭ᠎ᠠ ᠭᠠᠷᠭᠠᠨ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ | ᠪᠠ ᠶᠣᠰᠣ ᠤᠴᠢᠷ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠦᠨᠳᠦᠰᠦᠳᠡᠨ ᠤ ᠠᠭᠤᠰᠤᠯᠴᠠᠨ | ᠬᠠᠷᠢᠯᠴᠠᠬᠤ ᠶᠢ ᠠᠬᠢᠭᠤᠯᠤᠨ᠎ᠠ᠃ ᠰᠢᠮ᠎ᠡ ᠶᠢᠨ ᠭᠤᠤᠯ ᠰᠣᠶᠣᠯ ᠤᠨ ᠬᠦᠷᠢᠶᠡᠯᠡᠩ᠂ ᠲᠦᠬᠡᠶᠢᠮᠡ ᠶᠢᠨ ᠲᠡᠷᠢᠭᠦᠨ ᠤ | ᠦᠢᠯᠡ ᠠᠵᠢᠯᠯᠠᠭ᠎ᠠ ᠶᠢᠨ ᠦᠵᠡᠭᠦᠯᠦᠯᠭᠡ ᠶᠢᠨ ᠲᠢᠩᠬᠢᠮ᠂ ︽ᠲᠠᠯ᠎ᠠ ᠨᠤᠲᠤᠭ ᠤᠨ ᠡᠵᠢ︾ ᠶᠢᠨ ᠰᠡᠳᠬᠢᠯ | ᠬᠥᠳᠡᠯᠭᠡᠮ᠎ᠡ ᠥᠯᠢᠭᠡᠷ ᠢ ᠤᠯᠠᠮᠵᠢᠯᠠᠨ ᠶᠠᠷᠢᠵᠤ᠂ ᠡᠯ᠎ᠡ ᠦᠨᠳᠦᠰᠦᠳᠡᠨ ᠤ ᠠᠷᠠᠳ ᠲᠦᠮᠡᠨ ᠢ ᠨᠠᠮ ᠳᠠᠭᠠᠨ | ᠲᠠᠯᠠᠷᠬᠠᠵᠤ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠵᠤ ᠶᠠᠪᠤᠬᠤ ᠶᠢ ᠵᠢᠯᠤᠭᠤᠳᠤᠨ ᠰᠤᠷᠭᠠᠵᠤ᠂ | ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ | ᠴᠣᠭᠴᠠᠯᠠᠨ᠎ᠠ᠃ | ᠴᠡᠷᠢᠭ ᠵᠠᠰᠠᠭ ᠪᠠ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠴᠢᠩᠭᠠᠳᠬᠠᠨ᠎ᠠ᠃ ᠴᠡᠷᠢᠭ ᠢ | ᠬᠦᠴᠦᠷᠬᠡᠭᠵᠢᠭᠦᠯᠬᠦ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ | ᠶᠠᠪᠤᠳᠠᠯ ᠤᠨ ᠲᠦᠬᠦᠭᠡᠷᠦᠮᠵᠢ ᠶᠢᠨ ᠬᠠᠮᠠᠭᠠᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠷᠦᠬᠡ ᠶᠢᠨ | ᠴᠡᠷᠢᠭ ᠤᠨ ᠪᠡᠯᠡᠳᠬᠡᠯ ᠠᠯᠪᠠ᠂ ᠭᠤᠣᠯᠳᠠᠯᠭ᠎ᠠ ᠲᠠᠢ ᠡᠭᠦᠷᠭᠡ ᠶᠢᠨ ᠬᠡᠷᠡᠭᠵᠢᠭᠦᠯᠦᠯᠲᠡ ᠶᠢ ᠪᠠᠲᠤᠯᠠᠬᠤ᠂ ᠨᠡᠶᠢᠭᠡᠮ ᠤᠨ | ᠡᠭᠦᠷᠭᠡ ᠴᠢᠳᠠᠪᠤᠷᠢ ᠶᠢ ᠵᠠᠯᠭᠠᠭᠤᠯᠬᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠ ᠴᠡᠷᠢᠭ ᠢᠶᠠᠨ | ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ | ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢᠨ ᠡᠷᠬᠢᠮ ᠳᠡᠭᠡᠳᠦ ᠢᠷᠠᠭᠤ | ᠠᠯᠳᠠᠷ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠲᠤ | ᠪᠠᠬᠢ ᠪᠣᠯᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠳᠠᠷᠳᠠᠩ ᠵᠠᠮ ᠳᠡᠭᠡᠷ᠎ᠡ ᠠᠰ ᠶᠠᠪᠤᠵᠤ᠂ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠨ᠎ᠠ᠃ ᠪᠢᠳᠠ ᠬᠤᠰᠢᠭᠤ | ᠵᠠᠰᠠᠭ ᠤᠨ ᠣᠷᠳᠣᠨ ᠤ ︽ᠭᠤᠷᠪᠠᠨ ᠡᠷᠬᠡᠪᠰᠢ︾ ᠶᠢ ᠪᠠᠲᠤ ᠬᠡᠷᠡᠭᠵᠢᠭᠦᠯᠵᠦ᠂ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠨ᠂ ᠵᠥᠪ ᠣᠨᠣᠪᠴᠢᠲᠠᠶ ᠠᠵᠢᠯ ᠤᠨ | ᠪᠦᠲᠦᠮᠵᠢ ᠶᠢᠨ ᠦᠵᠡᠯᠲᠡ ᠶᠢ ᠪᠠᠬᠢᠵᠢᠭᠦᠯᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠲᠡᠭᠡᠭᠰᠢᠯᠡᠭᠦᠯᠦᠨ᠂ ᠠᠷᠠᠳ ᠲᠦᠮᠡᠨ ᠤ ᠰᠡᠳᠬᠢᠯ | ᠬᠠᠨᠤᠮᠵᠢᠲᠠᠶ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠨ᠎ᠠ᠃ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ | ᠴᠢᠬᠤᠯᠠ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠳᠡᠭᠡᠳᠦ ᠱᠠᠲᠤᠨ ᠤ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ᠎ᠠ᠃ ᠴᠢᠨᠠᠷ ᠰᠠᠶᠢᠲᠠᠶ | ᠬᠥᠭᠵᠢᠯᠲᠡ ᠶᠢ ᠪᠠᠷᠢᠮᠳᠠᠯᠠᠨ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠤ᠂ | ᠠᠯᠤᠰ ᠬᠡᠲᠦ ᠳᠤ ᠠᠰᠢᠭ ᠬᠦᠷᠳᠡᠭᠡᠬᠦ ᠳᠤ ᠰᠠᠭᠤᠷᠢ ᠲᠠᠯᠪᠢᠨ᠂ ︽ᠳᠥᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠨᠠᠷᠢᠨ ᠵᠦᠢᠯᠡᠰ ᠢ ᠠᠳᠬᠤᠨ᠂ ᠠᠰᠠᠭᠤᠳᠠᠯ ᠢ ᠡᠷᠢᠵᠦ᠂ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠ ᠡᠯ᠎ᠡ ᠲᠠᠯ᠎ᠠ ᠶᠢᠨ | ᠠᠵᠢᠯ ᠢ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠪᠤᠰᠤᠳᠴᠢ ᠵᠢᠮ᠎ᠡ ᠶᠣᠰᠣ ᠲᠠᠢ ᠤᠶᠠᠯᠳᠤᠭᠤᠯᠤᠨ᠂ ᠠᠷᠠᠳ | ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠬᠦ᠂ ᠳᠥᠷᠪᠡᠳ ᠬᠤᠰᠢᠭᠤᠨ ᠤ ᠠᠯᠤᠰ ᠬᠡᠳᠦ ᠶᠢᠨ ᠬᠥᠭᠵᠢᠯᠲᠡ ᠳᠤ | ᠵᠤᠬᠢᠴᠠᠬᠤ ᠶᠢ ᠦᠨᠡᠨᠬᠦ ᠪᠠᠳᠤᠯᠠᠨ᠎ᠠ᠃ | ᠦᠷ᠎ᠡ ᠪᠦᠲᠤᠮᠵᠢᠲᠤ ᠪᠠᠶᠢᠭᠤᠯᠤᠯᠲᠠ ᠶᠢ ᠴᠢᠩᠭᠠᠳᠬᠠᠨ᠎ᠠ᠃ ︽ ᠪᠤᠲᠠᠲᠤ ᠠᠵᠢᠯᠯᠠᠭ᠎ᠠ ᠪᠠᠷ ᠭᠤᠣᠯ ᠪᠣᠯᠭᠠᠬᠤ︾᠂ | ︽ᠪᠣᠳᠠᠲᠤ ᠠᠮᠵᠢᠯᠲᠠ ᠶᠢ ᠦᠨᠡᠯᠡᠬᠦ︾ ᠶᠢ ᠪᠠᠷᠢᠮᠲᠠᠯᠠᠵᠤ᠂ ︽ᠰᠤᠳᠤᠯᠤᠨ ᠪᠠᠶᠢᠴᠠᠭᠠᠬᠤ ᠰᠤᠷᠲᠠᠯ ᠢ ᠶᠡᠬᠡᠪᠡᠷ | ᠪᠠᠳᠠᠷᠠᠭᠤᠯᠬᠤ︾ ᠪᠠᠷ ᠵᠢᠯᠤᠭᠤᠳᠤᠯᠭ᠎ᠠ ᠪᠣᠯᠭᠠᠵᠤ᠂ ᠵᠠᠰᠠᠭ ᠤᠨ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠯᠲᠠ ᠶᠢ | ᠴᠢᠩᠭᠠᠳᠬᠠᠨ᠂ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ | ᠨᠢᠭᠡ ᠶᠢ ᠬᠡᠯᠡᠪᠡᠯ ᠨᠢᠭᠡ ᠶᠢ ᠬᠢᠵᠦ᠂ ᠨᠢᠭᠡ ᠶᠢ ᠬᠢᠪᠡᠯ ᠨᠢᠭᠡ ᠶᠢ ᠪᠦᠲᠦᠭᠡᠬᠦ ᠶᠢ ᠦᠨᠡᠨᠬᠦ ᠪᠠᠳᠤᠯᠠᠨ᠎ᠠ᠃ ︽ᠰᠢᠨ᠎ᠡ | ᠳᠠᠷᠤᠭ᠎ᠠ ᠬᠠᠭᠤᠴᠢᠨ ᠳᠠᠩᠰᠠ ᠶᠢ ᠬᠠᠮᠢᠶᠠᠷᠬᠤ︾ ᠶᠢ ᠪᠠᠷᠢᠮᠲᠠᠯᠠᠵᠤ᠂ ︽ᠳᠤᠯᠤᠭ᠎ᠠ ᠶᠢ ᠲᠠᠶᠠᠭᠳᠠᠬᠤ︾ ᠶᠢ | ᠪᠡᠶᠡᠯᠡᠭᠦᠯᠦᠨ᠂ ︽ᠭᠤᠷᠪᠠᠨ ᠢᠯᠡᠬᠦᠦ ᠭᠤᠷᠪᠠᠨ ᠴᠦᠬᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ | ᠵᠠᠰᠠᠵᠦ᠂ ᠠᠷᠬᠠᠭ ᠭᠡᠮ ᠳᠤ ᠵᠣᠷᠢᠭᠲᠠᠢ ᠪᠠᠷ ︽ᠮᠡᠰᠡ ᠵᠠᠰᠠᠯ︾ ᠬᠢᠵᠦ᠂ ᠵᠥᠷᠢᠴᠡᠯ ᠢ ᠳᠡᠭᠡᠭᠰᠢ ᠲᠤᠰᠢᠶᠠᠬᠤ ᠶᠢ | ᠡᠷᠡᠰ ᠬᠤᠷᠢᠭᠯᠠᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠶᠢ ᠰᠠᠶᠢᠲᠤᠷ ᠠᠳᠬᠤᠵᠤ᠂ ︽ᠰᠢᠨ᠎ᠡ ᠲᠦᠷᠢ | ᠲᠦᠷᠬᠦ ᠶᠢᠨ ᠢᠨᠵᠧᠨᠧᠷᠢᠩ︾ ᠢ ᠡᠷᠡᠰ ᠴᠢᠩᠭ᠎ᠠ ᠰᠡᠷᠬᠡᠶᠢᠯᠡᠨ ᠵᠠᠰᠠᠵᠦ᠂ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ᠂ | ᠰᠤᠯᠠ ᠲᠠᠯᠪᠢᠵᠤ ᠪᠦᠷᠢᠯᠭᠡᠨ ᠰᠦᠢᠳᠬᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠲᠤᠭᠠᠴᠢᠯᠠᠭᠰᠠᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠠᠷᠢᠮᠵᠢᠶᠠᠵᠢᠭᠤᠯᠤᠨ ᠲᠦᠷᠢᠮᠵᠢᠬᠦᠯᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠤ ᠴᠡᠭᠴᠡᠯᠡᠯᠲᠡ ᠶᠢᠨ | ᠰᠢᠰᠲ᠋ᠧᠮ ᠪᠠ ᠴᠡᠭᠴᠡᠯᠡᠯᠲᠡ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠢ ᠠᠬᠢᠭᠤᠯᠵᠤ᠂ ᠬᠠᠤᠯᠢ ᠶᠢ ᠴᠢᠩᠭ᠎ᠠ | ᠬᠡᠷᠡᠭᠵᠢᠭᠦᠯᠦᠨ᠂ ᠲᠥᠪ ᠭᠤᠣᠯᠴᠢ ᠪᠠᠷ ᠬᠠᠤᠯᠢ ᠪᠠᠷᠢᠵᠤ᠂ ᠬᠠᠤᠯᠢ ᠪᠠᠷ ᠵᠠᠰᠠᠬᠤ ᠳᠥᠷᠪᠡᠳ ᠬᠤᠰᠢᠭᠤᠨ ᠤ | ᠪᠠᠶᠢᠭᠤᠯᠤᠯᠲᠠ ᠶᠢ ᠲᠦᠷᠭᠡᠳᠬᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ | ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠲᠠ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠂ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠨ᠎ᠡ᠃ | ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠤᠳᠤᠯᠭ᠎ᠠ ᠨᠢ ᠰᠢᠨᠵᠢᠯᠡᠬᠦ | ᠤᠬᠠᠭᠠᠨᠴᠢ᠂ ᠬᠡᠷᠡᠭᠵᠢᠭᠦᠯᠦᠯᠲᠡ ᠨᠢ ᠪᠦᠲᠦᠮᠵᠢᠲᠡᠢ᠂ ᠬᠢᠨᠠᠯᠲᠠ ᠨᠢ ᠬᠦᠴᠦᠲᠡᠢ ᠡᠷᠬᠡ ᠶᠢᠨ ᠠᠵᠢᠯᠯᠠᠭᠠᠨ ᠤ | ᠰᠢᠰᠲ᠋ᠧᠮ ᠢ ᠪᠠᠶᠢᠭᠤᠯᠤᠨ᠎ᠠ᠃ | ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ | ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ | ᠴᠢᠩᠭᠠᠳᠬᠠᠨ᠂ ︽ᠴᠠᠭ ᠢᠮᠠᠭᠲᠠ ᠰᠡᠳᠬᠢᠯ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ | ᠪᠣᠯᠭᠠᠨ ᠢ ᠴᠢᠩᠭ᠎ᠠ ᠠᠳᠬᠤᠬᠤ︾ ᠤᠬᠠᠮᠰᠠᠷ ᠪᠠ ᠯᠠᠪᠳᠠᠭᠤᠨ ᠪᠠᠲᠤᠲᠠᠢ ᠦᠢᠯᠡ ᠠᠵᠢᠯᠯᠠᠭ᠎ᠠ ᠪᠠᠷ ᠢᠶᠠᠨ ᠨᠠᠮ ᠪᠠ | ᠠᠷᠠᠳ ᠲᠦᠮᠡᠨ ᠳᠤ ᠬᠠᠷᠢᠭᠤᠴᠠᠯᠭ᠎ᠠ ᠡᠬᠦᠷᠬᠡᠯᠡᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ | ᠨᠠᠢᠮᠠᠨ ᠵᠤᠷᠪᠤᠰ ᠲᠣᠭᠲᠠᠭᠠᠯ ᠵᠢᠴᠢ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠲᠤᠭᠤᠰᠢᠯᠠᠭᠤᠯᠵᠤ᠂ ︽ | ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢ ᠢᠳᠡᠪᠬᠢᠲᠡᠢ ᠪᠤᠢ ᠪᠣᠯᠭᠠᠨ᠎ᠠ᠃ ᠵᠠᠰᠠᠭ ᠤᠨ ᠣᠷᠳᠣᠨ ᠠᠴᠠ ᠠᠷᠪᠢᠯᠠᠨ ᠭᠠᠮᠨᠠᠬᠤ ᠶᠢ ᠪᠠᠷᠢᠮᠲᠠᠯᠠᠵᠤ᠂ | ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ | ᠬᠢᠵᠠᠭᠠᠷᠯᠠᠵᠤ᠂ ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠡᠳ᠋ ᠤᠨ | ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠳᠤ ᠨᠥᠭᠡᠴᠡ ᠨᠡᠮᠡᠷᠢᠯᠡᠵᠦ᠂ ᠤᠯᠠᠨ ᠲᠦᠮᠡᠨ ᠳᠤ ᠠᠰᠠᠷᠠᠮᠵᠢ | ᠤᠯᠭᠤᠨ᠎ᠠ᠃ | ᠲᠥᠯᠥᠭᠡᠯᠡᠭᠴᠢᠳ ᠡ᠂ ᠪᠢᠳᠡ ᠤᠯᠠᠨ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠡᠭᠦᠷᠢᠳᠡ ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠦᠭᠡᠢ ᠤᠷᠤᠭᠰᠢᠯᠠᠬᠤ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠷᠡᠯᠬᠡᠭᠯᠡᠨ ᠲᠡᠮᠡᠴᠡᠵᠦ᠂ ᠳᠥᠷᠪᠡᠳ ᠬᠤᠰᠢᠭᠤᠨ ᠤ ᠴᠢᠨᠠᠷ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠬᠢᠷᠢ ᠪᠦᠳᠦᠮᠵᠢ ᠪᠠᠷ ᠢᠶᠠᠨ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠪᠡᠯᠡᠭ ᠬᠦᠷᠭᠡᠶ᠎ᠡ︕ | | | ᠳᠡᠪᠰᠢᠭᠦᠯᠦᠭᠴᠢ ᠄ ᠲᠡᠷᠭᠡᠯ |