ᠵᠠᠩᠭᠠᠨ ᠰᠤᠮᠤ ᠪᠥᠬᠦ ᠺᠠᠳ᠋ᠷᠴᠤᠳ ᠤᠨ ᠶᠡᠭᠡ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/25
      ᠵᠠᠩᠭᠠᠨ ᠰᠤᠮᠤ ᠪᠥᠬᠦ ᠺᠠᠳ᠋ᠷᠴᠤᠳ ᠤᠨ ᠶᠡᠭᠡ ᠬᠤᠷᠠᠯ ᠬᠢᠭᠰᠡᠨ             ᠪᠦᠬᠦ ᠰᠤᠮᠤ ᠶᠢᠨ ᠺᠠᠳ᠋ᠷ ᠢ ᠳᠠᠶᠢᠴᠢᠯᠠᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠶᠢᠨ ᠲᠥᠯᠥᠭᠡ᠂ ᠴᠠᠭ ᠢᠮᠠᠭᠲᠠ ᠪᠡᠯᠡᠬᠡᠨ ᠪᠠᠶᠢᠵᠤ᠂ ᠰᠢᠨ᠎ᠡ ᠨᠢᠭᠡᠨ ᠵᠢᠯ ᠤᠨ ᠠᠵᠢᠯ ᠳᠤ ᠪᠦᠬᠦ ᠰᠤᠮᠤ ᠶᠢᠨ ᠡᠯ᠎ᠡ ᠲᠥᠷᠥᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠵᠤ᠂ ᠣᠶᠢᠷ᠎ᠠ ᠳᠤ ᠵᠠᠩᠭᠠᠨ ᠰᠤᠮᠤ ᠨᠢᠭᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠪᠦᠬᠦ ᠺᠠᠳ᠋ᠷ ᠤᠨ ᠶᠡᠭᠡ ᠬᠤᠷᠠᠯ ᠬᠢᠪᠡ᠃       ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠰᠤᠮᠤ ᠶᠢᠨ ᠪᠦᠬᠦ ᠺᠠᠳ᠋ᠷ ᠬᠤᠷᠠᠯ ᠳᠤ ᠣᠷᠣᠯᠴᠠᠵᠠᠢ᠃ 
3.15.jpg      
      ᠬᠤᠷᠠᠯ ᠳᠡᠭᠡᠷ᠎ᠡ᠂ ᠡᠯ᠎ᠡ ᠬᠦᠷᠢᠶ᠎ᠡ ᠬᠡᠪᠴᠢᠶᠡᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ 《 ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 》 ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ᠤᠬᠠᠭᠤᠯᠭ᠎ᠠ ᠰᠣᠶᠣᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠰᠡᠷᠭᠦᠭᠡᠬᠦ᠂ ᠠᠶᠤᠯᠭᠦᠢ ᠦᠢᠯᠡᠳᠪᠦᠷᠢᠯᠡᠯ᠂ ᠬᠠᠪᠤᠷ ᠤᠨ ᠲᠠᠷᠢᠶᠠᠯᠠᠭ᠎ᠠ ᠵᠡᠷᠭᠡ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠲᠣᠬᠢᠷᠠᠭᠤᠯᠬᠤ ᠪᠥᠭᠡᠳ ᠳᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠱᠠᠭᠠᠷᠳᠠᠭᠰᠠᠨ ᠨᠢ᠂ ᠪᠦᠬᠦ ᠺᠠᠳ᠋ᠷᠴᠦᠳ ᠪᠡᠶ᠎ᠡ ᠪᠠ ᠬᠢᠴᠢᠶᠡᠵᠦ᠂ ᠵᠠᠷᠯᠢᠭ ᠳᠠᠭᠠᠵᠤ ᠬᠥᠳᠡᠯᠦᠯᠴᠡᠵᠦ᠂ ᠰᠡᠳᠬᠢᠯ ᠬᠠᠨᠤᠮᠵᠢᠲᠠᠢ ᠪᠠᠶᠢᠬᠤ ᠵᠣᠷᠢᠭ ᠰᠠᠨᠠᠭ᠎ᠠ᠂ ᠬᠤᠷᠳᠤᠴᠠ ᠪᠠᠨ ᠲᠦᠷᠭᠡᠳᠬᠡᠬᠦ ᠠᠶᠢᠵᠠᠮ᠂ ᠪᠣᠳᠠᠲᠠᠢ ᠠᠵᠢᠯᠯᠠᠬᠤ ᠰᠤᠷᠲᠠᠯ ᠢᠶᠠᠷ ᠳᠠᠷᠦ᠋ᠢᠬᠠᠨ ᠬᠥᠳᠡᠯᠦᠯᠴᠡᠵᠦ᠂ ᠪᠦᠬᠦ ᠠᠵᠢᠯ ᠤᠨ ᠬᠦᠴᠦᠨ ᠴᠢᠳᠠᠯ ᠤᠨ ᠪᠠᠶᠢᠳᠠᠯ ᠪᠠ ᠣᠷᠣᠨ ᠪᠠᠶᠢᠷᠢ ᠳᠠᠭᠠᠨ ᠪᠡᠯᠡᠬᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠣᠨ ᠤ ᠠᠵᠢᠯ ᠤᠨ ᠲᠥᠯᠥᠪᠯᠡᠭᠡ ᠪᠠᠨ ᠴᠠᠭ ᠱᠠᠯᠠᠪᠳᠠᠨ ᠲᠣᠭᠲᠠᠭᠠᠵᠤ᠂ 《 ᠶᠠᠭᠠᠬᠢᠵᠤ ᠠᠷᠭ᠎ᠠ ᠰᠦᠪᠡᠭᠴᠢᠯᠡᠬᠦ 》 《 ᠶᠠᠭᠤᠨ ᠳᠤ ᠠᠷᠭ᠎ᠠ ᠰᠦᠪᠡᠭᠴᠢᠯᠡᠬᠦ 》 ᠲᠠᠯ᠎ᠠ ᠪᠠᠷ ᠬᠦᠴᠦ ᠣᠷᠣᠭᠤᠯᠵᠤ᠂ ᠠᠵᠢᠯ ᠢᠶᠠᠨ ᠡᠬᠢᠯᠡᠭᠦᠯᠬᠦ ᠳᠤ ᠰᠠᠶᠢᠨ ᠰᠠᠭᠤᠷᠢ ᠲᠠᠯᠪᠢᠬᠤ ᠬᠡᠷᠡᠭᠲᠡᠢ᠃ 2024 ᠣᠨ ᠤ ᠪᠦᠬᠦ ᠵᠢᠯ ᠤᠨ ᠬᠠᠷᠠᠯᠲᠠ ᠶᠢᠨ ᠡᠭᠦᠷᠭᠡ ᠶᠢᠨ ᠲᠣᠭᠤᠷᠢᠨ ᠳᠤ᠂ ᠭᠤᠣᠯᠳᠠᠯᠭ᠎ᠠ ᠪᠠᠨ ᠳᠣᠪᠤᠶᠢᠯᠭᠠᠨ᠂ ᠵᠠᠩᠭᠢᠯᠠᠭ᠎ᠠ ᠶᠢ ᠣᠨᠢᠯᠠᠵᠤ᠂ ᠨᠠᠷᠢᠨ ᠨᠢᠮᠪᠠᠢ ᠠᠷᠭ᠎ᠠ ᠰᠦᠪᠡᠭᠴᠢᠯᠡᠵᠦ᠂ ᠠᠵᠤ ᠦᠢᠯᠡᠰ ᠢ ᠲᠥᠯᠥᠪᠯᠡᠬᠦ᠂ ᠠᠶᠤᠯ ᠦᠭᠡᠢ ᠦᠢᠯᠡᠳᠪᠦᠷᠢᠯᠡᠯ᠂ ᠨᠡᠶᠢᠭᠡᠮ ᠤᠨ ᠵᠠᠰᠠᠯᠲᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠦᠷᠦᠯᠴᠡᠬᠦ ᠦᠭᠡᠢ ᠲᠠᠯ᠎ᠠ ᠪᠠ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠭᠡᠭᠡᠭᠳᠡᠵᠦ ᠣᠷᠬᠢᠭᠳᠠᠭᠰᠠᠨ ᠢ ᠪᠠᠶᠢᠴᠠᠭᠠᠨ ᠨᠥᠬᠦᠪᠥᠷᠢᠯᠡᠵᠦ᠂ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠣᠷᠭᠠᠨᠢᠭ ᠢᠶᠠᠷ ᠵᠣᠯᠭᠠᠯᠳᠤᠭᠤᠯᠵᠤ᠂ 《 ᠴᠢᠩᠭ᠎ᠠ 》 ᠠᠵᠢᠯ ᠤᠨ ᠪᠠᠷᠢᠮᠵᠢᠶ᠎ᠠ᠂ 《 ᠴᠢᠩᠭ᠎ᠠ 》 ᠠᠵᠢᠯ ᠤᠨ ᠠᠶᠢᠵᠠᠮ ᠢ ᠢᠮᠠᠭᠲᠠ ᠡᠵᠡᠮᠳᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠶᠠᠰᠤ ᠴᠢᠨᠠᠷ ᠪᠠ ᠲᠤᠭ᠎ᠠ ᠶᠣᠰᠣᠭᠠᠷ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ᠃ᠪᠠᠶᠠᠷ ᠤᠨ ᠳᠠᠷᠠᠭᠠᠬᠢ 《 ᠪᠣᠯᠬᠢ᠂ ᠠᠯᠵᠠᠭᠤ᠂ ᠰᠤᠯᠠ ᠵᠠᠳᠠᠭᠠᠢ᠂ ᠬᠥᠪᠰᠥᠭᠡᠷ᠂ ᠤᠳᠠᠭᠠᠰᠢᠷᠠᠭᠤᠯᠬᠤ 》 ᠦᠵᠡᠭᠳᠡᠯ ᠢ ᠡᠷᠡᠰ ᠲᠡᠪᠴᠢᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠥᠪᠴᠢ ᠶᠢ ᠢᠮᠠᠭᠲᠠ ᠴᠢᠩᠭ᠎ᠠ ᠠᠳᠬᠤᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠦᠢᠯᠡᠳᠦᠯᠭᠡᠵᠢᠭᠦᠯᠦᠨ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠠᠵᠢᠯ ᠳᠤ ᠭᠠᠷᠴᠤ ᠠᠵᠢᠯ ᠠᠴᠠ ᠪᠠᠭᠤᠬᠤ᠂ ᠵᠢᠵᠢᠭᠦᠷᠯᠡᠨ ᠰᠠᠬᠢᠬᠤ᠂ ᠴᠢᠯᠥᠭᠡ ᠠᠪᠬᠤ ᠪᠠ ᠴᠢᠯᠥᠭᠡ ᠲᠠᠶᠢᠯᠬᠤ ᠵᠡᠷᠭᠡ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠴᠤᠭ ᠪᠠᠳᠠᠷᠠᠩᠭᠤᠢ ᠣᠶᠤᠨ ᠰᠠᠨᠠᠭᠠᠨ ᠤ ᠪᠠᠶᠢᠳᠠᠯ ᠵᠢᠴᠢ ᠠᠵᠢᠯ ᠤᠨ ᠬᠠᠯᠠᠭᠤᠨ ᠰᠡᠳᠬᠢᠯᠭᠡ ᠶᠢ ᠦᠷᠭᠦᠯᠵᠢᠯᠡᠨ ᠪᠠᠲᠤᠯᠠᠵᠤ᠂ 2014 ᠣᠨ ᠤ ᠡᠯ᠎ᠡ ᠵᠦᠢᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2