ᠳ᠋ᠦᠩ ᠪᠠ ᠬᠤᠤ  ᠰᠢᠶᠠᠩ 《 ᠯᠧᠢ  ᠹᠧᠩ ᠠᠴᠠ ᠰᠤᠷᠤᠯᠴᠠᠵᠤ ᠪᠣᠯᠪᠠᠰᠤᠨ ᠢᠶᠠᠷ ᠦᠢᠯᠡᠳᠦᠯᠭᠡᠵᠢᠭᠦᠯᠦᠶ᠎ᠡ 》 ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/3/25
      ᠳ᠋ᠦᠩ ᠪᠠ ᠬᠤᠤ  ᠰᠢᠶᠠᠩ 《 ᠯᠧᠢ  ᠹᠧᠩ ᠠᠴᠠ ᠰᠤᠷᠤᠯᠴᠠᠵᠤ ᠪᠣᠯᠪᠠᠰᠤᠨ ᠢᠶᠠᠷ ᠦᠢᠯᠡᠳᠦᠯᠭᠡᠵᠢᠭᠦᠯᠦᠶ᠎ᠡ 》 ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠦᠭᠰᠡᠨ              ᠳ᠋ᠦᠩ ᠪᠠ ᠬᠤᠤ  ᠰᠢᠶᠠᠩ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠣᠢ ᠪᠣᠯᠭᠠᠬᠤ ᠪᠠᠷ ᠭᠤᠣᠯ ᠱᠤᠭᠤᠮ ᠪᠣᠯᠭᠠᠵᠤ᠂ 《 ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 》 ᠣᠯᠠᠨ ᠲᠦᠮᠡᠨ ᠤ ᠦᠢᠯᠡᠳᠦᠯᠭᠡ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠠᠷᠠᠳ ᠲᠦᠮᠡᠨ ᠳᠤ ᠦᠢᠯᠡᠴᠢᠯᠡᠬᠦ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠠᠢ᠃ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠪᠠᠳᠠᠷᠠᠭᠤᠯᠵᠤ᠂ ᠯᠧᠢ ᠹᠧᠩ ᠤᠨ ᠤᠯᠠᠮᠵᠢᠯᠠᠯ ᠢ ᠵᠠᠯᠭᠠᠮᠵᠢᠯᠠᠨ᠂ ᠳ᠋ᠦ᠋ᠩ ᠪᠠ ᠰᠢᠶᠠᠩ ᠯᠧᠢ  ᠹᠧᠩ ᠠᠴᠠ ᠰᠤᠷᠤᠯᠴᠠᠬᠤ᠂ ᠥᠪᠡᠷ ᠤᠨ ᠠᠵᠢᠯᠯᠠᠭ᠎ᠠ ᠪᠠᠨ ᠪᠣᠯᠪᠠᠰᠤᠨ ᠢᠶᠠᠷ ᠦᠢᠯᠡᠳᠦᠯᠭᠡᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃ ᠳ᠋ᠦᠩ ᠪᠠ ᠬᠤᠤ  ᠰᠢᠶᠠᠩ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ( ᠥᠷᠲᠡᠭᠡ ) ᠶᠢᠨ ᠨᠠᠮ ᠤᠨ ᠭᠡᠰᠢᠭᠦᠨ ᠺᠠᠳ᠋ᠷ᠂ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢ᠂ ᠡᠯ᠎ᠡ ᠲᠣᠰᠬᠤᠨ ᠤ ᠣᠢ ᠬᠠᠮᠠᠭᠠᠯᠠᠭᠴᠢ᠂ ᠴᠡᠪᠡᠷᠯᠡᠭᠴᠢ ᠶᠢ ᠵᠣᠬᠢᠶᠠᠨ ᠪᠠᠶᠢᠭᠤᠯᠵᠤ 《 ᠯᠧᠢ ᠹᠧᠩ ᠠᠴᠠ ᠰᠤᠷᠤᠯᠴᠠᠬᠤ 》 ᠲᠣᠰᠬᠤᠨ ᠤ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠨᠢᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠳᠤ ᠬᠦᠴᠦᠨ ᠨᠡᠮᠡᠷᠢᠯᠡᠨ᠎ᠡ᠃       ᠲᠤᠬᠠᠢ ᠶᠢᠨ ᠲᠠᠯᠠᠪᠠᠢ ᠳᠤ᠂ ᠬᠥᠳᠡᠭᠡ ᠲᠣᠰᠬᠤᠨ ᠤ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷ᠂ ᠰᠠᠶᠢᠨ ᠳᠤᠷᠠᠴᠤᠳ ᠪᠤᠵᠠᠷ᠂ ᠬᠦᠴᠢᠷ‌‍ᠡᠴᠡ ᠠᠶᠤᠬᠤ ᠦᠭᠡᠢ᠂ ᠶᠠᠳᠠᠷᠠᠵᠤ ᠵᠦᠳᠡᠷᠡᠬᠦ ᠠᠴᠠ ᠠᠶᠤᠬᠤ ᠦᠭᠡᠢ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ 《 ᠵᠠᠮ᠂ ᠭᠤᠣ᠂ ᠳᠠᠪᠠᠭ᠎ᠠ᠂ ᠰᠤᠪᠠᠭ 》 ᠵᠢᠴᠢ ᠣᠯᠠᠨ ᠨᠡᠶᠢᠲᠡ ᠶᠢᠨ ᠭᠠᠵᠠᠷ ᠢᠶᠠᠷ ᠭᠤᠣᠯᠳᠠᠯᠭ᠎ᠠ ᠪᠣᠯᠭᠠᠨ᠂ ᠣᠷᠣᠨ ᠪᠦᠰᠡ ᠶᠢᠨ ᠳᠣᠲᠣᠷᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠵᠦ᠂ ᠡᠷᠡᠭᠦᠯ ᠬᠠᠮᠠᠭᠠᠯᠠᠯ ᠤᠨ ᠥᠨᠴᠥᠭ ᠪᠤᠯᠤᠩ ᠥᠬᠡᠢ ᠪᠠᠶᠢᠬᠤ ᠶᠢ ᠪᠠᠲᠤᠯᠠᠵᠤ᠂ ᠲᠣᠰᠬᠤᠨ ᠤ ᠳᠦᠷᠢ ᠲᠦᠷᠬᠦ ᠶᠢ ᠳᠡᠭᠡᠭᠰᠢᠯᠡᠭᠦᠯᠦᠨ᠎ᠡ᠃        ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠨᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ 《 ᠵᠢᠷᠤᠭᠯᠠᠵᠤ 》 ᠪᠠᠶᠢᠨ᠎ᠠ᠃ ᠳ᠋ᠦᠩ ᠪᠠ ᠬᠤᠤ ᠰᠢᠶᠠᠩ᠂ ᠬᠥᠮᠦᠨ ᠰᠠᠭᠤᠷᠢᠰᠢᠯ ᠤᠨ ᠣᠷᠴᠢᠨ ᠲᠣᠭᠤᠷᠢᠨ ᠤ ᠴᠡᠭᠴᠡᠯᠡᠯᠲᠡ ᠶᠢᠨ ᠠᠵᠢᠯ ᠢ 《 ᠨᠠᠮ ᠳᠠᠭᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠵᠤ ᠶᠠᠪᠤᠬᠤ 》 ᠣᠯᠠᠨ ᠲᠦᠮᠡᠨ ᠤ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ  ᠲᠠᠢ ᠤᠶᠠᠯᠳᠤᠭᠤᠯᠤᠨ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠬᠠᠮᠲᠤ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠣᠯᠤᠨ ᠬᠥᠮᠦᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠤᠶᠠᠯᠳᠤᠭᠤᠯᠵᠤ᠂ ᠣᠯᠠᠨ ᠲᠦᠮᠡᠨ ᠤ ᠭᠡᠷ ᠲᠤ ᠭᠦᠨᠵᠡᠭᠡᠶᠢᠷᠡᠨ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠭᠦᠢᠴᠡᠳ ᠳᠠᠶᠢᠴᠢᠯᠠᠵᠤ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤᠮᠳᠠᠬᠢ ᠭᠤᠣᠯ ᠬᠦᠴᠦᠨ ᠴᠡᠷᠢᠭ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ 《 ᠡᠭᠦᠳᠡ ᠪᠠᠨ ᠬᠠᠭᠠᠵᠤ ᠴᠠᠰᠤ ᠠᠷᠢᠯᠭᠠᠬᠤ 》 ᠠᠮᠢᠳᠤᠯᠢᠭ ᠪᠠᠶᠢᠳᠠᠯ ᠢ ᠪᠣᠢ ᠪᠣᠯᠭᠠᠵᠤ᠂ ᠬᠥᠮᠦᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠡᠷᠠᠭᠤᠯᠪᠠ᠃         ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠯᠧᠢ ᠹᠧᠩ ᠢᠶᠠᠷ ᠳᠠᠭᠤᠷᠢᠶᠠᠯ ᠪᠣᠯᠭᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠬᠦ ᠠᠭᠤᠷ ᠠᠮᠢᠰᠬᠤᠯ ᠢ ᠪᠣᠢ ᠪᠣᠯᠭᠠᠵᠠᠢ᠃ ᠳᠠᠷᠠᠭ᠎ᠠ ᠠᠯᠬᠤᠮ ᠳᠤ᠂ ᠵᠡᠭᠦᠨ ᠨᠠᠢᠮᠠᠳᠤᠭᠠᠷ ᠰᠢᠶᠠᠩ ᠨᠠᠮ ᠤᠨ ᠭᠡᠰᠢᠭᠦᠨ ᠺᠠᠳ᠋ᠷ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠷᠠᠳ ᠲᠤ ᠦᠢᠯᠡᠴᠢᠯᠡᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠷᠢᠮᠲᠠᠯᠠᠵᠤ᠂ ᠣᠯᠠᠨ ᠲᠦᠮᠡᠨ ᠳᠤ ᠪᠣᠳᠠᠲᠠᠢ ᠠᠵᠢᠯ᠂ ᠰᠠᠶᠢᠨ ᠶᠠᠪᠤᠳᠠᠯ ᠬᠢᠵᠦ ᠥᠭᠬᠦ ᠶᠢ ᠪᠠᠷᠢᠮᠲᠠᠯᠠᠨ᠂ ᠰᠠᠭᠤᠭᠠᠯᠢ ᠠᠷᠠᠳ ᠤᠨ ᠠᠰᠢᠭ ᠬᠦᠷᠲᠡᠬᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠲᠠᠰᠤᠷᠠᠯᠲᠠ ᠥᠬᠡᠢ ᠳᠡᠭᠡᠭᠰᠢᠯᠡᠭᠦᠯᠦᠨ᠎ᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ   
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2