ᠬᠤᠰᠢᠭᠤᠨ ᠤ ᠴᠠᠭ ᠠᠭᠤᠷ ᠤᠨ ᠲᠣᠪᠴᠢᠶ᠎ᠠ 《 ᠳᠡᠯᠡᠬᠡᠢ ᠶᠢᠨ ᠴᠠᠭ ᠠᠭᠤᠷ ᠤᠨ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠦᠭᠰᠡᠨ
ᠨᠡᠶᠢᠲᠡᠯᠡᠭᠰᠡᠨ ᠴᠠᠭ᠄
2024/3/25
      ᠬᠤᠰᠢᠭᠤᠨ ᠤ ᠴᠠᠭ ᠠᠭᠤᠷ ᠤᠨ ᠲᠣᠪᠴᠢᠶ᠎ᠠ 《 ᠳᠡᠯᠡᠬᠡᠢ ᠶᠢᠨ ᠴᠠᠭ ᠠᠭᠤᠷ ᠤᠨ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠦᠭᠰᠡᠨ                  ᠵᠢᠷᠠᠨ ᠲᠦᠷᠪᠡᠳᠡᠬᠢ ᠳᠡᠯᠡᠬᠡᠢ ᠶᠢᠨ ᠴᠠᠭ ᠠᠭᠤᠷ ᠤᠨ ᠡᠳᠦᠷ ᠤᠨ ᠳᠠᠰᠢᠷᠠᠮ ᠳᠤ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠥᠷᠪᠡᠳ ᠲᠠᠯᠠᠪᠠᠢ ᠳᠤ 《ᠳᠡᠯᠡᠬᠡᠢ ᠶᠢᠨ ᠴᠠᠭ ᠠᠭᠤᠷ ᠤᠨ ᠡᠳᠦᠷ 》 ᠤᠨ ᠰᠤᠷᠲᠠᠯᠴᠢᠯᠠᠭᠠᠨ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠦᠭᠰᠡᠨ  ᠪᠠᠶᠢᠨ᠎ᠠ᠃       ᠠᠵᠢᠯᠯᠠᠭ᠎ᠠ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠲᠠᠪᠴᠠᠩ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠡᠶᠢᠭᠡᠮ ᠤᠨ ᠣᠯᠠᠨ ᠨᠡᠶᠢᠲᠡ ᠳᠤ ᠴᠠᠭ ᠠᠭᠤᠷ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠠᠶᠢᠯᠪᠤᠷᠢᠯᠠᠨ ᠂ ᠬᠥᠮᠦᠰ ᠤᠨ ᠴᠠᠭ ᠠᠭᠤᠷ ᠢ ᠠᠩᠬᠠᠷᠬᠤ ᠪᠠ ᠣᠶᠢᠯᠠᠭᠠᠬᠤ ᠶᠢ ᠳᠡᠭᠡᠭᠰᠢᠯᠡᠭᠦᠯᠬᠦ᠂ ᠠᠭᠤᠷ ᠠᠮᠢᠰᠬᠤᠯ ᠤᠨ ᠣᠨᠴᠠᠯᠢᠭ ᠬᠢᠭᠡᠳ ᠲᠠᠷᠢᠶᠠᠯᠠᠩ ᠤᠨ ᠠᠵᠢᠯᠯᠠᠭᠠᠨ ᠲᠠᠢ ᠤᠶᠠᠯᠳᠤᠭᠤᠯᠵᠤ᠂ ᠲᠤᠬᠠᠢ ᠶᠢᠨ ᠲᠠᠯᠠᠪᠠᠢ ᠳᠤ ᠬᠠᠪᠤᠷ ᠤᠨ ᠬᠤᠭᠤᠴᠠᠭᠠᠨ ᠳᠤ ᠦᠷᠭᠦᠯᠵᠢ ᠭᠠᠷᠳᠠᠭ ᠴᠠᠭ ᠠᠭᠤᠷ ᠤᠨ ᠬᠤᠪᠢᠷᠠᠯᠲᠠ ᠶᠢ ᠲᠠᠶᠢᠯᠪᠤᠷᠢᠯᠠᠨ ᠶᠠᠷᠢᠵᠤ᠂ ᠴᠠᠭ ᠠᠭᠤᠷ ᠤᠨ ᠬᠤᠪᠢᠷᠠᠯᠲᠠ ᠶᠢ ᠬᠡᠷᠬᠢᠨ ᠦᠨᠳᠦᠰᠦᠯᠡᠨ ᠠᠮᠢᠳᠤᠷᠠᠯ ᠪᠣᠯᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠲᠣᠬᠢᠷᠠᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠣᠯᠠᠨ ᠲᠦᠮᠡᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠣᠯᠤᠨ ᠠᠶᠤᠯ‌‍ᠠ᠋ᠴᠠ ᠵᠠᠶᠢᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ ᠬᠡᠮᠡᠨ ᠵᠣᠷᠢᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠠᠵᠢᠯᠯᠠᠭ᠎ᠠ ᠳᠤ ᠨᠡᠶᠢᠲᠡ 300 ᠭᠠᠷᠤᠢ ᠬᠤᠪᠢ ᠤᠬᠠᠭᠤᠯᠭ᠎ᠠ ᠶᠢᠨ ᠳᠡᠪᠲᠡᠷ᠂ 300 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮ ᠴᠢᠨᠠᠭᠰᠢᠳᠠ ᠲᠦᠭᠡᠮᠡᠯᠵᠢᠭᠦᠯᠦᠨ᠂ ᠣᠯᠠᠨ ᠨᠡᠶᠢᠲᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨᠴᠢ ᠬᠡᠪ ᠪᠣᠯᠪᠠᠰᠤᠷᠠᠯ ᠢ  ᠳᠡᠭᠡᠭᠰᠢᠯᠡᠭᠦᠯᠵᠡᠢ ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠲᠠᠨ᠎ᠠ  ᠮᠦᠰᠢᠶᠡ   ᠯᠢᠦᠢ ᠺᠠᠢ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2