ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ | ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠡᠩ ᠥᠨᠳᠥᠷ ᠭᠠᠷᠤᠭ᠎ᠠ ᠠᠴᠠ ᠳᠤᠮᠳᠠ ᠣᠷᠣᠨ ᠤ | ᠬᠥᠭᠵᠢᠯ ᠮᠠᠨᠳᠤᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ | | ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ | ᠰᠢᠨᠬᠤᠸᠠ ᠬᠤᠷᠢᠶ᠎ᠠ ᠶᠢᠨ ᠴᠠᠩᠱᠠ ᠶᠢᠨ 3 ᠰᠠᠷ᠎ᠠ ᠶᠢᠨ 20 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 20 ᠤ ᠦᠳᠡ ᠶᠢᠨ ᠬᠤᠶ᠋ᠢᠨᠠ ᠬᠤᠨᠠᠨ ᠮᠤᠵᠢ ᠶᠢᠨ ᠴᠠᠩᠱᠠ ᠬᠤᠲᠠ ᠳᠤ ᠰᠢᠨ᠎ᠡ ᠴᠠᠭ | ᠦᠶ᠎ᠡ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ | ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠ ᠣᠷᠣᠨ ᠪᠣᠯ ᠮᠠᠨ ᠤ ᠤᠯᠤᠰ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠬᠤᠯᠠ ᠰᠠᠭᠤᠷᠢᠨ᠂ ᠡᠨᠧᠷᠭᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ᠂ ᠤᠳᠤ ᠦᠶ᠎ᠡ ᠶᠢᠨ | ᠲᠣᠨᠣᠭᠯᠠᠯ ᠦᠢᠯᠡᠳᠬᠦ ᠵᠢᠴᠢ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠪᠣᠯᠣᠨ ᠶᠡᠷᠦᠩᠬᠡᠶ᠋ᠢᠯᠡᠭᠰᠡᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠦᠢᠰᠦ ᠪᠠᠶᠢᠵᠦ᠂ ᠪᠦᠭᠦ ᠤᠯᠤᠰ ᠲᠤ ᠮᠠᠰᠢ ᠴᠢᠬᠤᠯᠠ ᠪᠠᠶᠢᠷᠢ ᠰᠠᠭᠤᠷᠢ ᠲᠠᠢ ᠶᠤᠮ᠃ | ᠨᠠᠮ ᠤᠨ ᠲᠥᠪ ᠬᠤᠷᠢᠶ᠎ᠠ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠠᠯᠢ ᠤᠯᠠᠨ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠰᠠᠶᠢᠳᠤᠷ ᠠᠳᠬᠤᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠳᠤᠮᠳᠠ ᠣᠷᠣᠨ ᠤ ᠬᠥᠭᠵᠢᠯ ᠮᠠᠨᠳᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | 3 ᠰᠠᠷ᠎ᠠ ᠶᠢᠨ 20 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠮᠤᠵᠢ ᠶᠢᠨ | ᠴᠠᠩᠱᠠ ᠬᠤᠲᠠ ᠳᠤ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠦᠨ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠦᠨ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ | ᠱᠠᠨ ᠵᠢᠶᠧ᠂ ᠱᠠᠨ ᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠲᠠᠩ ᠳ᠋ᠧᠩ ᠵᠢᠶᠧ᠂ ᠠᠨᠾᠦ᠋ᠢ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠬᠠᠨ ᠵᠢᠶᠦ᠋ᠨ᠂ ᠵᠢᠶᠠᠩᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠬᠤᠩ᠂ ᠾᠧᠨᠠᠨ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠧᠦ ᠶᠠᠩ ᠱᠧᠩ᠂ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ | ᠸᠠᠩ ᠮᠧᠩ ᠬᠤᠢ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ | ᠬᠡᠯᠡᠵᠦ᠂ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ | ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠡᠭᠡᠷ᠎ᠡ | ᠤᠳᠠᠭ᠎ᠠ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠠᠴᠠ | ᠨᠠᠭᠠᠰᠢᠬᠢ 5 ᠵᠢᠯ ᠤᠨ ᠲᠤᠷᠰᠢ᠂ ᠳᠤᠮᠳᠠ ᠣᠷᠣᠨ ᠤ ᠠᠵᠤ ᠠᠬᠤᠢ ᠶᠡᠷᠦᠩᠬᠡᠢ ᠳᠡᠭᠡᠨ ᠲᠣᠭᠲᠠᠭᠤᠨ ᠪᠠᠶᠢᠵᠦ᠂ ᠰᠢᠨ᠎ᠡ ᠶᠢ | ᠡᠭᠦᠳᠬᠦ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠠᠵᠤ ᠦᠢᠯᠡᠰ ᠤᠨ ᠰᠠᠭᠤᠷᠢ | ᠢᠯᠡᠳᠲᠡ ᠰᠠᠶᠢᠵᠢᠷᠠᠵᠦ ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠨᠡᠶᠢᠭᠡᠮ ᠤᠨ ᠦᠢᠯᠡᠰ ᠪᠦᠭᠦ | ᠲᠠᠯ᠎ᠠ ᠪᠠᠷ ᠬᠥᠭᠵᠢᠵᠦ᠂ ᠠᠷᠠᠳ ᠤᠨ ᠠᠮᠢᠳᠤᠷᠠᠯ ᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠯᠬᠤᠮ ᠲᠦᠷᠭᠡᠳᠴᠦ᠂ ᠳᠤᠮᠳᠠ ᠣᠷᠣᠨ ᠤ | ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ ᠵᠣᠭᠰᠣᠪᠠ᠃ ᠡᠭᠦᠨ ᠤ ᠬᠠᠮᠲᠤ ᠳᠤᠮᠳᠠ ᠣᠷᠣᠨ ᠤ ᠭᠠᠵᠠᠷ ᠣᠷᠣᠨ ᠤ | ᠬᠥᠭᠵᠢᠯ ᠮᠠᠨᠳᠤᠯ ᠢ ᠠᠬᠢᠭᠤᠯᠬᠤ ᠳᠤ ᠮᠥᠨ ᠯᠡ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ᠂ | ᠦᠨᠡᠨ ᠬᠦ᠋ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠳᠡᠭ ᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ | ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ᠋ ᠰᠠᠭᠤᠷᠢ ᠳᠤ ᠰᠠᠭᠤᠷᠢᠯᠠᠨ | ᠂ ᠲᠡᠷᠢᠭᠦᠨ ᠤ ᠦᠢᠯᠡᠳᠬᠦ ᠦᠢᠯᠡᠰ ᠢ ᠪᠤᠵᠠᠭᠠᠶ᠋ᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ | ᠤᠷᠢᠳᠴᠢᠯᠠᠨ ᠪᠠᠶᠢᠷᠢᠰᠢᠭᠤᠯᠵᠤ ᠪᠦᠲᠦᠭᠡᠨ ᠪᠠᠶᠢᠭᠤᠯᠵᠤ ᠂ ᠲᠡᠷᠢᠭᠦᠨ ᠤ ᠦᠢᠯᠡᠳᠬᠦ ᠦᠢᠯᠡᠰ ᠢᠶᠠᠷ ᠲᠤᠯᠭᠠᠭᠤᠷᠢᠯᠠᠯ | ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ | ᠠᠭᠤᠰᠤᠯᠴᠠᠯ ᠢ ᠨᠡᠩ ᠴᠢᠬᠤᠯᠠᠴᠢᠯᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠡᠬᠢᠨ ᠤ ᠪᠠ ᠡᠴᠦᠰ ᠤᠨ ᠠᠵᠤ ᠦᠢᠯᠡᠰ ᠨᠢᠭᠲᠠ | ᠬᠠᠮᠲᠤᠷᠠᠯᠴᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ ᠦᠢᠯᠡᠳᠪᠦᠷᠢᠯᠡᠯ ᠵᠢᠭᠠᠨ ᠰᠤᠷᠭᠠᠯᠲᠠ | ᠰᠤᠳᠤᠯᠭᠠᠨ ᠤ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠲᠦᠷᠭᠡᠳᠬᠡᠬᠦ | ᠬᠡᠷᠡᠭᠲᠡᠢ᠃ ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠪᠠ ᠶᠡᠭᠡ | ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠢᠯᠡᠳᠬᠦ ᠦᠢᠯᠡᠰ ᠢ | ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠦᠨ ᠬᠥᠭᠵᠢᠭᠦᠯᠬᠦ ᠶᠢ ᠠᠬᠢᠭᠤᠯᠵᠤ᠂ ᠤᠯᠠᠮᠵᠢᠯᠠᠯᠲᠤ | ᠠᠵᠤ ᠦᠢᠯᠡᠰ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠪᠤᠰᠤᠳ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠯᠤᠭ᠎ᠠ ᠵᠤᠯᠭᠠᠯᠴᠠᠭᠤᠯᠬᠤ ᠶᠢ | ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠳᠤᠷ ᠠᠭᠤᠰᠤᠯᠴᠠᠨ ᠲᠤᠯᠭᠠᠭᠤᠷᠢᠯᠠᠬᠤ ᠬᠡᠷᠡᠭᠲᠡᠢ᠃ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ | ᠪᠤᠯᠤᠩ ᠤᠨ ᠣᠷᠣᠨ ᠯᠤᠭ᠎ᠠ ᠶᠢᠨ ᠭᠦᠨᠵᠡᠭᠡᠢ ᠵᠣᠯᠭᠠᠯᠴᠠᠭ᠎ᠠ ᠶᠢ ᠴᠢᠩᠭᠠᠳᠬᠠᠵᠤ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ | ᠰᠠᠶᠢᠲᠠᠢ ᠬᠥᠭᠵᠢᠯᠲᠡ ᠯᠦᠭᠡ ᠶᠢᠨ ᠠᠭᠤᠰᠤᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠠᠵᠤ | ᠦᠢᠯᠡᠰ ᠢ ᠱᠠᠲᠤᠯᠢᠭ ᠰᠢᠯᠵᠢᠭᠦᠯᠬᠦ ᠶᠢ ᠡᠮᠬᠢ ᠵᠢᠷᠤᠮ ᠲᠠᠢ ᠪᠠᠷ ᠭᠥᠯᠢᠶᠡᠨ ᠠᠪᠴᠤ᠂ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠ ᠣᠷᠣᠨ ᠤ ᠶᠡᠭᠡ | ᠨᠡᠪᠲᠡᠷᠡᠬᠦ ᠵᠠᠮ ᠤᠨ ᠪᠠᠶᠢᠷᠢᠰᠢᠯ ᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠳᠣᠲᠣᠷᠠᠬᠢ ᠮᠤᠵᠢ ᠶᠢᠨ | ᠬᠤᠭᠤᠷᠣᠨᠳᠣᠭᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ | ᠬᠠᠮᠵᠢᠯᠴᠠᠨ ᠬᠥᠭᠵᠢᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠥᠬᠡᠮᠥ᠋ᠷᠡᠨ ᠤ ᠳᠤᠮᠳᠠ ᠤᠷᠤᠰᠬᠠᠯ ᠤᠨ ᠬᠤᠳᠠ ᠶᠢᠨ | ᠪᠦᠯᠦᠭᠵᠢᠯ ᠪᠠ ᠳᠤᠮᠳᠠᠳᠤ ᠣᠷᠣᠨ ᠤ ᠬᠤᠳᠠ ᠶᠢᠨ ᠪᠦᠯᠦᠭᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠬᠤᠳᠠ ᠶᠢᠨ | ᠬᠦᠷᠢᠶᠡᠨ ᠤ ᠬᠤᠭᠤᠷᠣᠨᠳᠣᠭᠢ ᠵᠣᠬᠢᠴᠠᠯᠳᠤᠨ ᠬᠤᠯᠪᠣᠯᠳᠤᠬᠤ ᠶᠢ ᠴᠢᠩᠭᠠᠳᠬᠠᠵᠤ᠂ ᠡᠷᠭᠢᠨ ᠲᠣᠭᠤᠷᠢᠨ ᠤ ᠭᠠᠵᠠᠷ | ᠣᠷᠣᠨ ᠤ ᠬᠥᠭᠵᠢᠯᠲᠡ ᠶᠢ ᠨᠡᠩ ᠰᠠᠶᠢᠳᠤᠷ ᠳᠠᠭᠠᠭᠤᠯᠤᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠥᠷᠢᠰᠦᠯᠳᠦᠬᠦ ᠬᠦᠴᠦᠨ ᠲᠠᠢ ᠳᠣᠲᠣᠭᠠᠳᠤ ᠬᠠᠭᠤᠷᠠᠢ ᠶᠢᠨ | ᠨᠡᠭᠡᠭᠡᠯᠲᠡ ᠶᠢᠨ ᠥᠨᠳᠦᠷᠯᠢᠭ ᠢ ᠦᠷᠭᠦᠯᠵᠢᠯᠡᠨ ᠴᠣᠭᠴᠠᠯᠠᠬᠤ ᠬᠡᠷᠡᠭᠲᠡᠢ᠃ ᠡᠯᠧᠮᠧᠨᠲ ᠤᠨ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ | ᠲᠡᠭᠦᠯᠳᠡᠷᠵᠢᠭᠦᠯᠦᠨ᠂ ᠣᠷᠣᠨ ᠨᠤᠲᠤᠭ ᠤᠨ ᠬᠠᠮᠠᠭᠠᠯᠠᠯᠲᠠ ᠶᠢᠨ ᠦᠢᠯᠡ ᠠᠵᠢᠯᠯᠠᠭ᠎ᠠ ᠶᠢ ᠪᠦᠭᠦ ᠲᠠᠯ᠎ᠠ ᠪᠠᠷ ᠢᠯᠭᠠᠷᠠᠭᠤᠯᠤᠨ | ᠵᠠᠯᠠᠷᠠᠭᠤᠯᠵᠤ᠂ ᠡᠯ᠎ᠡ ᠵᠦᠢᠯ ᠤᠨ ᠦᠢᠯᠡᠳᠪᠦᠷᠢᠯᠡᠯ ᠤᠨ ᠬᠦᠴᠦᠨ ᠤ ᠡᠯᠧᠮᠧᠨᠲ ᠤᠨ ᠣᠷᠣᠨ ᠪᠦᠰᠡ ᠠᠯᠤᠰᠯᠠᠨ ᠵᠦᠢ | ᠵᠣᠬᠢᠰᠲᠠᠢ ᠪᠠᠷ ᠰᠢᠯᠵᠢᠭᠦ ᠪᠠ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠪᠦᠭᠦ ᠤᠯᠤᠰ ᠤᠨ ᠨᠢᠭᠡᠳᠦᠯᠲᠡᠢ ᠲᠣᠮᠣ | ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠨᠡᠩ ᠰᠠᠶᠢᠨ ᠣᠷᠤᠯᠴᠠᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠰᠢᠨ᠎ᠡ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢᠨ ᠬᠥᠭᠦᠷᠭᠡ᠂ | ᠪᠠᠷᠠᠭᠤᠨ ᠬᠡᠰᠡᠭ ᠤᠨ ᠡᠬᠡ ᠬᠠᠭᠤᠷᠠᠢ ᠪᠠ ᠲᠡᠯᠡᠶ ᠶᠢᠨ ᠰᠢᠨ᠎ᠡ ᠨᠡᠪᠲᠡᠷᠡᠬᠦ ᠵᠠᠮ ᠳᠤ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ ᠪᠠᠷᠢᠮᠵᠢᠶ᠎ᠠ ᠪᠠᠷ ᠪᠦᠲᠦᠭᠡᠨ | ᠪᠠᠶᠢᠭᠤᠯᠵᠤ᠂ ᠨᠠᠩ ᠣᠯᠠᠨ ᠥᠨᠳᠥᠷ ᠴᠢᠳᠠᠮᠵᠢᠲᠤ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭᠠᠨ ᠤ ᠲᠠᠪᠴᠠᠩ ᠢ | ᠪᠠᠶᠢᠭᠤᠯᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠨᠠᠩ | ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠡᠯᠧᠮᠧᠨᠲ ᠤᠨ ᠡᠬᠢ ᠪᠠᠶᠠᠯᠢᠭ ᠲᠠᠬᠢ ᠲᠠᠲᠠᠬᠤ ᠬᠦᠴᠦᠨ ᠢ ᠴᠢᠩᠭᠠᠷᠠᠭᠤᠯᠬᠤ ᠬᠡᠷᠡᠭᠲᠡᠢ᠃ ︽ᠬᠤᠶᠠᠷ ᠤᠬᠳᠤ | ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ | ᠰᠢᠯᠢᠳᠡᠭᠵᠢᠵᠦ ᠪᠤᠵᠠᠭᠠᠶᠢᠷᠠᠬᠤ ᠶᠢ ᠲᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠ᠊ ᠠᠬᠤᠶᠢᠯᠠᠯ ᠤᠨ ᠬᠥᠭᠵᠢᠯᠲᠡ ᠶᠢᠨ | ᠣᠷᠴᠢᠨ ᠨᠥᠬᠦᠴᠡᠯ ᠢ ᠴᠢᠨᠠᠭᠰᠢᠳᠠ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠳᠤᠷ ᠬᠢᠵᠦ᠂ ᠶᠡᠭᠡ ᠭᠤᠣᠯ ᠮᠥᠷᠡᠨ ᠪᠠ ᠴᠢᠬᠤᠯᠠ ᠨᠠᠭᠤᠷ | ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠬᠠᠮᠵᠢᠯᠴᠠᠨ | ᠵᠠᠰᠠᠬᠤ ᠶᠢ ᠴᠢᠩᠭᠠᠳᠬᠠᠵᠤ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ ᠪᠠ ᠰᠢᠢᠳᠪᠦᠷᠢᠯᠡᠬᠦ | ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠠᠵᠤ ᠦᠢᠯᠡᠰ᠂ ᠡᠨᠧᠷᠭᠢ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠷᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠲᠦᠷᠭᠡᠳᠬᠡᠨ | ᠪᠤᠶᠢᠵᠢᠭᠠᠯᠤᠨ ᠪᠤᠵᠠᠭᠠᠶᠢᠷᠠᠭᠤᠯᠵᠤ᠂ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠬᠦ ᠡᠷᠭᠢᠯᠳᠦᠭᠦᠯᠦᠨ ᠠᠰᠢᠭᠯᠠᠬᠤ ᠶᠢ | ᠴᠢᠩᠭᠠᠳᠬᠠᠬᠤ ᠬᠡᠷᠡᠭᠲᠡᠢ᠃ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠶᠢᠨ ᠲᠣᠭᠲᠠᠴᠠ ᠪᠠ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ ᠠᠬᠤᠢ ᠶᠢ ᠠᠵᠤ ᠦᠢᠯᠡᠰᠵᠢᠭᠦᠯᠬᠦ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠶᠠᠨ ᠤ ᠬᠤᠳᠠ ᠪᠠᠷ | ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠤᠳᠠ ᠬᠥᠳᠡᠭᠡ ᠶᠢᠨ ᠬᠤᠭᠤᠷᠣᠨᠳᠣᠭᠢ ᠤᠯᠠᠨ ᠨᠡᠶᠢᠳᠡ ᠶᠢᠨ ᠡᠬᠢ ᠪᠠᠶᠠᠯᠢᠭ ᠢ ᠲᠡᠩᠴᠡᠭᠦᠷᠢᠲᠡᠢ | ᠲᠣᠬᠢᠷᠠᠭᠤᠯᠬᠤ ᠪᠠ ᠦᠢᠯᠡᠳᠪᠦᠷᠢᠯᠡᠯ ᠤᠨ ᠡᠯᠧᠮᠧᠨᠲ ᠢ ᠴᠢᠯᠦᠭᠡᠲᠡᠢ ᠰᠢᠯᠵᠢᠭᠦᠯᠬᠦ ᠶᠢ ᠠᠬᠢᠭᠤᠯᠵᠤ᠂ ᠬᠤᠳᠠ ᠶᠢᠨ ᠰᠠᠭᠤᠷᠢ | ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ | ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠤᠯᠠᠮ ᠴᠢᠨᠠᠭᠰᠢᠳᠠ ᠰᠠᠶᠢᠵᠢᠷᠠᠭᠤᠯᠵᠤ | ᠬᠥᠳᠡᠭᠡ ᠲᠣᠰᠬᠤᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠵᠣᠬᠢᠰᠲᠠᠢ | ᠭᠡᠪᠴᠢᠶᠡᠵᠢᠯᠳᠤ ᠡᠵᠡᠩᠨᠡᠯᠲᠡ ᠶᠢ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠴᠢᠨᠠᠭᠰᠢᠳᠠ | ᠭᠦᠨᠵᠡᠭᠡᠶᠢᠷᠡᠭᠦᠯᠵᠦ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠠᠷᠠᠳ ᠢ | ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠦᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠬᠥᠭᠵᠢᠯᠲᠡ ᠶᠢᠨ ᠠᠮᠢᠳᠤᠯᠢᠭ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠬᠤᠰᠢᠭᠤ ᠰᠢᠶᠠᠨ ᠤ ᠠᠵᠤ ᠠᠬᠤᠢ ᠶᠢ | ᠶᠡᠭᠡ ᠪᠠᠷ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠤᠶ ᠪᠤᠯᠭᠠᠬᠤ ᠬᠡᠷᠡᠭᠲᠡᠢ᠃ ᠬᠤᠪᠢᠰᠬᠠᠯ ᠤᠨ ᠡᠷᠲᠡ | ᠴᠢᠯᠦᠭᠡᠯᠡᠭᠳᠡᠭᠰᠡᠨ ᠣᠷᠣᠨ ᠪᠣᠯᠣᠨ ᠬᠥᠭᠵᠢᠭᠡᠳᠦᠢ ᠰᠢᠶᠠᠨ ︵ᠬᠤᠲᠠ᠂ ᠲᠣᠭᠤᠷᠢᠭ︶ ᠢ ᠬᠥᠭᠵᠢᠭᠦᠯᠦᠨ ᠮᠠᠨᠳᠤᠭᠤᠯᠬᠤ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠂ | ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠷᠠᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ | ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠵᠤ᠂ ᠬᠡᠪ ᠵᠠᠩᠰᠢᠯ ᠢ | ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ | ᠢᠳᠡᠪᠬᠢᠲᠡᠢ ᠪᠥᠭᠡᠳ ᠡᠷᠡᠭᠦᠯ ᠨᠡᠶᠢᠭᠡᠮ ᠤᠨ ᠠᠮᠢ ᠠᠬᠤᠢ ᠶᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ | ᠫᠢᠩ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠠᠷᠢᠯᠴᠠᠨ | ᠠᠬᠢᠭᠤᠯᠬᠤ ᠶᠢ ᠪᠠᠷᠢᠮᠲᠠᠯᠠᠵᠤ᠂ ᠠᠮᠤ ᠪᠤᠳᠠᠭ᠎ᠠ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ | ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠪᠠ ᠣᠨᠴᠠᠯᠢᠭᠲᠤ | ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ | ᠠᠬᠢᠭᠤᠯᠵᠤ᠂ ᠨᠢᠭᠡ ᠪᠦᠯᠦᠭ ᠪᠣᠬᠢᠷᠳᠤᠯ ᠦᠭᠡᠢ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ | ᠪᠤᠯᠪᠠᠰᠤᠷᠠᠭᠤᠯᠬᠤ ᠬᠠᠩᠭᠠᠬᠤ ᠰᠠᠭᠤᠷᠢᠨ ᠢ ᠪᠤᠢ ᠪᠤᠯᠭᠠᠵᠤ᠂ ᠠᠮᠤ ᠪᠤᠳᠠᠭ᠎ᠠ ᠵᠡᠷᠭᠡ ᠴᠢᠬᠤᠯᠠ ᠬᠥᠳᠡᠭᠡ ᠠᠵᠤ ᠠᠬᠤᠢ ᠶᠢᠨ | ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ | ᠨᠡᠭᠦᠷᠡᠰᠦ᠂ ᠬᠤᠪᠣᠷ ᠰᠢᠷᠣᠢ ᠵᠡᠷᠭᠡ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠦᠪᠰᠢᠨ ᠢ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠶᠢᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ | ᠴᠢᠩᠭᠠᠷᠠᠭᠤᠯᠤᠨ᠂ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠠᠮᠵᠢᠯᠠᠯᠲᠤ ᠡᠨᠧᠷᠭᠢ | ᠬᠢᠭᠡᠳ ᠰᠢᠨ᠎ᠡ ᠡᠨᠧᠷᠭᠢ ᠶᠢᠨ ᠣᠯᠠᠨ ᠡᠨᠧᠷᠭᠢ ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠭᠤᠯᠬᠤ ᠶᠢ | ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶ᠋ᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ | ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠭᠤᠣᠯᠳᠠᠯᠭ᠎ᠠ ᠲᠠᠢ ᠠᠵᠢᠯ ᠤᠨ ᠡᠭᠦᠷᠭᠡ᠂ ᠴᠢᠬᠤᠯᠠ ᠶᠡᠭᠡ | ᠥᠭᠡᠷᠡᠴᠢᠯᠡᠯᠲᠡ ᠶᠢᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶ᠋ᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ | ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ ᠳᠦᠷᠢᠮ ᠢ ᠪ᠊ ᠪᠠᠶᠢᠭᠤᠯᠤᠨ ᠪᠦᠷᠢᠨᠰᠢᠭᠦᠯᠵᠦ᠂ ᠺᠠᠳ᠋ᠷ ᠤᠨ ᠵᠣᠷᠢᠭᠲᠠᠢ ᠪᠠᠷ | ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠶᠢᠯᠭᠠᠵᠦ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠ | ᠣᠷᠣᠨ ᠤ ᠭᠠᠵᠠᠷ ᠣᠷᠣᠨ ᠢ ᠪᠦᠬᠦᠶᠢᠯᠡ ᠤᠯᠤᠰ ᠤᠨ ᠨᠤᠲᠤᠭ ᠳᠡᠪᠢᠰᠬᠡᠷ ᠳᠤᠮᠳᠠ ᠲᠠᠯᠪᠢᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠶᠢ ᠲᠤᠯᠭᠠᠭᠤᠷᠢᠯᠠᠬᠤ ᠳᠤᠮᠳᠠ ᠪᠠᠶᠢᠷᠢ ᠲᠣᠭᠲᠠᠭᠠᠨ ᠪᠣᠳᠣᠯᠬᠢᠯᠠᠵᠤ᠂ ᠣᠷᠣᠨ ᠪᠠᠶᠢᠷᠢ ᠶᠢᠨ | ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ | ᠴᠢᠷᠮᠠᠶᠢᠬᠤ ᠬᠡᠷᠡᠭᠲᠡᠢ᠃ ᠳᠤᠮᠳᠠ ᠣᠷᠣᠨ ᠤ ᠭᠠᠵᠠᠷ ᠣᠷᠣᠨ ᠤ ᠪᠤᠰᠤᠳ ᠣᠷᠣᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠤᠯᠭᠠᠯᠴᠠᠵᠤ᠂ ᠵᠡᠭᠦᠨ ᠣᠷᠣᠨ ᠤ ᠭᠠᠵᠠᠷ ᠣᠷᠣᠨ ᠤ ᠠᠵᠤ | ᠦᠢᠯᠡᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠪᠠᠷᠠᠭᠤᠨ ᠣᠷᠣᠨ ᠤ | ᠭᠠᠵᠠᠷ ᠣᠷᠣᠨ ᠢ ᠨᠥᠯᠥᠭᠡᠯᠡᠨ ᠳᠠᠶᠢᠴᠢᠯᠠᠬᠤ ᠦᠢᠯᠡᠳᠦᠯ ᠢᠶᠠᠨ ᠴᠢᠩᠭᠠᠳᠬᠠᠨ᠂ ᠭᠠᠳᠠᠭᠠᠳᠤ ᠨᠡᠭᠡᠭᠡᠯᠲᠡ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠳᠠᠪᠠᠭᠤᠯᠢᠭ ᠲᠠᠯ᠎ᠠ ᠪᠠᠨ ᠳᠠᠪᠲᠠᠨ ᠪᠤᠯᠪᠠᠰᠤᠷᠠᠭᠤᠯᠵᠤ ᠳᠤᠲᠠᠭᠤᠳᠠᠯ ᠢᠶᠠᠨ | ᠨᠥᠬᠦᠪᠦᠷᠢᠯᠡᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠵᠡᠷᠭᠡ ᠲᠠᠯ᠎ᠠ ᠪᠠᠷ ᠳᠠᠪᠠᠭᠤᠯᠢᠭ ᠢᠶᠠᠨ ᠪᠠᠳᠠᠷᠠᠭᠤᠯᠵᠤ᠂ ᠳᠠᠯᠳᠠ ᠴᠢᠳᠠᠪᠤᠷᠢ ᠪᠠᠨ ᠪᠠᠳᠠᠷᠠᠭᠤᠯᠵᠤ᠂ ᠣᠷᠣᠨ | ᠪᠦᠰᠡ ᠶᠢᠨ ᠳᠣᠲᠣᠭᠠᠳᠤ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ᠂ ᠪᠦᠬᠦᠯᠢ ᠴᠣᠭᠴᠠ ᠪᠠᠷ ᠬᠤᠯᠪᠤᠭᠠᠯᠠᠨ | ᠬᠥᠳᠡᠯᠦᠯᠴᠡᠬᠦ ᠶᠢ ᠠᠬᠢᠭᠤᠯᠵᠤ᠂ ᠳᠤᠮᠳᠠ ᠣᠷᠣᠨ ᠤ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠥᠷᠢᠰᠦᠯᠳᠦᠬᠦ | ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠳᠤᠮᠳᠠ ᠣᠷᠣᠨ ᠤ | ᠬᠥᠭᠵᠢᠯ ᠮᠠᠨᠳᠤᠯ ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ | ᠠᠭᠤᠰᠤᠯᠴᠠᠯ ᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠠᠮᠤ ᠪᠤᠳᠠᠭ᠎ᠠ᠂ ᠡᠨᠧᠷᠭᠢ ᠶᠢᠨ ᠡᠬᠢ | ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ | ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯ ᠢ ᠪᠡᠶᠡᠯᠡᠭᠦᠯᠬᠦ ᠬᠡᠷᠡᠭᠲᠡᠢ᠃ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠪᠠ ᠥᠨᠳᠥᠷ ᠲᠦᠪᠰᠢᠨ ᠪᠦᠬᠦᠢ ᠨᠡᠭᠡᠭᠡᠯᠲᠡᠲᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠠ ᠠᠮᠢᠵᠢᠷᠠᠯ ᠤᠨ | ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠥᠬᠦᠷᠡᠰᠢ ᠦᠭᠡᠢ ᠰᠠᠶᠢᠳᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠳᠤᠯ ᠦᠭᠡᠢ ᠳᠡᠪᠢᠰᠬᠡᠷ | ᠥᠩᠭᠡ ᠶᠢ ᠵᠤᠵᠠᠭᠠᠳᠬᠠᠬᠤ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ᠋ ᠬᠤᠩ ᠶᠠᠷᠢᠯᠴᠠᠬᠤ ᠬᠤᠷᠠᠯ ᠳᠤ ᠣᠷᠣᠯᠴᠠᠵᠤ᠂ | ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ᠬᠤᠯᠪᠣᠭᠳᠠᠯ ᠪᠦᠬᠦᠢ ᠣᠷᠣᠨ | ᠨᠤᠲᠤᠭ᠂ ᠬᠤᠯᠪᠣᠭᠳᠠᠯ ᠪᠦᠬᠦᠢ ᠠᠵᠤ ᠠᠬᠤᠢᠯᠠᠯ ᠤᠨᠬᠠᠷᠢᠭᠤᠴᠠᠯᠭᠠᠲᠠᠨ ᠨᠥᠬᠦᠳ ᠶᠠᠷᠢᠯᠴᠠᠬᠤ | ᠬᠤᠷᠠᠯ ᠳᠤ ᠣᠷᠣᠯᠴᠠᠪᠠ᠃ | ᠳᠡᠪᠰᠢᠭᠦᠯᠦᠭᠴᠢ᠄ ᠲᠡᠷᠭᠡᠯ | |