ᠰᠢ ᠶᠢᠨ ᠫᠢᠩ ᠬᠤᠨᠠᠨ ᠳᠤ ᠰᠢᠨᠵᠢᠯᠠᠨ ᠳᠠᠭᠠᠨ ᠴᠢᠬᠤᠯᠠᠴᠢᠯᠠᠭᠰᠠᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ | ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ | ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠶᠢᠷ᠎ᠠ ᠶᠢᠨ ᠡᠳᠦᠷ ᠬᠤᠨᠠᠨ ᠳᠤ ᠰᠢᠨᠵᠢᠯᠡᠨ | ᠪᠠᠶᠢᠴᠠᠭᠠᠬᠤ ᠳᠠᠭᠠᠨ ᠴᠢᠬᠤᠯᠠᠴᠢᠯᠠᠭᠰᠠᠨ᠂ ᠬᠤᠨᠠᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤᠮᠳᠠᠬᠢ | ᠲᠤᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠳᠡᠵᠦ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠡᠷᠡᠰ | ᠭᠤᠶ᠋ᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠭᠢᠮᠯᠡᠭᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠲᠡᠷᠢᠭᠦᠨ ᠤ ᠦᠢᠯᠡᠳᠬᠦ ᠦᠢᠯᠡᠰ ᠤᠨ ᠥᠨᠳᠦᠷᠯᠢᠭ᠂ ᠭᠤᠣᠯᠯᠠᠬᠤ | ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ᠂ | ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠢ ᠴᠣᠭᠴᠠᠯᠠᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠳᠤᠮᠳᠠ ᠣᠷᠣᠨ ᠤ ᠭᠠᠵᠠᠷ ᠣᠷᠣᠨ ᠤ ᠬᠥᠭᠵᠢᠯ ᠮᠠᠨᠳᠤᠯ ᠪᠠ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠳᠤᠮᠳᠠ ᠭᠠᠪᠰᠢᠭᠠᠶᠢᠯᠠᠨ ᠲᠡᠮᠡᠴᠡᠵᠦ ᠲᠡᠷᠢᠭᠦᠨ ᠤ ᠪᠤᠯᠬᠤ ᠪᠠᠷ | ᠴᠢᠷᠮᠠᠶᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | | | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠳᠤᠮᠳᠠᠳᠤ | ᠭᠧᠷᠮᠠᠨ ᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠤᠯᠬᠤ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ | ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠵᠦ ᠪᠠᠶᠢᠭ᠎ᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠴᠠᠩᠳᠧ | ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠠᠮᠤ | ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ ᠱᠠᠲᠤᠨ ᠤ ᠺᠠᠳ᠋ᠷ ᠲᠠᠢ ᠳᠣᠲᠣᠨᠣ ᠪᠠᠷ | ᠶᠠᠷᠢᠯᠴᠠᠵᠤ ᠪᠠᠶᠢᠭ᠎ᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠱᠧᠨ ᠰᠢᠶᠣᠣ ᠮᠢᠩ ᠪᠣᠯᠣᠨ ᠮᠤᠵᠢ ᠶᠢᠨ ᠳᠠᠷᠤᠭ᠎ᠠ ᠮᠣᠣ ᠸᠧᠢ ᠮᠢᠩ ᠤᠨ ᠪᠠᠷ᠎ᠠ ᠪᠤᠯᠣᠯᠭ᠎ᠠ ᠪᠠᠷ ᠤᠷᠢᠳ ᠬᠤᠵᠢᠳ | ᠴᠠᠩᠱᠠ᠂ ᠴᠠᠩᠳᠧ ᠵᠡᠷᠭᠡ ᠭᠠᠵᠠᠷ ᠲᠤ ᠬᠦᠷᠴᠦ᠂ ᠰᠤᠷᠭᠠᠭᠤᠯᠢ᠂ ᠠᠵᠤ ᠠᠬᠤᠶᠢᠯᠠᠯ ᠲᠡᠦᠬᠡ ᠰᠣᠶᠣᠯ ᠤᠨ ᠵᠡᠭᠡᠯᠢ | ᠲᠣᠭᠤᠷᠢᠭ᠂ ᠬᠥᠳᠡᠭᠡ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ | 18 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ︵ | ᠴᠧᠩ ᠨᠠᠨ ᠪᠢᠴᠢᠭ ᠤᠨ ᠬᠦᠷᠢᠶᠡᠯᠡᠩ ᠰᠤᠷᠭᠠᠭᠤᠯᠢ ᠶᠢᠨ ᠲᠣᠭᠤᠷᠢᠭ︶ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ | ᠰᠤᠷᠭᠠᠭᠤᠯᠢ ᠰᠦᠩ ᠤᠯᠤᠰ ᠤᠨ ᠦᠶ᠎ᠡ ᠳᠤ ᠪᠠᠶᠢᠭᠤᠯᠤᠭᠰᠠᠨ ᠴᠧᠩ ᠨᠠᠨ ᠪᠢᠴᠢᠭ ᠤᠨ ᠬᠦᠷᠢᠶᠡᠯᠡᠩ ᠪᠠᠶᠢᠵᠦ᠂ | ᠤᠶᠢᠷ᠎ᠠ ᠦᠶ᠎ᠡ ᠠᠴᠠ ᠨᠠᠭᠠᠰᠢ ᠨᠢᠭᠡ ᠪᠦᠯᠦᠭ ᠠᠬᠠᠮᠠᠳ ᠨᠢᠭᠡ ᠦᠶ᠎ᠡ ᠶᠢᠨ ᠦᠭᠡᠶᠢᠬᠦᠦ ᠠᠩᠭᠢ ᠶᠢᠨ ᠬᠤᠪᠢᠰᠬᠠᠯᠴᠢ ᠪᠠ | ᠨᠡᠷᠡᠳᠤ ᠪᠠᠭᠰᠢ ᠮᠡᠷᠭᠡᠵᠢᠯᠲᠡᠨ ᠢ ᠬᠥᠮᠥᠵᠢᠭᠦᠯᠵᠡᠢ᠃ ᠰᠢ ᠶᠢᠨ ᠫᠢᠩ ᠵᠠᠯᠠᠭᠤ ᠨᠠᠰᠤᠨ ᠤ ᠮᠠᠤ ᠽᠧ ᠳ᠋ᠦ᠋ᠩ ᠭᠤᠣᠯ | ᠰᠡᠳᠦᠪᠲᠦ ᠥᠵᠡᠰᠬᠦᠯᠡᠩ ᠢ ᠲᠣᠭᠤᠷᠢᠨ ᠦᠵᠡᠵᠦ᠂ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠤᠯᠠᠷᠢᠯ ᠬᠤᠪᠢᠰᠤᠯ | ᠪᠣᠯᠣᠨ ᠬᠤᠪᠢᠰᠬᠠᠯ ᠤᠨ ᠡᠬᠢ ᠪᠠᠶᠠᠯᠢᠭ ᠢ ᠰᠠᠶᠢᠳᠤᠷ ᠠᠰᠢᠭᠯᠠᠵᠤ ᠪᠠᠶᠢᠬᠤ ᠵᠡᠷᠭᠡ ᠪᠠᠶᠢᠳᠠᠯ ᠢ ᠤᠶᠢᠯᠭᠠᠪᠠ᠃ ᠳᠡᠭᠡᠳᠦ | ᠰᠤᠷᠭᠠᠭᠤᠯᠢ ᠶᠢᠨ ᠶᠡᠭᠡ ᠲᠢᠩᠬᠢᠮ ᠳᠤ᠂ ᠰᠢ ᠶᠢᠨ ᠫᠢᠩ ᠪᠠᠭᠰᠢ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ | ᠶᠠᠷᠢᠯᠴᠠᠪᠠ᠃ ᠲᠡᠷᠡ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠰᠤᠷᠭᠠᠨ ᠬᠥᠮᠦᠵᠢᠯ ᠢ ᠰᠠᠶᠢᠳᠤᠷ | ᠡᠷᠭᠢᠯᠡᠭᠦ ᠬᠡᠷᠡᠭᠲᠡᠢ᠃ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ᠪᠣᠯ ᠤᠯᠤᠰ ᠢᠶᠠᠨ ᠬᠠᠶ᠋ᠢᠷᠠᠯᠠᠬᠤ | ᠦᠵᠡᠯ ᠤᠨ ᠬᠥᠮᠦᠵᠢᠯ ᠥᠷᠨᠢᠭᠦᠯᠬᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ ᠰᠠᠶᠢᠨ ᠭᠠᠵᠠᠷ ᠮᠥᠨ᠂ ᠡᠨᠡ ᠬᠦ᠋ | ᠬᠤᠪᠢᠰᠬᠠᠯ ᠤᠨ ᠡᠬᠢ ᠪᠠᠶᠠᠯᠢᠭ ᠢ ᠰᠠᠶᠢᠳᠤᠷ ᠬᠠᠮᠠᠭᠠᠯᠠᠵᠤ ᠬᠡᠷᠡᠭᠯᠡᠬᠦ ᠬᠡᠷᠡᠭᠲᠡᠢ᠃ ᠰᠤᠷᠭᠠᠭᠤᠯᠢ ᠶᠢᠨ ᠶᠣᠰᠣ | ᠰᠤᠷᠲᠠᠬᠤᠨ ᠢᠶᠠᠷ ᠬᠥᠮᠥᠨ ᠢ ᠬᠥᠮᠥᠵᠢᠭᠦᠯᠵᠦ᠂ ᠪᠠᠭᠰᠢ ᠨᠠᠷ ᠰᠢᠯᠢᠳᠡᠭ ᠰᠠᠶᠢᠨ ᠪᠠᠭᠰᠢ ᠪᠤᠯᠬᠤ ᠳᠤ᠂ ᠰᠤᠷᠤᠬᠴᠢᠳ ᠤᠨ | ᠮᠡᠳᠡᠯᠭᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠴᠤ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠳᠤᠷ ᠣᠷᠣᠵᠤ᠂ ᠰᠤᠷᠤᠬᠴᠢᠳ ᠤᠨ ᠡᠷᠬᠢᠮ ᠮᠣᠷᠠᠯ ᠲᠠᠢ ᠪᠣᠯᠵᠤ | ᠢᠴᠢᠭᠦᠷᠢ ᠭᠤᠲᠤᠮᠰᠢᠭ ᠢ ᠮᠡᠳᠡᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠲᠤ ᠪᠤᠢ | ᠪᠤᠯᠭᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ | ᠪᠤᠢ ᠪᠤᠯᠭᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠤᠯᠬᠤ ᠪᠠᠷ ᠴᠢᠷᠮᠠᠶᠢᠬᠤ ᠶᠢ | ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ ᠭᠡᠵᠡᠢ᠃ | ᠲᠠᠷᠠᠭ᠎ᠠ ᠨᠢ᠂ ᠰᠢ ᠶᠢᠨ ᠫᠢᠩ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠳᠤ | ᠬᠦᠷᠴᠦ ᠰᠢᠨᠵᠢᠯᠡᠨ ᠪᠠᠶᠢᠴᠠᠭᠠᠪᠠ᠃ ᠡᠨᠡ ᠪᠣᠯ ᠯᠢᠲ᠋ᠢ ᠢᠶᠤᠨ ᠳ᠋ᠢᠶᠠᠨ ᡂᠢ ᠶᠢᠨ ᠡᠶᠡᠷᠭᠦ ᠲᠤᠶᠢᠯ ᠤᠨ ᠮᠠᠲ᠋ᠧᠷᠢᠶᠠᠯ ᠢ | ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠭᠤᠣᠯᠯᠠᠨ ᠡᠵᠡᠩᠨᠡᠵᠦ ᠪᠠᠶᠢᠭ᠎ᠠ ᠳᠤᠮᠳᠠᠳᠤ ᠭᠧᠷᠮᠠᠨ ᠤ | ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠣᠯᠣᠨ᠎ᠠ᠃ ᠰᠢ ᠶᠢᠨ ᠫᠢᠩ ᠲᠤᠬᠠᠢ ᠶᠢᠨ ᠭᠠᠵᠠᠷ ᠤᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠦᠢᠯᠡᠳᠬᠦᠨ ᠤ | ᠦᠵᠡᠭᠦᠯᠭᠡ ᠶᠢ ᠪᠠᠶᠢᠴᠠᠭᠠᠨ ᠦᠵᠡᠵᠦ᠂ ᠮᠠᠲ᠋ᠧᠷᠢᠶᠠᠯ ᠤᠨ ᠴᠢᠳᠠᠪᠬᠢ ᠶᠢᠨ ᠰᠢᠯᠭᠠᠯᠲᠠ ᠶᠢᠨ ᠪᠠᠶᠢᠳᠠᠯ ᠪᠣᠯᠣᠨ ᠳ᠋ᠢᠶᠠᠨ | ᡂᠢ ᠶᠢᠨ ᠦᠢᠯᠡᠳᠪᠦᠷᠢᠯᠡᠯ ᠤᠨ ᠶᠠᠪᠤᠴᠠ ᠶᠢ ᠤᠶᠢᠯᠭᠠᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠴᠢᠨᠠᠷ ᠰᠠᠶᠢᠲᠠᠢ ᠬᠥᠭᠵᠢᠯᠲᠡ ᠪᠣᠯ ᠠᠵᠤ ᠠᠬᠤᠶᠢᠯᠠᠯ ᠤᠨ ᠲᠠᠰᠤᠷᠠᠯᠲᠠ ᠦᠭᠡᠢ ᠦᠰᠦᠨ | ᠪᠤᠵᠠᠭᠠᠶᠢᠷᠠᠵᠦ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠵᠠᠩᠭᠢᠯᠠᠭ᠎ᠠ ᠪᠣᠯᠣᠨ᠎ᠠ᠂ ᠠᠷᠠᠳ ᠤᠨ ᠡᠵᠡᠩᠨᠡᠯᠲᠡ ᠶᠢᠨ | ᠠᠵᠤ ᠠᠬᠤᠶ᠋ᠢᠯᠠᠯ᠂ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠡᠨᠡ ᠲᠠᠯ᠎ᠠ ᠪᠠᠷ ᠴᠥᠮ ᠶᠡᠭᠡ ᠵᠢᠳᠬᠦᠯ ᠴᠢᠷᠮᠠᠶᠢᠯᠭ᠎ᠠ | ᠭᠠᠷᠭᠠᠵᠤ ᠪᠣᠯᠣᠨ᠎ᠠ᠃ ᠳᠤᠮᠳᠠᠳᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠳᠤᠳᠤᠮ ᠶᠡᠭᠡ ᠨᠡᠭᠡᠭᠡᠨ᠎ᠡ᠂ ᠪᠢᠳᠡ | ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠂ ᠨᠡᠩ ᠤᠯᠠᠨ | ᠭᠠᠳᠠᠭᠠᠳᠤ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠬᠥᠭᠵᠢᠬᠦ ᠶᠢ ᠪᠠᠶᠠᠷᠯᠠᠨ | ᠤᠭᠲᠤᠨ᠎ᠠ ᠭᠡᠵᠦ ᠴᠢᠬᠤᠯᠠᠴᠢᠯᠠᠪᠠ᠃ | 19 ᠤ ᠡᠳᠦᠷ᠂ ᠰᠢ ᠶᠢᠨ ᠫᠢᠩ ᠴᠠᠩᠳᠧ ᠬᠤᠳᠠ ᠳᠤ ᠰᠢᠨᠵᠢᠯᠡᠨ ᠪᠠᠶᠢᠴᠠᠭᠠᠪᠠ ᠃ ᠶᠤᠸᠠᠨᠵᠢᠶᠠᠩ ᠮᠥᠷᠡᠨ ᠤ | ᠬᠥᠪᠡᠭᠡᠨ ᠳᠤ ᠪᠠᠶ᠋ᠢᠷᠢᠯᠠᠭᠰᠠᠨ ᠴᠠᠩ ᠳ᠋ᠧ ᠭᠤᠣᠯ ᠤᠨ ᠵᠡᠭᠡᠯᠢ ᠥᠨᠢ ᠤᠳᠠᠭᠠᠨ ᠲᠡᠦᠬᠡ ᠲᠠᠢ ᠪᠠᠶᠢᠵᠦ᠂ 1943 ᠣᠨ ᠤ | ᠴᠠᠩᠳᠧ ᠶᠢᠨ ᠳᠠᠶᠢᠯᠠᠯᠳᠤᠭᠠᠨ ᠳᠤ ᠡᠪᠳᠡᠭᠳᠡᠵᠦ ᠥᠩᠭᠡᠷᠡᠵᠡᠢ᠃ ᠤᠶᠢᠷ᠎ᠠ ᠶᠢᠨ ᠵᠢᠯ ᠠᠴᠠ᠂ ᠴᠠᠩᠳᠧ ᠬᠤᠳᠠ | ᠬᠠᠭᠤᠴᠢᠨ ᠵᠡᠭᠡᠯᠢ ᠶᠢᠨ ᠳᠦᠷᠰᠦ ᠪᠠᠶᠢᠳᠠᠯ ᠢ ᠰᠡᠷᠭᠦᠭᠡᠵᠦ᠂ ᠲᠤᠰ ᠭᠠᠵᠠᠷ ᠢ ᠲᠡᠦᠬᠡ ᠰᠣᠶᠣᠯ ᠤᠨ ᠵᠡᠭᠡᠯᠢ ᠲᠣᠭᠤᠷᠢᠭ | ᠪᠣᠯᠭᠠᠨ ᠴᠣᠭᠴᠠᠯᠠᠪᠠ᠃ ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠴᠠᠩ ᠳ᠋ᠧ ᠭᠤᠣᠯ ᠤᠨ ᠵᠡᠭᠡᠯᠢ ᠳᠤ | ᠬᠦᠷᠴᠦ᠂ ᠡᠯ᠎ᠡ ᠵᠦᠢᠯ ᠤᠨ ᠣᠨᠴᠠᠯᠢᠭᠲᠤ ᠢᠳᠡᠭᠡᠨ᠂ ᠣᠨᠴᠠ ᠭᠠᠷᠤᠯᠲᠠ᠂ ᠣᠨᠴᠠᠯᠢᠭᠲᠤ ᠭᠠᠷ ᠤᠷᠠᠯᠠᠯ ᠤᠨ | ᠪᠦᠲᠦᠭᠡᠭᠳᠡᠬᠦᠨ ᠢ ᠪᠠᠶᠢᠴᠠᠭᠠᠨ ᠦᠵᠡᠵᠦ᠂ ᠳᠡᠯᠭᠡᠭᠦᠷ ᠤᠨ ᠡᠵᠡᠨ ᠪᠣᠯᠣᠨ ᠵᠢᠭᠤᠯᠴᠢᠯᠠᠬᠰᠡᠳ ᠲᠠᠢ ᠳᠣᠲᠣᠨᠣ ᠪᠠᠷ | ᠶᠠᠷᠢᠯᠴᠠᠭᠰᠠᠨ ᠪᠥᠭᠡᠳ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ ᠶᠢ ᠰᠣᠨᠢᠷᠬᠠᠵᠤ᠂ | ᠴᠠᠩᠳᠧ ᠶᠢᠨ ᠬᠠᠭᠤᠴᠢᠨ ᠬᠤᠳᠠ ᠶᠢᠨ ᠵᠡᠭᠡᠯᠢ ᠭᠤᠳᠤᠮᠵᠢ ᠶᠢᠨ ᠰᠡᠷᠭᠦᠭᠡᠨ ᠵᠠᠰᠠᠯᠲᠠ ᠪᠠ ᠠᠰᠢᠭᠯᠠᠯᠲᠠ᠂ ᠬᠤᠳᠠ ᠶᠢᠨ | ᠲᠥᠯᠦᠪᠵᠢᠭᠦᠯᠭᠡ᠂ ᠤᠰᠤᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠨᠠᠷᠢᠨ | ᠤᠶᠢᠯᠭᠠᠪᠠ᠃ ᠰᠢ ᠶᠢᠨ ᠫᠢᠩ᠂ ᠤᠯᠠᠨ ᠶᠠᠩᠵᠤ ᠶᠢᠨ ᠣᠷᠣᠨ ᠨᠤᠲᠤᠭ ᠤᠨ ᠣᠨᠴᠠᠯᠢᠭᠲᠤ ᠤᠯᠠᠮᠵᠢᠯᠠᠯᠲᠤ ᠰᠣᠶᠣᠯ ᠭᠡᠷᠡᠯ | ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠬᠠᠮᠲᠤ ᠪᠠᠷ ᠪᠦᠷᠢᠯᠳᠦᠭᠦᠯᠦᠭᠰᠡᠨ ᠪᠥᠭᠡᠳ ᠠᠵᠤ ᠠᠬᠤᠢ ᠨᠡᠶᠢᠭᠡᠮ ᠤᠨ | ᠬᠥᠭᠵᠢᠯᠲᠡ ᠶᠢ ᠴᠣ᠋ ᠠᠬᠢᠭᠤᠯᠪᠠ᠃ ᠴᠠᠩᠳᠧ ᠪᠣᠯ ᠰᠣᠶᠣᠯ ᠤᠨ ᠤᠯᠠᠮᠵᠢᠯᠠᠯ ᠵᠠᠯᠭᠠᠮᠵᠢᠯᠠᠯ ᠲᠠᠢ ᠭᠠᠵᠠᠷ ᠪᠣᠯᠣᠨ᠎ᠠ᠂ | ᠠᠳᠡᠬᠢ ᠴᠤᠭᠤᠷ ᠵᠦᠴᠦᠭᠡ᠂ ᠥᠨᠳᠥᠷ ᠠᠶᠠᠯᠭᠤᠲᠤ ᠵᠦᠴᠦᠭᠡ᠂ ᠪᠦᠷᠢᠶ᠎ᠡ ᠵᠡᠷᠭᠡ ᠶᠢ ᠵᠣᠬᠢᠰᠲᠠᠢ ᠠᠴᠢᠶᠠᠯᠠᠪᠤᠷᠢ ᠪᠠᠷ | ᠰᠠᠶᠢᠳᠤᠷ ᠤᠯᠠᠮᠵᠢᠯᠠᠨ ᠠᠰᠢᠭᠯᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠰᠠᠶᠢᠳᠤᠷ ᠬᠥᠭᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠨᠠᠨ ᠪᠣᠯ ᠪᠦᠭᠦ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠮᠤᠵᠢ ᠶᠢᠨ ᠨᠢᠭᠡ ᠪᠠᠶ᠋ᠢᠵᠤ᠂ | ᠤᠰᠤᠨ ᠲᠤᠲᠤᠷᠭ᠎ᠠ ᠲᠠᠷᠢᠬᠤ ᠲᠠᠯᠠᠪᠠᠢ᠂ ᠶᠡᠷᠦᠩᠬᠡᠢ ᠤᠨᠠᠯᠲᠠ ᠴᠥᠮ ᠪᠦᠭᠦ ᠤᠯᠤᠰ ᠤᠨ ᠲᠡᠷᠢᠭᠦᠨ ᠳᠤ ᠣᠷᠣᠨ᠎ᠠ᠃ ᠲᠤᠰ | ᠡᠳᠦᠷ ᠤᠨ ᠦᠳᠡ ᠶᠢᠨ ᠬᠤᠶᠢᠨ᠎ᠠ᠃ ᠰᠢ ᠶᠢᠨ ᠫᠢᠩ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ | ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠦᠮᠡᠨ ᠮᠦ᠋ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠴᠢᠬᠢ | ᠪᠤᠶᠢᠵᠢᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠴᠠ ᠶᠢ ᠪᠠᠶᠢᠴᠠᠭᠠᠨ ᠦᠵᠡᠵᠦ᠂ | ᠲᠠᠷᠢᠶᠠᠯᠠᠩ ᠤᠨ ᠣᠳᠣᠬᠢᠴᠢᠯᠠᠯᠲᠠ ᠶᠢ ᠴᠢᠨᠠᠷ ᠰᠠᠶᠢᠲᠠᠢ ᠠᠬᠢᠭᠤᠯᠵᠤ ᠪᠠᠶᠢᠭ᠎ᠠ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠤᠭᠰᠠᠨ ᠪᠥᠭᠡᠳ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ | ᠱᠠᠲᠤᠨ ᠤ ᠺᠠᠳ᠋ᠷ ᠲᠠᠢ ᠨᠢᠭᠡᠳ ᠨᠢᠭᠡ ᠪᠠᠷ ᠣᠷᠣᠭᠤᠯᠤᠯᠲᠠ ᠭᠠᠷᠭᠠᠯᠲᠠ ᠶᠢᠨ ᠲᠠᠩᠰᠠ ᠶᠢ ᠪᠤᠳᠤᠵᠠᠢ᠃ ᠰᠢ ᠶᠢᠨ ᠫᠢᠩ᠂ | ᠮᠠᠨ ᠤ ᠤᠯᠤᠰ 14 ᠳ᠋ᠦ᠋ᠩᠰᠢᠭᠤᠷ ᠭᠠᠷᠤᠢ ᠬᠥᠮᠥᠨ ᠠᠮᠠ ᠲᠠᠢ᠂ ᠠᠮᠤ ᠪᠤᠳᠠᠭᠠᠨ ᠤ ᠠᠮᠤᠷ ᠲᠦᠪᠰᠢᠨ ᠢ ᠡᠷᠬᠡᠪᠰᠢ | ᠥᠪᠡᠷ ᠤᠨ ᠪᠡᠶ᠎ᠡ ᠳᠡᠭᠡᠨ ᠲᠦᠰᠢᠭᠯᠡᠵᠦ ᠪᠠᠲᠤᠯᠠᠬᠤ ᠬᠡᠷᠡᠭᠲᠡᠢ᠂ ᠳᠤᠮᠳᠠᠳᠤᠴᠤᠳ ᠤᠨ ᠪᠤᠳᠠᠭᠠᠨ ᠠᠶᠠᠭ᠎ᠠ ᠳᠤ ᠭᠤᠣᠯᠳᠠᠭᠤ | ᠳᠤᠮᠳᠠᠳᠤ ᠤᠯᠤᠰ ᠤᠨ ᠠᠮᠤ ᠪᠤᠳᠠᠭ᠎ᠠ ᠶᠢ ᠠᠶᠠᠭᠠᠯᠠᠪᠠᠯ ᠵᠣᠬᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠳᠤᠷ | ᠪᠦᠲᠦᠭᠡᠨ ᠪᠠᠶᠢᠭᠤᠯᠵᠤ ᠂ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠶᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ | ᠳᠡᠮᠵᠢᠯᠭᠡ ᠪᠠ ᠵᠢᠰᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠠᠶᠢᠨ ᠦᠷ᠎ᠡ᠂ ᠰᠠᠨ ᠠᠵᠠ | ᠲᠣᠭᠢᠶᠠᠯ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠲᠠᠷᠢᠵᠤ ᠨᠢᠮᠪᠠᠢ ᠠᠷᠠᠴᠢᠯᠠᠬᠤ | ᠳᠡᠭᠡᠷ᠎ᠡ ᠬᠦᠴᠦ ᠲᠠᠯᠪᠢᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠴᠢᠨᠠᠭᠰᠢᠳᠠ | ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭᠠᠳ ᠴᠤ ᠪᠠᠶᠠᠵᠢᠵᠤ ᠳᠡᠶᠢᠯᠬᠦ ᠪᠤᠯᠭᠠᠵᠤ᠂ ᠡᠭᠦᠨ ᠤ ᠤᠯᠠᠮ ᠢᠶᠠᠷ ᠨᠡᠩ ᠤᠯᠠᠨ | ᠲᠠᠷᠢᠶᠠᠴᠢᠨ ᠡᠷᠦᠭᠡ ᠶᠢ ᠲᠠᠲᠠᠵᠤ ᠣᠳᠣᠬᠢᠴᠢᠯᠠᠭᠰᠠᠨ ᠬᠠᠮ ᠬᠥᠳᠡᠭᠡ ᠠᠵᠤ ᠠᠬᠤᠢ ᠶᠢ ᠬᠥᠭᠵᠢᠭᠦᠯᠬᠦ ᠳᠤ ᠣᠷᠣᠯᠴᠠᠭᠤᠯᠵᠤ | ᠂ ᠳᠤᠮᠳᠠᠳᠤ ᠤᠯᠤᠰ ᠤᠨ ᠣᠨᠴᠠᠯᠢᠭ ᠲᠠᠢ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠵᠠᠮ ᠢᠶᠠᠷ ᠯᠠᠪᠳᠠᠭᠤᠨ | ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭ᠎ᠠ ᠨᠢ ᠂ ᠰᠢ ᠶᠢᠨ ᠫᠢᠩ ᠠᠮᠤ ᠪᠤᠳᠠᠭ᠎ᠠ ᠶᠢᠨ ᠲᠣᠮᠣ ᠲᠠᠷᠢᠶᠠᠴᠢᠨ ᠡᠷᠦᠭᠡ ᠳ᠋ᠠᠢ ᠬᠤᠩ ᠤᠨ ᠳᠤ ᠬᠦᠷᠴᠦ᠂ | ᠲᠠᠷᠢᠶᠠᠯᠠᠩ ᠤᠨ ᠮᠠᠰᠢᠨ ᠪᠠᠭᠠᠵᠢ ᠪᠣᠯᠣᠨ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠪᠡᠯᠡᠳᠬᠡᠯ ᠢ ᠪᠠᠶᠢᠴᠠᠭᠠᠨ | ᠦᠵᠡᠭᠰᠡᠨ ᠪᠥᠭᠡᠳ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ | ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠵᠡᠷᠭᠡ ᠪᠠᠶᠢᠳᠠᠯ ᠢ ᠤᠶᠢᠯᠭᠠᠪᠠ᠃ ᠲᠡᠷᠡ᠂ ᠬᠡᠯᠪᠡᠷᠢᠴᠢ | ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠴᠡᠷᠢᠭ ᠢ ᠰᠢᠯᠢᠳᠡᠭᠵᠢᠭᠦᠯᠦᠨ ᠵᠠᠰᠠᠭ ᠢ | ᠴᠣᠮᠬᠠᠳᠬᠠᠵᠤ᠂ ᠡᠨᠡ ᠬᠦ᠋ ᠠᠵᠢᠯ ᠢ ᠴᠥᠬᠦᠷᠡᠰᠢ ᠦᠭᠡᠢ ᠰᠠᠶᠢᠳᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠲᠡᠷᠡ᠂ ᠦᠨᠳᠦᠰᠦᠨ ᠱᠠᠲᠤᠨ ᠤ ᠺᠠᠳ᠋ᠷᠴᠤᠳ ᠢ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠤ | ᠵᠠᠰᠠᠯᠲᠠ ᠶᠢᠨ ᠲᠠᠯ᠎ᠠ ᠪᠠᠷ ᠤᠯᠠᠨ ᠤ ᠤᠬᠠᠭᠠᠨ ᠬᠠᠮᠲᠤ ᠶᠢᠨ ᠬᠦᠴᠦᠨ ᠳᠤ ᠲᠦᠰᠢᠭᠯᠡᠨ᠂ ᠲᠠᠷᠢᠶᠠᠴᠢᠨ ᠤᠯᠠᠨ ᠲᠦᠮᠡᠨ ᠳᠤ | ᠮᠡᠳᠡᠷᠡᠭᠳᠡᠭᠰᠡᠨ ᠪᠣᠳᠠᠲᠠᠢ ᠠᠮᠵᠢᠯᠲᠠ ᠶᠢ ᠲᠠᠰᠤᠷᠠᠯᠲᠠ ᠦᠭᠡᠢ ᠭᠠᠷᠭᠠᠭᠠᠷᠠᠢ ᠭᠡᠵᠦ ᠵᠣᠷᠢᠭᠵᠢᠭᠤᠯᠪᠠ᠃ | ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ ᠶᠡᠷᠦᠩᠬᠡᠢ | ᠱᠦᠵᠢ ᠶᠢ ᠦᠳᠡᠨ ᠮᠣᠷᠳᠠᠭᠤᠯᠪᠠ᠃ ᠰᠢ ᠶᠢᠨ ᠫᠢᠩ ᠭᠦᠨ ᠰᠡᠳᠬᠢᠯᠭᠡ ᠲᠠᠢ ᠪᠠᠷ ᠤᠯᠠᠨ ᠳᠤ᠂ ᠨᠠᠮ ᠤᠨ ᠲᠥᠪ ᠬᠤᠷᠢᠶ᠎ᠠ | ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ | ᠂ ᠯᠠᠪᠲᠠᠢ ᠦᠨᠡᠨ ᠬᠦ ᠬᠦᠴᠦᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ ᠠᠩᠬᠠᠷᠴᠤ | ᠪᠠᠶᠢᠭ᠎ᠠ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ ᠭᠡᠵᠦ ᠬᠡᠯᠡᠪᠡ᠃ | ᠠᠯᠠᠭ᠎ᠠ ᠲᠡᠰᠢᠯᠲᠡ ᠶᠢᠨ ᠲᠠᠭᠤᠨ ᠲᠣᠰᠬᠤᠨ ᠳᠤ ᠤᠳᠠᠲᠠᠯ᠎ᠠ ᠴᠤᠤᠷᠢᠶᠠᠲᠤᠪᠠ᠃ | 21 ᠤ ᠦᠳᠡ ᠶᠢᠨ ᠡᠮᠦᠨ᠎ᠡ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠨᠠᠨ ᠤ ᠡᠯ᠎ᠡ ᠵᠦᠢᠯ ᠤᠨ ᠠᠵᠢᠯ ᠳᠤ | ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨᠲ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠲᠠᠯ᠎ᠠ ᠪᠠᠷ ᠨᠡᠩ ᠶᠡᠭᠡ | ᠬᠦᠴᠦ ᠣᠷᠣᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠨ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ | ᠰᠤᠳᠤᠯᠤᠨ ᠨᠡᠭᠡᠭᠡᠬᠦ ᠪᠠᠶᠢᠭᠤᠯᠤᠮᠵᠢ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠵᠠᠩᠭᠢᠯᠠᠭ᠎ᠠ ᠶᠢᠨ ᠬᠦᠷᠢᠶᠡᠨ ᠤ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠶ᠋ᠢᠯᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ | ᠰᠢᠨ᠎ᠡ ᠶᠢ ᠡᠭᠦᠳᠬᠦ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ | ᠪᠣᠯᠭᠠᠨ ᠲᠦᠷᠭᠡᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ | ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠲᠡᠷᠢᠭᠦᠨ ᠤ ᠦᠢᠯᠡᠳᠬᠦ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠠᠵᠤ ᠦᠢᠯᠡᠰ ᠢ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠬᠦ | ᠬᠥᠭᠵᠢᠯᠲᠡ ᠶᠢ ᠠᠬᠢᠭᠤᠯᠵᠤ᠂ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠰᠠᠭᠠᠳ ᠲᠦᠭᠵᠢᠷᠡᠯ ᠤᠨ ᠠᠰᠠᠭᠤᠳᠠᠯ᠂ ᠬᠥᠭᠵᠢᠯᠲᠡ ᠶᠢᠨ ᠣᠷᠴᠢᠨ ᠪᠠ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠪᠡᠷᠰᠢᠶᠡᠯ ᠬᠦᠴᠢᠷᠳᠡᠯ ᠤᠨ ᠠᠰᠠᠭᠤᠳᠠᠯ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠠᠴᠠ ᠲᠡᠷᠰᠯᠡᠭᠰᠡᠨ ᠭᠤᠣᠯᠳᠠᠯᠭ᠎ᠠ ᠬᠠᠯᠠᠮᠰᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠨᠳᠦ | ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠲᠠᠰᠤᠷᠠᠯᠲᠠ ᠦᠭᠡᠢ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠬᠤᠨᠠᠨ ᠤ | ᠥᠭᠡᠷᠡᠴᠢᠯᠡᠯᠲᠡ ᠶᠢ ᠰᠢᠰᠲ᠋ᠧᠮ ᠲᠠᠢ ᠨᠡᠶᠢᠦᠨᠬᠡᠬᠦ ᠶᠢ ᠴᠢᠩᠭᠠᠳᠬᠠᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠨ ᠣᠷᠣᠯᠴᠠᠵᠤ᠂ ᠳᠤᠮᠳᠠ ᠣᠷᠣᠨ ᠤ ᠬᠥᠭᠵᠢᠯ ᠮᠠᠨᠳᠤᠯ | ᠪᠣᠯᠣᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ | ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠥᠨᠳᠥᠷ ᠪᠠᠷᠢᠮᠵᠢᠶ᠎ᠠ ᠪᠠᠷ ᠰᠠᠶᠢᠳᠤᠷ ᠪᠦᠲᠦᠭᠡᠨ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ | ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ ᠬᠦᠴᠦᠯᠡᠨ ᠪᠦᠲᠦᠭᠡᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠶᠡᠷᠦᠩᠬᠡᠢ ᠭᠠᠷᠳᠠᠴᠠ ᠮᠥᠨ᠃ ᠬᠤᠨᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠬᠦᠨᠳᠦ | ᠡᠭᠦᠷᠭᠡ ᠶᠢ ᠡᠭᠦᠷᠭᠡᠯᠡᠵᠦ᠂ ᠦᠷ᠎ᠡ ᠪᠣᠯᠣᠨ ᠲᠠᠷᠢᠶᠠᠨ ᠭᠠᠵᠠᠷ ᠭᠡᠬᠦ ᠬᠤᠶᠠᠷ ᠠᠮᠢᠨ ᠭᠠᠵᠠᠷ ᠢ ᠠᠳᠬᠤᠵᠤ᠂ ᠦᠷ᠎ᠡ ᠶᠢᠨ | ᠦᠢᠯᠡᠰ᠂ ᠲᠠᠷᠢᠶᠠᠯᠠᠩ ᠤᠨ ᠮᠠᠰᠢᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ | ᠲᠦᠷᠭᠡᠳᠬᠡᠬᠦ ᠬᠡᠷᠡᠭᠲᠡᠢ᠃ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠠᠷᠢᠮᠲᠠᠯᠠᠵᠤ | ᠂ ᠣᠨᠴᠠᠯᠢᠭᠲᠤ ᠲᠠᠷᠢᠶᠠᠯᠠᠩ ᠪᠠ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠦᠢᠯᠡᠰ ᠢ ᠢᠳᠡᠪᠬᠢᠲᠡᠢ | ᠬᠥᠭᠵᠢᠭᠦᠯᠵᠦ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠤᠲᠠ | ᠬᠥᠳᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠬᠤᠰᠢᠭᠤ ᠰᠢᠶᠠᠨ ᠤ ᠠᠵᠤ ᠠᠬᠤᠢ ᠶᠢ | ᠪᠤᠵᠠᠭᠠᠶᠢᠷᠠᠭᠤᠯᠤᠨ᠂ ᠬᠤᠲᠠ ᠬᠥᠳᠡᠭᠡ ᠶᠢᠨ ᠬᠦᠴᠦᠨ ᠵᠦᠢᠯ ᠤᠨ ᠬᠤᠣᠰ ᠴᠢᠭᠯᠡᠯ ᠢᠶᠠᠷ ᠰᠢᠯᠵᠢᠭᠦ ᠶᠢ ᠰᠢᠯᠤᠭᠤᠳᠬᠠᠵᠤ᠂ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ | ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ | ᠦᠶ᠎ᠡ ᠶᠢᠨ ︽ᠹᠸᠡᠭᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠳᠠᠭᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ ᠭᠡᠪᠴᠢᠶᠡᠵᠢᠲᠤ ᠴᠢᠨᠠᠷᠲᠠᠢ | ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠨᠠᠨ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠳᠤᠷ ᠡᠭᠦᠷᠭᠡᠯᠡᠵᠦ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶ᠋ᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠳᠤᠷ ᠬᠠᠮᠠᠭᠠᠯᠠᠵᠤ᠂ ᠰᠠᠶᠢᠳᠤᠷ ᠬᠡᠷᠡᠭᠯᠡᠵᠦ᠂ ᠬᠤᠪᠢᠰᠬᠠᠯᠲᠤ | ᠤᠯᠠᠮᠵᠢᠯᠠᠯ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠯᠠᠨ | ᠲᠦᠮᠡᠨ ᠢ ᠬᠥᠲᠥᠯᠥᠨ ᠳᠠᠭᠠᠭᠤᠯᠵᠤ ᠪᠠᠶᠢᠭᠠᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠲᠤ ᠤᠯᠠᠮᠵᠢᠯᠠᠯ ᠢ | ᠦᠷᠭᠦᠯᠵᠢᠯᠡᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ | ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠰᠣᠶᠣᠯ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ | ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ᠂ ᠨᠡᠩ ᠤᠯᠠᠨ ᠰᠢᠨ᠎ᠡ | ᠰᠣᠶᠣᠯ ᠤᠨ ᠠᠵᠤ ᠦᠢᠯᠡᠰ ᠤᠨ ᠨᠡᠮᠡᠭᠳᠡᠯ ᠤᠨ ᠴᠡᠭ ᠢ ᠪᠤᠢ ᠪᠤᠯᠭᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ | ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠤᠨᠠᠨ ᠤ ᠡᠬᠡ ᠭᠠᠵᠠᠷ ᠤᠨ ᠬᠥᠬᠡᠮᠳᠦᠭ ᠨᠣᠭᠤᠭᠠᠨ ᠠᠭᠤᠯᠠ ᠤᠰᠤ᠂ ᠴᠡᠯᠮᠡᠭ | ᠲᠡᠭᠷᠢ ᠴᠡᠪᠡᠷ ᠬᠥᠷᠥᠰᠥ ᠶᠢ ᠰᠠᠶᠢᠳᠤᠷ ᠰᠠᠬᠢᠨ ᠬᠠᠮᠠᠭᠠᠯᠠᠵᠤ᠂ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ | ᠢᠷᠭᠡᠨᠰᠢᠯ ᠵᠠᠩ ᠵᠠᠩᠰᠢᠯ ᠢ ᠵᠢᠭᠤᠯᠴᠢᠯᠠᠯ ᠤᠨ ᠦᠢᠯᠡᠰ ᠤᠨ ᠥᠨᠢᠳᠡ ᠶᠢᠨ ᠲᠠᠲᠠᠬᠤ ᠬᠦᠴᠦᠨ ᠪᠣᠯᠭᠠᠨ ᠬᠤᠪᠢᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ | ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠥᠪ ᠵᠠᠰᠠᠭ ᠤᠨ ᠠᠵᠢᠯ ᠤᠨ | ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ | ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠳᠤᠷ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ | ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ | ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠤᠭᠤᠳᠴᠤ᠂ ᠤᠳᠤᠷᠢᠳᠬᠤ ᠺᠠᠳ᠋ᠷᠴᠤᠳ ᠤᠨ ᠵᠥᠪ ᠡᠷᠬᠡ ᠶᠢᠨ | ᠦᠵᠡᠯᠲᠡ ᠶᠢ ᠪᠤᠢ ᠪᠤᠯᠭᠠᠬᠤ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ | ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠱᠠᠯᠠᠪᠳᠠᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | 3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠴᠠᠩᠱᠠ ᠳᠤ ᠰᠠᠭᠤᠭ᠎ᠠ ᠴᠡᠷᠢᠭ ᠠᠩᠭᠢ ᠶᠢᠨ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ | ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠥᠯᠥᠭᠡᠯᠡᠨ ᠴᠠᠩᠱᠠ ᠳᠤ ᠰᠠᠭᠤᠭ᠎ᠠ ᠴᠡᠷᠢᠭ ᠠᠩᠭᠢ ᠶᠢᠨ | ᠪᠦᠭᠦ ᠳᠠᠷᠤᠭ᠎ᠠ ᠪᠠᠶᠢᠯᠳᠤᠭᠴᠢᠤᠨ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ | ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠵᠢᠤ ᠰᠢᠶᠠ ᠪᠠᠷ᠎ᠠ ᠪᠣᠯᠵᠤ ᠠᠭᠤᠯᠵᠠᠵᠠᠢ᠃ | ᠳᠡᠪᠰᠢᠭᠦᠯᠦᠭᠴᠢ᠄ ᠲᠡᠷᠭᠡᠯ | |