ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶ᠋ᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶ᠋ᠢᠯᠠᠩ ᠤᠨ ᠬᠤᠷᠠᠯ ᠬᠤᠷᠠᠯᠳᠤᠪᠠ       1 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ  ᠳᠤᠭᠤᠶᠢᠯᠠᠩ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ  ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ  ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠳᠠ ᠶᠢᠨ ᠨᠠᠮ ᠤᠨ ᠬᠤᠷᠢᠶ᠎ᠠ ᠶᠢᠨ  ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ  ᠲᠤᠭᠤᠰᠢᠯᠠᠭᠤᠯᠬᠤ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ  ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ  ᠰᠠᠶᠢᠵᠢᠷᠠᠭᠤᠯᠬᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠥᠯ︾  ︽ᠤᠯᠠᠭᠠᠨᠴᠠᠪ ᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠳ᠋ᠦ᠋ᠩᠨᠡᠯᠲᠡ︾ ︽ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠶᠢᠨ 2024 ᠣᠨ ᠤ ᠬᠠᠤᠯᠢ ᠲᠣᠭᠲᠠᠭᠠᠬᠤ ᠲᠥᠯᠥᠪᠯᠡᠭᠡ︾ ᠵᠢᠴᠢ ᠬᠤᠲᠠ ᠶᠢᠨ ᠨᠠᠮ ᠤᠨ ᠬᠤᠷᠢᠶ᠎ᠠ ᠶᠢᠨ  ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠬᠠᠷᠢᠴᠠᠭᠤᠯᠤᠨ  ᠪᠠᠶᠢᠴᠠᠭᠠᠭᠰᠠᠨ ᠮᠠᠲ᠋ᠧᠷᠢᠶᠠᠯ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ  ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠯᠪᠣᠭᠳᠠᠯ ᠪᠦᠬᠦᠢ ᠵᠢᠰᠢᠭᠳᠡᠭᠰᠡᠳ ᠤᠨ ᠵᠢᠰᠢᠭᠳᠡᠭᠴᠢ ᠵᠢᠴᠢ ᠬᠤᠳᠠ ᠶᠢᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂  ᠪᠠᠶᠢᠩᠭᠤ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠬᠤ᠂ ᠨᠡᠮᠡᠵᠦ ᠨᠥᠬᠦᠪᠦᠷᠢᠯᠡᠬᠦ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ  ᠪᠠᠶᠢᠷᠢᠯᠠᠭᠤᠯᠪᠠ᠃           ᠬᠤᠷᠠᠯ ᠠᠴᠠ᠂ ᠪᠦᠬᠦ ᠬᠤᠳᠠ ᠪᠠᠷ ᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠪᠦᠬᠦᠳᠠ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠶᠢᠨ ᠲᠣᠭᠤᠷᠢᠨ ᠳᠤ ᠢᠳᠡᠪᠬᠢᠲᠡᠢ ᠠᠵᠢᠯᠯᠠᠵᠤ᠂ ᠡᠯ᠎ᠡ ᠵᠦᠢᠯ ᠤᠨ ᠠᠵᠢᠯ ᠤᠨ  ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ  ᠰᠠᠶᠢᠳᠤᠷ ᠠᠳᠬᠤᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ  ᠪᠠᠶᠢᠭᠤᠯᠤᠭ᠎ᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ  ᠨᠢᠭᠲᠠᠷᠠᠭᠤᠯᠬᠤ ᠶᠢ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠢ  ᠨᠡᠶᠢᠭᠡᠮ ᠤᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠤᠳᠠ ᠶᠢᠨ ︽ᠬᠤᠶᠠᠷ ᠬᠤᠷᠠᠯ︾  ᠤᠨ ᠪᠡᠯᠡᠳᠬᠡᠯ ᠠᠵᠢᠯ ᠢ ᠨᠠᠷᠢᠨ ᠨᠢᠮᠪᠠᠢ  ᠰᠠᠶᠢᠳᠤᠷ ᠬᠢᠵᠦ᠂ ᠬᠤᠷᠠᠯ ᠢ ᠰᠤᠷᠲᠠᠯ ᠴᠢᠬᠡᠴᠢ ᠣᠪᠣᠷ ᠲᠥᠪ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃           ᠬᠤᠷᠠᠯ ᠠᠴᠠ᠂ ᠡᠯ᠎ᠡ ᠱᠠᠲᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠣᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠢ ᠨᠢᠭᠡᠳᠦᠯᠲᠡᠢ ᠲᠥᠯᠥᠪᠵᠢᠭᠦᠯᠦᠨ  ᠰᠠᠶᠢᠳᠤᠷ ᠬᠢᠵᠦ᠂ ᠬᠤᠷᠠᠯ ᠠᠴᠠ ᠡᠮᠦᠨᠡᠬᠢ ᠰᠤᠷᠤᠯᠴᠠᠯᠭ᠎ᠠ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ  ᠰᠠᠶᠢᠳᠤᠷ ᠥᠷᠨᠢᠭᠦᠯᠵᠦ᠂ ᠬᠤᠪᠢ ᠬᠥᠮᠥᠨ ᠤ ᠬᠠᠷᠢᠴᠠᠭᠤᠯᠤᠭᠰᠠᠨ  ᠪᠠᠶᠢᠴᠠᠭᠠᠯᠲᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠵᠤ᠂ ᠬᠤᠷᠠᠯ ᠤᠨ ᠵᠢᠰᠢᠭᠰᠡᠨ ᠦᠷ᠎ᠡ ᠪᠦᠲᠦᠮᠵᠢ ᠳᠤ ᠬᠦᠷᠬᠦ ᠶᠢ ᠪᠠᠲᠤᠯᠠᠬᠤ ᠬᠡᠷᠡᠭᠲᠡᠢ᠃ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢ ᠵᠣᠷᠢᠭ ᠢ ᠰᠤᠯᠠᠷᠠᠭᠤᠯᠬᠤ ᠦᠭᠡᠢ  ᠪᠠᠶᠢᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠠᠬᠢᠭᠤᠯᠵᠤ᠂ ᠥᠪᠡᠷ ᠢ ᠪᠠᠨ ᠪᠠᠬᠢᠵᠢᠭᠦᠯᠦᠭᠰᠡᠨ ᠦᠷ᠎ᠡ ᠪᠦᠲᠦᠮᠵᠢ ᠶᠢ ᠪᠦᠬᠦ ᠲᠠᠯ᠎ᠠ ᠪᠠᠷ  ᠪᠠᠶᠢᠴᠠᠭᠠᠵᠦ᠂ ᠢᠯᠠᠩᠭᠤᠶ᠎ᠠ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ  ᠰᠡᠷᠭᠡᠶᠢᠯᠡᠨ ᠵᠠᠰᠠᠵᠤ᠂ ᠭᠤᠣᠯ ᠰᠡᠳᠦᠪᠲᠦ ᠬᠥᠮᠦᠵᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃           ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠤᠯᠢ ᠲᠣᠭᠲᠠᠭᠠᠬᠤ ᠳᠤ ᠠᠷᠠᠳ ᠲᠦᠮᠡᠨ ᠤ ᠲᠥᠯᠥᠭᠡ ᠪᠠᠶᠢᠬᠤ᠂ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠵᠤ᠂ ᠬᠤᠳᠠ ᠶᠢᠨ ᠬᠡᠪᠴᠢᠶᠡᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ ᠠᠷᠠᠳ ᠲᠦᠮᠡᠨ ᠤ ᠠᠰᠢᠭ ᠲᠤᠰᠠ ᠶᠢ ᠢᠯᠡᠷᠡᠭᠦᠯᠬᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠶᠢ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠬᠦ ᠪᠦᠬᠦ ᠶᠠᠪᠤᠴᠠ ᠳᠤ  ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ᠢᠷᠡᠯᠲᠡ᠄  ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄   ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2