ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ  ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ  ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ      1 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ  ᠰᠠᠶᠢᠳᠤᠷ ᠨᠡᠭᠡᠭᠡᠬᠦ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠤᠯᠠᠮ ᠨᠢᠭᠡ ᠠᠯᠬᠤᠮ  ᠭᠦᠨᠵᠡᠭᠡᠶᠢᠷᠡᠭᠦᠯᠪᠡ᠃           ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠨᠥᠬᠦᠳ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶ᠋ᠢᠳᠠᠯ ᠲᠠᠢ ᠪᠠᠨ ᠤᠶᠠᠯᠳᠤᠭᠤᠯᠤᠨ ᠨᠢᠭᠡᠳ ᠨᠢᠭᠡ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃           ᠰᠦᠢ ᠸᠧᠢ ᠵᠢᠶᠦ᠋ᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠢᠲᠡᠭᠡᠯ ᠪᠢᠰᠢᠷᠡᠯ ᠤᠨ ᠤᠬᠠᠭᠠᠨ ᠢ ᠡᠪᠦᠷᠯᠡᠵᠦ᠂ ᠡᠭᠦᠷᠭᠡ ᠬᠠᠷᠢᠭᠤᠴᠠᠯᠭ᠎ᠠ ᠶᠢᠨ ᠤᠬᠠᠭᠠᠨ ᠢ ᠡᠪᠦᠷᠯᠡᠵᠦ᠂ ᠬᠠᠷᠢᠭᠤᠴᠠᠯᠭ᠎ᠠ ᠶᠢᠨ ᠤᠬᠠᠭᠠᠨ ᠢ ᠡᠪᠦᠷᠯᠡᠵᠦ᠂ ᠡᠭᠦᠨ ᠳᠤ ᠠᠭᠤᠯᠤᠭᠳᠠᠵᠤ  ᠪᠠᠶᠢᠭ᠎ᠠ ᠶᠣᠰᠣ ᠤᠴᠢᠷ ᠭᠦᠨ ᠤᠬᠠᠭᠠᠨ ᠪᠠ ᠲᠡᠭᠦᠨ ᠳᠤ ᠲᠤᠭᠤᠰᠢᠯᠠᠭᠳᠠᠵᠤ  ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠭᠦᠨᠵᠡᠭᠡᠢ ᠡᠵᠡᠮᠳᠡᠵᠦ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠴᠡᠭᠴᠡᠯᠡᠨ ᠦᠨᠳᠦᠰᠦ ᠶᠢ ᠴᠡᠪᠡᠷᠯᠡᠵᠦ᠂ ᠦᠨᠳᠦᠰᠦ ᠶᠢ ᠪᠠᠬᠢᠵᠢᠭᠦᠯᠵᠦ ᠦᠨᠳᠦᠰᠦ ᠶᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠵᠤ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ᠃ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ  ᠪᠤᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠲᠠᠪᠰᠢᠯᠳᠠ ᠶᠢ ᠲᠡᠮᠡᠴᠡᠨ ᠣᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠰᠠᠭᠤᠷᠢ ᠶᠢ ᠪᠠᠲᠤᠳᠬᠠᠬᠤ᠂ ᠦᠨᠳᠦᠰᠦ ᠶᠢ ᠪᠠᠲᠤᠳᠬᠠᠬᠤ᠂ ᠠᠯᠤᠰ ᠬᠡᠳᠤ ᠳᠤ ᠠᠰᠢᠭᠲᠠᠢ ᠠᠵᠢᠯ ᠢ ᠪᠣᠳᠠᠲᠠᠢ ᠶᠢ ᠡᠷᠬᠢᠮᠯᠡᠨ ᠠᠬᠢᠭᠤᠯᠵᠤ᠂ ᠬᠥᠭᠵᠢᠯᠲᠡ ᠶᠢ ᠠᠳᠬᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃           ᠰᠦᠢ ᠸᠧᠢ ᠵᠢᠶᠦ᠋ᠨ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠪᠣᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢᠨ ᠴᠢᠬᠤᠯᠠ ᠠᠭᠤᠯᠭ᠎ᠠ ᠮᠥᠨ᠂ ᠪᠠᠰᠠ  ᠴᠣ᠋ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠲᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠨᠠᠷᠢᠨ ᠨᠢᠮᠪᠠᠢ ᠵᠣᠬᠢᠶᠠᠨ  ᠪᠠᠶᠢᠭᠤᠯᠤᠨ ᠬᠡᠷᠡᠭᠵᠢᠭᠦᠯᠵᠦ᠂ ᠥᠪᠡᠷ ᠪᠡᠶ᠎ᠡ᠂ ᠲᠤᠰᠢᠶᠠᠯ ᠬᠠᠷᠢᠭᠤᠴᠠᠯᠭ᠎ᠠ᠂ ᠪᠣᠳᠠᠲᠠᠢ ᠠᠵᠢᠯ ᠲᠠᠢ ᠪᠠᠨ ᠤᠶᠠᠯᠳᠤᠭᠤᠯᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠪᠦᠬᠦ ᠲᠠᠯ᠎ᠠ ᠪᠠᠷ  ᠪᠠᠶᠢᠴᠠᠭᠠᠨ ᠵᠠᠳᠠᠯᠵᠤ᠂  ᠨᠡᠶᠢᠲᠡᠯᠢᠭ ᠬᠡᠷᠡᠭ ᠤᠨ ᠵᠢᠰᠢᠶ᠎ᠡ ᠶᠢ ᠭᠦᠨᠵᠡᠭᠡᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠶᠢ ᠪᠦᠬᠦ ᠲᠠᠯ᠎ᠠ ᠪᠠᠷ  ᠰᠠᠶᠢᠳᠤᠷ ᠠᠳᠬᠤᠵᠤ᠂ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠥᠨᠳᠥᠷ ᠪᠠᠷᠢᠮᠵᠢᠶ᠎ᠠ᠂ ᠴᠢᠨᠠᠷ  ᠰᠠᠶᠢᠲᠠᠢ ᠶᠠᠪᠤᠭᠳᠠᠬᠤ ᠶᠢ ᠦᠨᠡᠨ  ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃ᠢᠷᠡᠯᠲᠡ᠄  ᠤᠯᠠᠭᠠᠨᠴᠠᠪ ᠬᠤᠲᠠ ᠶᠢᠨ ᠠᠷᠠᠤᠨ ᠤᠨ  ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2