ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠴᠢ ᠹᠧᠢ ᠶᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ  ᠪᠠᠶᠢᠭ᠎ᠠ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/3/29
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠴᠢ ᠹᠧᠢ ᠶᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ  ᠪᠠᠶᠢᠭ᠎ᠠ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ      1 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠢᠭᠡᠳᠦᠭᠡᠷ ᠨᠠᠮ ᠤᠨ ᠡᠭᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ  ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠦᠵᠡᠯ ᠰᠠᠨᠠᠭ᠎ᠠ ᠲᠠᠨᠢᠯᠲᠠ ᠪᠠᠨ ᠠᠭᠤᠵᠢᠷᠠᠲᠠᠯ᠎ᠠ ᠶᠠᠷᠢᠯᠴᠠᠵᠤ᠂ ᠣᠯᠣᠯᠲᠠ ᠲᠥᠷᠥᠭᠳᠡᠯ ᠢᠶᠠᠨ ᠰᠣᠯᠢᠯᠴᠠᠪᠠ᠃           ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠦᠯᠵᠦ᠂ ᠠᠰᠠᠭᠤᠳᠠᠯ ᠢ  ᠪᠠᠶᠢᠴᠠᠭᠠᠨ ᠦᠵᠡᠭᠰᠡᠨ  ᠪᠠᠶᠢᠳᠠᠯ ᠢ ᠮᠡᠳᠡᠭᠳᠡᠪᠡ᠃ ᠨᠠᠮ ᠤᠨ ᠡᠭᠦᠷ ᠤᠨ ᠨᠠᠮ ᠤᠨ ᠭᠡᠰᠢᠭᠦᠨ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃           ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠴᠢ ᠹᠧᠢ ᠶᠦᠨ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠣᠯ ᠵᠠᠰᠠᠭ ᠤᠨ ᠣᠷᠳᠣᠨ ᠤ ᠠᠵᠢᠯ ᠤᠨ ᠠᠵᠢᠯᠯᠠᠭᠠᠨ ᠤ ᠲᠥᠪ ᠮᠥᠨ᠂ ᠳᠡᠭᠡᠳᠦ ᠳᠣᠣᠷᠠᠬᠢ ᠶᠢ ᠵᠠᠯᠭᠠᠭᠤᠯᠵᠤ᠂ ᠡᠯ᠎ᠡ ᠲᠠᠯ᠎ᠠ ᠶᠢᠨ  ᠢ ᠵᠣᠬᠢᠴᠠᠭᠤᠯᠵᠤ᠂ ᠵᠠᠰᠠᠭ ᠤᠨ ᠣᠷᠳᠣᠨ ᠤ ᠠᠵᠢᠯ ᠢ ᠪᠠᠲᠤᠯᠠᠬᠤ ᠴᠢᠬᠤᠯᠠ ᠦᠢᠯᠡᠳᠦᠯ ᠢ ᠪᠠᠳᠠᠷᠠᠭᠤᠯᠵᠤ ᠪᠠᠶᠢᠨ᠎ᠠ᠃  ᠲᠡᠷᠡ ᠥᠪᠡᠷ ᠤᠨ ᠰᠤᠷᠤᠯᠴᠠᠯᠭ᠎ᠠ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠰᠤᠷᠤᠯᠴᠠᠯᠭ᠎ᠠ ᠪᠠᠨ ᠴᠢᠩᠭᠠᠳᠬᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ  ᠨᠢᠭᠲᠠᠷᠠᠭᠤᠯᠵᠤ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂  ᠭᠦᠨᠵᠡᠭᠡᠶᠢᠷᠡᠭᠦᠯᠬᠦ᠂ ᠳᠣᠲᠣᠭᠰᠢᠯᠠᠭᠤᠯᠬᠤ᠂ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠦᠷᠢᠮ ᠤᠨ  ᠪᠠᠶᠢᠭᠤᠯᠤᠯᠲᠠ ᠶᠢ ᠦᠷᠭᠦᠯᠵᠢᠯᠡᠨ  ᠰᠠᠶᠢᠳᠤᠷ ᠠᠳᠬᠤᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ  ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂  ᠲᠤᠬᠠᠶᠢᠯᠠᠭᠰᠠᠨ ᠠᠵᠢᠯ ᠳᠠᠭᠠᠨ ᠨᠡᠪᠲᠡᠷᠡᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠢᠭᠡᠳᠦᠭᠡᠷ ᠹᠷᠣᠨᠲ ᠲᠤ  ᠭᠦᠨᠵᠡᠭᠡᠶᠢᠷᠡᠬᠦ ᠶᠢ ᠪᠠᠷᠢᠮᠲᠠᠯᠠᠵᠤ᠂ ᠪᠣᠳᠠᠲᠤ  ᠪᠠᠶᠢᠳᠠᠯ ᠢ ᠲᠣᠳᠣᠷᠬᠠᠢ  ᠤᠶᠢᠯᠭᠠᠵᠦ᠂ ᠭᠦᠨᠵᠡᠭᠡᠢ ᠰᠡᠳᠬᠢᠵᠦ᠂ ᠰᠢᠨ᠎ᠡ ᠶᠢ ᠡᠭᠦᠳᠬᠦ ᠠᠷᠭ᠎ᠠ ᠪᠠ ᠠᠷᠭᠠᠴᠠᠬᠤ ᠪᠣᠳᠣᠯᠭ᠎ᠠ ᠶᠢ ᠢᠯᠡᠭᠦᠬᠡᠨ ᠭᠠᠷᠭᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ ᠂ ᠰᠤᠷᠲᠠᠯ ᠤᠨ  ᠪᠠᠶᠢᠭᠤᠯᠤᠯᠲᠠ ᠶᠢ ᠴᠢᠩᠭᠠᠳᠬᠠᠵᠤ᠂ ︽ᠶᠣᠰᠣ ᠳᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ︾ ᠤᠬᠠᠮᠰᠠᠷ ᠢ ᠪᠠᠲᠤ ᠪᠤᠢ ᠪᠣᠯᠭᠠᠵᠤ᠂ ᠥᠪᠡᠷ ᠢ ᠪᠠᠨ ᠪᠣᠯᠪᠠᠰᠤᠷᠠᠭᠤᠯᠬᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠬᠦᠯᠢᠴᠡᠩᠭᠦᠢ᠂ ᠤᠶᠠᠨ ᠬᠠᠳᠠᠨ᠂ ᠬᠠᠲᠠᠭᠤ ᠵᠣᠷᠢᠭ ᠢ ᠬᠥᠮᠥᠵᠢᠭᠦᠯᠵᠦ᠂  ᠲᠤᠶᠢᠯ ᠤᠨ ᠬᠠᠷᠢᠭᠤᠴᠠᠯᠭ᠎ᠠ ᠲᠠᠢ᠂  ᠲᠤᠶᠢᠯ ᠤᠨ ᠨᠠᠷᠢᠨ ᠨᠢᠮᠪᠠᠢ ᠣᠪᠣᠷ ᠢᠶᠠᠷ ᠠᠵᠢᠯ ᠨᠢᠭᠡᠪᠦᠷᠢ ᠳᠤ ᠬᠠᠨᠳᠤᠵᠤ᠂ ᠤᠯᠠᠭᠠᠨᠴᠠᠪ ᠤᠨ ᠠᠵᠤ ᠠᠬᠤᠢ  ᠨᠡᠶᠢᠭᠡᠮ ᠤᠨ ᠴᠢᠨᠠᠷ  ᠰᠠᠶᠢᠲᠠᠢ‌‍ᠬᠥ᠋ᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠣᠷᠢᠭᠵᠢᠭᠤᠯᠪᠠ᠃ᠢᠷᠡᠯᠲᠡ᠄  ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄   ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2