ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ      1 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ  ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠯᠠᠭᠠᠨᠴᠠᠪ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠪᠠᠬᠢᠵᠢᠭᠦᠯᠬᠦ ᠶᠢᠨ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ  ᠨᠡᠶᠢᠭᠡᠮ ᠲᠣᠭᠤᠷᠢᠭ ᠤᠨ ᠵᠠᠰᠠᠯᠲᠠ ᠶᠢᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠤᠲᠠ ᠶᠢᠨ ︽ᠬᠤᠶᠠᠷ ᠬᠤᠷᠠᠯ︾ ᠤᠨ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ  ᠪᠠᠶᠢᠷᠢᠯᠠᠭᠤᠯᠪᠠ᠃          ᠬᠤᠷᠠᠯ ᠠᠴᠠ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ︽ᠬᠤᠶᠠᠷ ᠬᠤᠷᠠᠯ︾ ᠪᠣᠯ ᠪᠦᠬᠦ ᠬᠤᠳᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠬᠤᠶᠠᠷ ᠲᠣᠮᠣ ᠶᠠᠪᠤᠳᠠᠯ ᠢ ᠪᠥᠬᠦ ᠬᠦᠴᠦᠨ ᠢᠶᠠᠷ ᠢᠶᠠᠨ  ᠰᠠᠶᠢᠳᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠲᠦᠯᠬᠢᠨ ᠠᠬᠢᠭᠤᠯᠬᠤ ᠴᠢᠬᠤᠯᠠ ᠴᠠᠭ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ  ᠲᠤᠶᠢᠯ ᠤᠨ ᠴᠢᠬᠤᠯᠠ ᠬᠤᠷᠠᠯ ᠪᠣᠯᠬᠤ ᠶᠤᠮ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠶᠠᠨ  ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠡᠭᠦᠷᠭᠡ ᠶᠢᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠵᠤ᠂ ᠬᠤᠲᠠ ᠶᠢᠨ ︽ᠬᠤᠶᠠᠷ ᠬᠤᠷᠠᠯ︾ ᠢ ᠦᠨᠡᠨ  ᠬᠦ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ᠂ ᠪᠦᠯᠬᠦᠮᠳᠡᠨ ᠲᠡᠮᠡᠴᠡᠬᠦ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ᠃ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ  ᠪᠠᠶᠢᠳᠠᠯ ᠢ ᠬᠠᠮᠠᠭᠠᠯᠠᠬᠤ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ  ᠰᠡᠷᠭᠡᠶᠢᠯᠡᠨ ᠠᠷᠢᠯᠭᠠᠬᠤ ᠠᠵᠢᠯ ᠢ  ᠰᠠᠶᠢᠳᠤᠷ ᠬᠢᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃          ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠠᠲᠤ ᠡᠭᠦᠷᠭᠡᠯᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ  ᠰᠠᠶᠢᠳᠤᠷ ᠠᠳᠬᠤᠵᠤ᠂ ᠱᠠᠯᠠᠪᠳᠠᠭᠤᠯᠤᠨ  ᠪᠠᠶᠢᠴᠠᠭᠠᠬᠤ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠪᠦᠬᠦ ᠶᠠᠪᠤᠴᠠ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ  ᠪᠠᠶᠢᠭᠤᠯᠤᠯᠲᠠ ᠳᠠᠬᠢ ᠤᠳᠤᠷᠢᠳᠤᠯᠭ᠎ᠠ ᠪᠠᠨ ᠴᠢᠩᠭᠠᠳᠬᠠᠵᠤ ᠂ ᠤᠯᠤᠰ ᠲᠦᠷᠦ ᠶᠢᠨ ︽ᠲᠥᠪᠯᠡᠩᠭᠦᠢ ᠬᠦᠴᠦᠨ︾᠂ ᠦᠵᠡᠯ ᠰᠠᠨᠠᠭᠠᠨ ᠤ ︽ᠬᠥᠲᠥᠯᠥᠨ ᠳᠠᠭᠠᠭᠤᠯᠬᠤ ᠬᠦᠴᠦᠨ ︾ ᠵᠣᠬᠢᠶᠠᠨ  ᠪᠠᠶᠢᠭᠤᠯᠤᠯᠲᠠ ᠶᠢᠨ ︽ᠤᠷᠢᠶᠠᠯᠠᠬᠤ ᠬᠦᠴᠦᠨ︾ ᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠲᠠᠯ᠎ᠠ ᠪᠠᠷ ᠠᠳᠬᠤᠬᠤ᠂ ᠪᠣᠰᠤᠭ᠎ᠠ ᠴᠣᠭᠴᠠ ᠪᠠᠷ ᠠᠳᠬᠤᠬᠤ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃  ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ  ᠭᠦᠨᠵᠡᠭᠡᠶᠢᠷᠡᠭᠦᠯᠵᠦ᠂  ᠨᠡᠶᠢᠭᠡᠮ ᠲᠣᠭᠤᠷᠢᠭ ᠤᠨ ᠵᠠᠰᠠᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦ᠋ᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ  ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ  ᠭᠦᠨᠵᠡᠭᠡᠶᠢᠷᠡᠭᠦᠯᠵᠦ ᠴᠡᠭᠴᠡᠯᠡᠨ  ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠠᠵᠤ ᠠᠬᠤᠢ ᠶᠢᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ  ᠪᠠᠶᠢᠭᠤᠯᠤᠯᠲᠠ ᠠᠷᠠᠳ ᠤᠨ ᠠᠮᠢᠳᠤᠷᠠᠯ ᠢ  ᠰᠠᠶᠢᠵᠢᠷᠠᠭᠤᠯᠬᠤ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠴᠡᠭᠴᠡᠯᠡᠨ  ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ᠠᠵᠤ ᠠᠬᠤᠢ  ᠨᠡᠶᠢᠭᠡᠮ ᠤᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ᠢᠷᠡᠯᠲᠡ᠄  ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄   ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2