ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠵᠠᠰᠠᠭ ᠤᠨ ᠣᠷᠳᠣᠨ ᠨᠠᠮ ᠤᠨ ᠤᠳᠤᠷᠢᠳᠬᠤ  ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ  ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/29
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠵᠠᠰᠠᠭ ᠤᠨ ᠣᠷᠳᠣᠨ ᠨᠠᠮ ᠤᠨ ᠤᠳᠤᠷᠢᠳᠬᠤ  ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ  ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ      1 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶ᠋ᠢᠯᠠᠩ ᠤᠨ ᠱᠦᠵᠢ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶ᠋ᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶ᠋ᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶ᠋ᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠮ ᠵᠠᠰᠠᠭ ᠤᠨ  ᠪᠠᠶᠢᠭᠤᠯᠭ᠎ᠠ ᠶᠢᠨ ᠭᠠᠮᠨᠠᠵᠤ ᠠᠮᠢᠳᠤᠷᠠᠬᠤ ᠳᠠᠳᠬᠠᠯ ᠶᠢ ᠠᠬᠢᠭᠤᠯᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ  ᠪᠠᠶᠢᠷᠢᠯᠠᠭᠤᠯᠪᠠ᠃          ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ᠂ ᠭᠤᠣᠯ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠶᠢᠯᠭᠠᠨ ᠡᠵᠡᠮᠰᠢᠵᠦ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ︽ᠨᠠᠶᠢᠮᠠ ᠶᠢ ᠪᠠᠷᠢᠮᠲᠠᠯᠠᠬᠤ︾ ᠦᠨᠳᠦᠰᠦᠨ ᠴᠢᠬᠤᠯᠠ ᠠᠭᠤᠯᠭ᠎ᠠ ᠶᠢ ᠭᠦᠨᠵᠡᠭᠡᠢ ᠡᠵᠡᠮᠳᠡᠵᠦ᠂ ᠮᠥᠩᠭᠦᠨ ᠭᠦᠢᠯᠭᠡᠭᠡᠨ ᠤ ᠰᠡᠳᠬᠢᠬᠦᠢ ᠪᠠ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ  ᠰᠠᠶᠢᠳᠤᠷ ᠬᠢᠵᠦ᠂ ᠮᠥᠩᠭᠦᠨ ᠭᠦᠢᠯᠭᠡᠭᠡᠨ ᠤ ᠴᠢᠨᠠᠷ  ᠰᠠᠶᠢᠲᠠᠢ ᠬᠥᠭᠵᠢᠯᠲᠡ ᠪᠠᠷ ᠠᠵᠤ ᠠᠬᠤᠢ ᠶᠢᠨ ᠴᠢᠨᠠᠷ  ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂  ᠤᠨᠴᠠᠭᠠᠶᠢᠯᠠᠨ ᠵᠠᠰᠠᠭ ᠤᠨ ᠣᠷᠳᠣᠨ ᠤ ᠥᠷᠢ ᠥᠭᠴᠡᠭᠡ᠂ ᠳᠤᠮᠳᠠ ᠪᠠᠭ᠎ᠠ ᠮᠥᠩᠭᠦᠨ ᠭᠦᠢᠯᠭᠡᠭᠡᠨ ᠤ  ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠦᠭᠰᠢᠭᠦᠷᠢ ᠳᠤ ᠳᠡᠭᠡᠳᠦ ᠬᠡᠮᠵᠢᠶᠡᠨ ᠤ ᠰᠡᠷᠭᠡᠭ  ᠪᠠᠶᠢᠵᠦ᠂ ᠡᠪᠡᠳᠴᠢᠯᠡᠬᠦ ᠠᠴᠠ ᠡᠮᠦᠨ᠎ᠡ ᠵᠠᠰᠠᠵᠤ᠂ ᠡᠮᠦᠨ᠎ᠡ ᠲᠠᠯ᠎ᠠ ᠶᠢ ᠠᠳᠬᠤᠵᠤ᠂ ᠡᠷᠲᠡ ᠢᠯᠭᠠᠨ ᠲᠠᠨᠢᠵᠤ᠂ ᠡᠷᠲᠡ ᠢᠯᠡᠷᠡᠭᠦᠯᠵᠦ᠂ ᠡᠷᠲᠡ ᠰᠡᠷᠡᠮᠵᠢᠯᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠢ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠠᠯᠪᠠᠨ ᠶᠠᠪᠤᠳᠠᠯ ᠤᠨ ᠵᠣᠴᠢᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤᠮᠳᠠᠭᠠᠨ ᠤ ᠲᠠᠯ᠎ᠠ ᠪᠠᠷ ᠪᠦᠷᠢᠯᠭᠡᠨ ᠰᠦᠢᠳᠬᠡᠬᠦ ᠵᠡᠷᠭᠡ ᠦᠵᠡᠭᠳᠡᠯ ᠢ ᠡᠷᠡᠰ ᠬᠤᠷᠢᠭᠯᠠᠵᠤ᠂ ᠠᠷᠪᠢᠯᠠᠨ ᠭᠠᠮᠨᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠬᠤ  ᠬᠡᠷᠡᠭᠲᠡᠢ ᠭᠡᠵᠦ ᠴᠢᠬᠤᠯᠠᠴᠢᠯᠠᠪᠠ᠃ᠢᠷᠡᠯᠲᠡ᠄  ᠳᠡᠪᠰᠢᠭᠦᠯᠦᠭᠴᠢ᠄  ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2