ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ᠄ ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ᠄ ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ      1 ᠰᠠᠷ᠎ᠠ ᠶᠢᠨ 30 ᠤ ᠡᠳᠦᠷ᠂ ᠪᠥᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠵᠤ᠂ 2023 ᠣᠨ ᠤ ᠠᠵᠢᠯ ᠢ ᠡᠷᠭᠢᠴᠡᠭᠦᠯᠦᠨ ᠳ᠋ᠦ᠋ᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃           ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠶᠦᠨ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃           ᠬᠤᠷᠠᠯ ᠠᠴᠠ᠂ 2023 ᠣᠨ ᠳᠤ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠦᠨᠳᠦᠰᠦ ᠰᠠᠭᠤᠷᠢ ᠶᠢ ᠪᠠᠲᠤᠳᠬᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠤᠶᠠᠷ ᠲᠣᠮᠣ ᠶᠠᠪᠤᠳᠠᠯ ᠢ ᠰᠠᠶᠢᠳᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ᠂  ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠠᠢ ᠭᠡᠵᠦ ᠵᠢᠭᠠᠵᠤ ᠭᠠᠷᠭᠠᠪᠠ᠃           ᠬᠤᠷᠠᠯ ᠠᠴᠠ᠂ ᠡᠨᠡ ᠵᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠳᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ  ᠪᠠᠶᠢᠭᠤᠯᠤᠯᠲᠠ ᠶᠢ  ᠰᠠᠶᠢᠳᠤᠷ ᠠᠳᠬᠤᠵᠤ᠂ ᠤᠶᠤᠨ ᠤ ᠪᠣᠯᠪᠠᠰᠤᠨ ᠤ  ᠪᠠᠶᠢᠭᠤᠯᠤᠯᠲᠠ ᠶᠢ  ᠭᠦᠨᠵᠡᠭᠡᠶᠢᠷᠡᠭᠦᠯᠵᠦ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠬᠤᠶᠠᠷ ᠲᠣᠮᠣ ᠶᠠᠪᠤᠳᠠᠯ ᠢ  ᠰᠠᠶᠢᠳᠤᠷ ᠬᠢᠬᠦ ᠳᠤ ᠰᠡᠳᠬᠢᠯ ᠬᠦᠴᠦᠨ ᠢ  ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠢᠷᠡᠯᠲᠡ᠄   ᠤᠯᠠᠭᠠᠨᠴᠠᠪ  ᠬᠤᠲᠠ ᠶᠢᠨ ᠠᠷᠠᠤᠨ ᠤᠨ  ᠵᠠᠰᠠᠭ ᠤᠨ ᠤᠷᠳᠤᠨ ᠤ ᠮᠤᠩᠭᠤᠯ  ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2