ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠬᠦᠷᠭᠡᠭᠰᠡᠨ
ᠨᠡᠶᠢᠲᠡᠯᠡᠭᠰᠡᠨ ᠴᠠᠭ᠄
2024/3/6
      ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠬᠦᠷᠭᠡᠭᠰᠡᠨ                ᠣᠶᠢᠷ᠎ᠠ ᠳᠤ᠂ ᠮᠠᠨ ᠤ ᠬᠤᠰᠢᠭᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠬᠦᠷᠭᠡᠵᠦ᠂ ᠨᠠᠮ ᠤᠨ ᠬᠠᠶᠢᠷ᠎ᠠ ᠬᠠᠯᠠᠮᠵᠢ ᠶᠢ ᠴᠡᠷᠢᠭ ᠤᠨ ᠭᠡᠷ ᠪᠦᠯᠢ ᠶᠢᠨ  ᠬᠢᠨ ᠤ ᠰᠡᠳᠬᠢᠯ ᠳᠤ ᠬᠦᠷᠭᠡᠭᠰᠡᠨ ᠪᠠᠶᠢᠨ᠎ᠠ᠃        ᠠᠵᠢᠯᠲᠠᠳ ᠠᠴᠠ᠂ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠵᠣᠣ ᠢᠦᠢ᠂ ᠵᠠᠩ ᠵᠢᠶᠠᠨ ᠴᠢᠶᠠᠩ ᠤᠨ ᠠᠪᠤ ᠡᠵᠢ ᠳᠤ ᠤᠯᠠᠭᠠᠨ ᠪᠦᠰᠡ ᠵᠡᠭᠦᠯᠭᠡᠵᠦ᠂《ᠭᠤᠷᠪᠠᠳᠤᠭᠠᠷ ᠳᠡᠰ ᠤᠨ ᠭᠠᠪᠢᠶ᠎ᠠ ᠵᠢᠳᠬᠦᠯᠲᠡᠨ ᠤ ᠭᠡᠷ》 ᠤᠨ ᠢᠯᠡᠷᠬᠡᠶᠢᠯᠡᠯ᠂ ᠪᠠᠶᠠᠷ ᠤᠨ ᠮᠡᠳᠡᠭᠡ ᠪᠣᠯᠤᠨ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨᠡᠷ ᠤᠨ ᠤᠯᠤᠰ ᠭᠡᠷ᠂ ᠴᠡᠷᠢᠭ ᠠᠩᠭᠢ ᠳᠤ ᠰᠢᠯᠢᠳᠡᠭ ᠪᠠᠶᠢᠯᠳᠤᠭᠴᠢ ᠬᠥᠮᠦᠵᠢᠭᠦᠯᠵᠦ ᠦᠭᠭᠦᠭᠰᠡᠨ᠂ ᠨᠤᠲᠤᠭ ᠤᠰᠤᠨ ᠳᠠᠭᠠᠨ ᠢᠷᠠᠭᠤ ᠠᠯᠳᠠᠷ  ᠠᠪᠴᠢᠷᠠᠭᠰᠠᠨ ᠳᠤ ᠲᠠᠯᠠᠷᠬᠠᠵᠤ ᠪᠠᠶᠢᠭ᠎ᠠ  ᠪᠠᠨ ᠢᠯᠡᠳᠬᠡᠭᠰᠡᠨ ᠪᠠᠶᠢᠨ᠎ᠠ᠃      ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠦᠩ ᠰᠢᠶᠣᠣ ᠢᠦᠢ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2