ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/6
      ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠪᠠ              ᠣᠶᠢᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ ᠳᠥᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠷᠠᠯ ᠠᠴᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2023 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠴᠢᠬᠤᠯᠠ ᠵᠦᠢᠯ ᠢ ᠬᠢᠨᠠᠨ ᠵᠥᠪᠯᠡᠵᠦ ᠪᠠᠲᠤᠯᠠᠨ᠂ ᠬᠤᠷᠠᠯ ᠠᠴᠠ ᠪᠠᠰᠠ ᠠᠵᠢᠯᠲᠠᠨ ᠢ ᠲᠣᠮᠢᠯᠠᠵᠤ ᠪᠠᠭᠤᠯᠭᠠᠬᠤ ᠶᠠᠪᠤᠳᠠᠯ ᠢ ᠬᠢᠵᠦ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠠᠵᠢᠯᠲᠠᠨ ᠳᠤ ᠲᠤᠰᠢᠶᠠᠯ ᠳᠤ ᠲᠣᠮᠢᠯᠠᠭᠰᠠᠨ ᠪᠢᠴᠢᠭ ᠣᠯᠭᠤᠪᠠ᠃       ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠦᠩ ᠸᠧᠨ ᠬᠤᠸᠠ᠂ ᠵᠣᠣ ᠲᠢᠶᠠᠨ ᠺᠤᠸᠠᠨ᠂ ᠵᠢᠢ ᠰᠢᠶᠣᠤ ᠫᠧᠩ ᠬᠤᠷᠠᠯ ᠳᠤ ᠣᠷᠣᠯᠴᠠᠪᠠ᠃      ᠬᠤᠰᠢᠭᠤ ᠳᠡᠳ᠋ ᠳᠠᠷᠤᠭ᠎ᠠ ᠲᠦᠩ ᠰᠢ᠂ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠷᠦᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠬᠡᠰᠡᠭ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠵᠢᠴᠢ ᠬᠡᠰᠡᠭ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠲᠠᠨ᠎ᠠ   ᠮᠦᠰᠢᠶᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2