ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠪᠦᠬᠦᠨ ᠪᠠᠷ ᠢᠶᠠᠨ ᠳᠤᠭᠤᠷᠢᠨ ᠪᠠᠶᠢᠴᠠᠭᠠᠬᠤ ᠪᠠᠷ ᠣᠷᠣᠵᠤ ᠰᠠᠭᠤᠭᠰᠠᠨ
ᠨᠡᠶᠢᠲᠡᠯᠡᠭᠰᠡᠨ ᠴᠠᠭ᠄
2024/3/7
      ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠪᠦᠬᠦᠨ ᠪᠠᠷ ᠢᠶᠠᠨ ᠳᠤᠭᠤᠷᠢᠨ ᠪᠠᠶᠢᠴᠠᠭᠠᠬᠤ ᠪᠠᠷ ᠣᠷᠣᠵᠤ ᠰᠠᠭᠤᠭᠰᠠᠨ                 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠬᠤ ᠳᠤᠭᠤᠶᠢᠯᠠᠨᠭ ᠪᠦᠬᠦᠨ ᠪᠠᠷ ᠢᠶᠠᠨ ᠳᠤᠭᠤᠷᠢᠨ ᠪᠠᠶᠢᠴᠠᠭᠠᠬᠤ ᠪᠠᠷ ᠣᠷᠣᠵᠤ ᠰᠠᠭᠤᠭᠰᠠᠨ ᠪᠠᠶᠢᠨ᠎ᠠ᠃        ᠬᠤᠰᠢᠭᠤ ᠨᠠᠮ ᠤᠨ ᠬᠤᠷᠢᠶ᠎ᠠ ᠭᠤᠷᠪᠠᠨ ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᡁᠢ ᠵᠢᠩ ᠶᠠᠳᠠᠭᠤ ᠶᠢ ᠲᠡᠳᠬᠦᠬᠦ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠤᠯᠤᠰ ᠤᠨ ᠡᠬᠢ ᠪᠠᠶᠠᠯᠢᠭ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠡᠬᠢ ᠪᠠᠶᠠᠯᠢᠭ ᠤᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠵᠡᠷᠭᠡ  ᠲᠦᠷᠪᠡᠨ ᠤᠯᠤᠰ ᠤᠨ ᠥᠮᠴᠢᠯᠡᠯᠲᠦ ᠠᠵᠤ ᠠᠬᠤᠶᠢᠯᠠᠯ᠂  ᠤᠯᠠᠭᠠᠨᠬᠤᠸᠠ ᠪᠠᠯᠭᠠᠰᠤᠨ ᠤ ᠲᠠᠮᠢᠷ ᠤᠨ ᠵᠠᠮ᠂ ᠹᠦ ᠴᠢᠶᠠᠩ ᠵᠠᠮ᠂ ᠤᠯᠠᠭᠠᠨ ᠵᠠᠮ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ  ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠦᠨ᠎ᠡ᠃ ᠡᠳᠡᠭᠡᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠢᠭᠡᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠤᠰ ᠲᠤᠰ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ  ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ ᠲᠣᠭᠤᠷᠢᠨ ᠪᠠᠶᠢᠴᠠᠭᠠᠬᠤ ᠡᠭᠦᠷᠭᠡ ᠵᠢᠴᠢ ᠠᠷᠭ᠎ᠠ ᠬᠡᠯᠪᠡᠷᠢ ᠶᠢ ᠵᠠᠷᠯᠠᠨ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠴᠠᠢ᠃        ᠣᠶᠢᠯᠠᠭᠠᠭᠰᠠᠨ ᠢᠶᠠᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ 45 ᠡᠳᠦᠷ ᠣᠷᠴᠢᠮ ᠲᠣᠭᠤᠷᠢᠨ ᠪᠠᠶᠢᠴᠠᠭᠠᠨ᠎ᠠ᠂ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠵᠢᠵᠢᠭᠦᠷ ᠤᠨ ᠳ᠋ᠢᠶᠠᠩᠬᠤᠸᠠ᠂ ᠵᠠᠬᠢᠳᠠᠯ ᠰᠤᠷᠪᠤᠯᠵᠢᠯᠠᠯ ᠤᠨ ᠬᠤᠶᠠᠷ ᠬᠡᠮᠵᠢᠯᠲᠦ ᠺᠣᠳ᠋ ᠪᠠ ᠣᠯᠠᠨ ᠲᠦᠮᠡᠨ ᠤ ᠰᠠᠨᠠᠯ ᠤᠨ ᠬᠠᠶᠢᠷᠴᠠᠭ ᠵᠡᠷᠭᠡ ᠶᠢ ᠭᠠᠷᠭᠠᠵᠤ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠤᠳᠤᠷᠢᠳᠬᠤ ᠪᠠᠭ ᠵᠢᠴᠢ ᠪᠦᠷᠢᠯᠳᠦᠬᠦᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠪᠠᠷ ᠲᠤᠰᠬᠠᠭᠰᠠᠨ ᠵᠠᠬᠢᠳᠠᠯ ᠰᠤᠷᠪᠤᠯᠵᠢᠯᠠᠯ ᠢ ᠭᠤᠣᠯᠳᠠᠭᠤ ᠬᠦᠯᠢᠶᠡᠨ ᠠᠪᠴᠤ ᠰᠢᠢᠳᠪᠦᠷᠢᠯᠡᠬᠦ  ᠪᠣᠯᠤᠨ᠎ᠠ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄     ᠰᠦᠩ ᠰᠢᠶᠣᠣ ᠢᠦᠢ   ᠲᠡᠷᠭᠡᠯ   ᠢᠦᠢ ᡁᠢ ᠹᠠᠩ    ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2