ᠮᠠᠨ ᠤ ᠬᠤᠰᠢᠭᠤ ᠯᠧᠢ ᠹᠧᠩ ᠠᠴᠠ ᠰᠤᠷᠤᠯᠴᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠡᠬᠢᠯᠡᠯᠲᠡ ᠶᠢᠨ ᠶᠣᠰᠣᠯᠠᠯ  ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2024/3/7
      ᠮᠠᠨ ᠤ ᠬᠤᠰᠢᠭᠤ ᠯᠧᠢ ᠹᠧᠩ ᠠᠴᠠ ᠰᠤᠷᠤᠯᠴᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠡᠬᠢᠯᠡᠯᠲᠡ ᠶᠢᠨ ᠶᠣᠰᠣᠯᠠᠯ  ᠶᠠᠪᠤᠭᠳᠠᠭᠤᠯᠤᠭᠰᠠᠨ              3 ᠰᠠᠷ᠎ᠠ ᠶᠢᠨ 5 ᠤ ᠡᠳᠦᠷ᠂ ᠮᠠᠨ ᠤ ᠬᠤᠰᠢᠭᠤ《ᠯᠧᠢ ᠹᠧᠩ ᠠᠴᠠ ᠰᠤᠷᠤᠯᠴᠠᠵᠤ᠂ ᠪᠣᠯᠪᠠᠰᠤᠨ ᠢᠶᠠᠷ ᠦᠢᠯᠡᠳᠦᠯᠭᠡᠵᠢᠭᠦᠯᠦᠨ ᠠᠵᠢᠯᠯᠠᠭ᠎ᠠ ᠥᠷᠨᠢᠭᠦᠯᠬᠦ》ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠤᠭᠰᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠠᠨ ᡁᠢ ᠯᠢᠶᠠᠩ ᠠᠵᠢᠯᠯᠠᠭ᠎ᠠ ᠳᠤ ᠣᠷᠣᠯᠴᠠᠪᠠ᠃       ᠠᠵᠢᠯᠯᠠᠭ᠎ᠠ ᠨᠢ᠂ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠭᠦᠨᠵᠡᠭᠡᠢ ᠡᠵᠡᠮᠰᠢᠵᠦ᠂ ᠨᠠᠮ ᠤᠨ ᠭᠡᠰᠢᠭᠦᠨ ᠺᠠᠳ᠋ᠷ ᠤᠨ ᠵᠢᠱᠢᠶᠡᠴᠢ ᠳᠠᠭᠠᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠪᠠᠷ ᠬᠦᠰᠡᠯᠡᠩ ᠢᠲᠡᠭᠡᠯ ᠵᠣᠷᠢᠭ ᠤᠨ ᠬᠥᠮᠦᠵᠢᠯ ᠢ ᠭᠦᠨᠵᠡᠭᠡᠶᠢᠷᠡᠭᠦᠯᠵᠦ᠂ ᠣᠯᠠᠨ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ᠂ ᠣᠯᠠᠨ ᠲᠦᠮᠡᠨ ᠲᠠᠢ ᠬᠠᠷᠢᠯᠴᠠᠬᠤ ᠦᠵᠡᠯ ᠰᠠᠨᠠᠭᠠᠨ ᠤ ᠤᠬᠠᠮᠰᠠᠷ᠂ ᠣᠯᠠᠨ ᠲᠦᠮᠡᠨ ᠢ ᠳᠠᠶᠢᠴᠢᠯᠠᠬᠤ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠴᠢᠩᠭᠠᠳᠬᠠᠬᠤ᠂ ᠰᠠᠶᠢᠨ ᠳᠤᠷ᠎ᠠ ᠶᠢᠨ ᠠᠵᠢᠯᠯᠠᠭᠰᠠᠳ ᠤᠨ ᠡᠩᠨᠡᠭᠡᠨ ᠤ ᠨᠡᠶᠢᠭᠡᠮ ᠤᠨ ᠪᠣᠯᠪᠠᠰᠤᠨ ᠤ ᠲᠠᠪᠰᠢᠯᠲᠠ ᠶᠢ ᠳᠡᠭᠡᠭᠰᠢᠯᠡᠭᠦᠯᠬᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠠ ᠬᠥᠭᠡᠭᠡᠴᠡᠯᠳᠦᠯ ᠳᠤᠮᠳᠠᠬᠢ ᠢᠳᠡᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ᠂ ᠡᠯ᠎ᠡ ᠱᠠᠲᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠣᠶᠢᠷᠠᠳᠴᠤ᠂ ᠨᠠᠰᠤᠲᠠᠳ ᠢ ᠬᠦᠨᠳᠦᠯᠡᠵᠦ ᠵᠡᠮᠳᠡᠭᠴᠦᠳ ᠢ ᠲᠤᠰᠠᠯᠠᠬᠤ᠂ ᠬᠦᠴᠢᠷᠳᠡᠯ ᠢ ᠬᠠᠪᠰᠤᠷᠤᠨ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠷᠠᠳ ᠲᠤ ᠳᠥᠭᠦᠮ ᠪᠥᠭᠡᠳ ᠠᠰᠢᠭᠲᠠᠢ ᠪᠠᠶᠢᠬᠤ ᠵᠡᠷᠭᠡ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠶᠡᠬᠡᠪᠡᠷ ᠥᠷᠨᠢᠭᠦᠯᠬᠦ᠂ ᠯᠧᠢ ᠹᠧᠩ ᠤᠨ ᠵᠣᠷᠢᠭ ᠰᠠᠨᠠᠭ᠎ᠠ ᠶᠢ ᠪᠠᠶᠢᠭᠤᠯᠤᠯᠭ᠎ᠠ᠂ ᠰᠤᠷᠭᠠᠭᠤᠯᠢ ᠶᠢᠨ ᠬᠦᠷᠢᠶ᠎ᠡ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠲᠣᠣᠷ ᠰᠦᠯᠵᠢᠶᠡᠨ ᠳᠤ ᠣᠷᠣᠭᠤᠯᠬᠤ ᠶᠢ ᠠᠬᠢᠭᠤᠯᠵᠤ᠂  ᠯᠧᠢ ᠹᠧᠩ ᠠᠴᠠ ᠰᠤᠷᠤᠯᠴᠠᠬᠤ ᠺᠠᠳ᠋ᠷ ᠣᠯᠠᠨ ᠲᠦᠮᠡᠨ᠂ ᠣᠨᠴᠠᠭᠠᠶᠢᠯᠠᠨ ᠵᠠᠯᠠᠭᠤ ᠪᠠᠭᠠᠴᠤᠳ ᠤᠨ ᠳᠤᠮᠳᠠ ᠰᠠᠶᠢᠨ ᠬᠡᠪ ᠰᠤᠷᠲᠠᠯ ᠢ ᠪᠣᠢ ᠪᠣᠯᠭᠠᠬᠤ  ᠪᠠᠷ ᠵᠣᠷᠢᠭᠰᠠᠨ ᠪᠠᠶᠢᠨ᠎ᠠ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠢᠦᠢ ᠶᠤᠸᠠᠢ   ᠲᠡᠷᠭᠡᠯ   ᠰᠦᠩ ᠰᠢᠶᠣᠣ ᠢᠦᠢ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2