ᠮᠠᠨ ᠤ ᠬᠤᠰᠢᠭᠤ 《 3.8 》 ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠣᠢ ᠶᠢ ᠳᠤᠷᠠᠰᠬᠠᠬᠤ ᠵᠢᠴᠢ ᠪᠦᠬᠦ ᠬᠤᠰᠢᠭᠤᠨ ᠤ 2024 ᠣᠨ ᠤ ᠡᠮᠡᠭᠲᠡᠶᠢᠴᠦᠳ ᠤᠨ ᠠᠵᠢᠯ ᠤᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/3/7
      ᠮᠠᠨ ᠤ ᠬᠤᠰᠢᠭᠤ 《 3.8 》 ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠣᠢ ᠶᠢ ᠳᠤᠷᠠᠰᠬᠠᠬᠤ ᠵᠢᠴᠢ ᠪᠦᠬᠦ ᠬᠤᠰᠢᠭᠤᠨ ᠤ 2024 ᠣᠨ ᠤ ᠡᠮᠡᠭᠲᠡᠶᠢᠴᠦᠳ ᠤᠨ ᠠᠵᠢᠯ ᠤᠨ ᠬᠤᠷᠠᠯ ᠬᠤᠷᠠᠯᠳᠤᠭᠤᠯᠤᠭᠰᠠᠨ                3 ᠰᠠᠷ᠎ᠠ ᠶᠢᠨ 6 ᠤ ᠡᠳᠦᠷ᠂ ᠮᠠᠨ ᠤ ᠬᠤᠰᠢᠭᠤ《3.8》 ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠣᠢ ᠶᠢ ᠳᠤᠷᠠᠰᠬᠠᠬᠤ ᠵᠢᠴᠢ ᠪᠦᠬᠦ ᠬᠤᠰᠢᠭᠤᠨ ᠤ 2024 ᠣᠨ ᠤ ᠡᠮᠡᠭᠲᠡᠶᠢᠴᠦᠳ ᠤᠨ ᠠᠵᠢᠯ ᠤᠨ ᠬᠤᠷᠠᠯ ᠬᠤᠷᠠᠯᠳᠤᠭᠤᠯᠤᠭᠰᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠦ᠋ ᠰᠢᠨ ᠢᠦᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠦᠩ ᠸᠧᠨ ᠬᠤᠸᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠳᠣᠨ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ 2023 ᠣᠨ ᠤ ᠡᠮᠡᠭᠲᠡᠶᠢᠴᠦᠳ ᠤᠨ ᠬᠤᠯᠪᠣᠭᠠᠨ ᠤ ᠠᠵᠢᠯ ᠢ ᠳ᠋ᠦᠩᠨᠡᠭᠰᠡᠨ ᠪᠥᠭᠡᠳ 2024 ᠣᠨ ᠤ ᠠᠵᠢᠯ ᠳᠤ ᠪᠠᠶᠢᠷᠢᠯᠠᠭᠤᠯᠤᠯᠲᠠ ᠬᠢᠵᠦ᠂ ᠲᠡᠷᠢᠭᠦᠨ ᠤ ᠬᠠᠮᠲᠤ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃       ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠠᠵᠢᠯ ᠤᠨ ᠭᠤᠣᠯᠳᠠᠯᠭ᠎ᠠ ᠪᠠᠨ ᠶᠡᠭᠡ ᠲᠠᠯ᠎ᠠ ᠳᠤ ᠲᠠᠯᠪᠢᠵᠤ ᠪᠠᠶᠢᠷᠢᠯᠠᠭᠤᠯᠤᠨ ᠥᠷᠨᠢᠭᠦᠯᠵᠦ᠂ ᠨᠠᠮ ᠤᠨ ᠵᠣᠷᠢᠯᠲᠠ ᠶᠢ ᠥᠷᠭᠡᠨ ᠣᠯᠠᠨ ᠡᠮᠡᠭᠲᠡᠶᠢᠴᠦᠳ ᠤᠨ ᠤᠬᠠᠮᠰᠠᠷᠲᠤ ᠬᠥᠭᠡᠭᠡᠴᠡᠯᠳᠦᠯ ᠪᠣᠯᠤᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠲᠠᠢ ᠨᠢᠭᠲᠡ ᠤᠶᠠᠯᠳᠤᠭᠤᠯᠵᠤ ᠠᠵᠢᠯ ᠢᠶᠠᠨ ᠲᠥᠯᠥᠪᠵᠢᠭᠦᠯᠦᠨ ᠥᠷᠨᠢᠭᠦᠯᠬᠦ᠂ᠰᠢᠨ᠎ᠡ ᠬᠥᠭᠵᠢᠯᠲᠡ ᠶᠢᠨ ᠣᠨᠣᠯᠵᠢᠬᠤᠨ ᠢ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠨ᠂ 《ᠬᠠᠮᠤᠭ ᠤᠨ ᠭᠤᠶᠣ ᠭᠡᠷ ᠪᠦᠯᠢ》《ᠰᠠᠶᠢᠨ ᠬᠠᠳᠠᠮ ᠡᠵᠢ》《ᠰᠠᠶᠢᠨ ᠪᠡᠷᠢ》ᠡᠷᠢᠬᠦ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠ ᠠᠴᠢᠶᠠᠯᠠᠪᠤᠷᠢ ᠶᠢ ᠠᠮᠢᠳᠤᠯᠢᠭ ᠢᠶᠠᠷ ᠬᠡᠷᠡᠭᠯᠡᠨ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠣᠯᠠᠨ ᠡᠮᠡᠭᠲᠡᠶᠢᠴᠦᠳ ᠢ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠳᠤ ᠲᠡᠳᠡᠨ ᠣᠷᠣᠯᠴᠠᠭᠤᠯᠵᠤ᠂ ᠭᠤᠣᠯᠯᠠᠬᠤ ᠥᠷᠲᠡᠭ ᠤᠨ ᠦᠵᠡᠯᠲᠡ ᠶᠢᠨ ᠳᠣᠲᠣᠭᠠᠳᠤ ᠱᠠᠭᠠᠷᠳᠠᠯᠭ᠎ᠠ ᠶᠢ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠨᠠᠶᠢᠳᠠᠪᠤᠷᠢᠵᠢᠭᠤᠯᠤᠭᠳᠠᠭᠰᠠᠨ ᠪᠣᠳᠠᠲᠤ ᠦᠢᠯᠡᠳᠦᠯᠭᠡ ᠪᠣᠯᠭᠠᠬᠤ ᠬᠡᠷᠡᠭᠲᠡᠢ  ᠭᠡᠵᠤ ᠴᠢᠬᠤᠯᠠᠴᠢᠯᠠᠭᠰᠠᠨ  ᠪᠠᠶᠢᠨ᠎ᠠ᠃       ᠡᠯ᠎ᠡ ᠰᠤᠮᠤ ᠰᠢᠶᠠᠩ ᠪᠠᠯᠭᠠᠰᠤ ( ᠲᠠᠯᠠᠪᠠᠢ ) ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠡᠯ᠎ᠡ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ᠂ ᠡᠯ᠎ᠡ ᠬᠠᠮᠢᠶᠠᠷᠴᠤ ᠪᠦᠬᠦᠢ ᠨᠢᠭᠡᠴᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ 《ᠭᠤᠷᠪᠠᠨ ᠰᠢᠨ᠎ᠡ》ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠨ ᠵᠥᠪᠯᠡᠯ ᠤᠨ ᠡᠷᠬᠢᠯᠡᠭᠴᠢ᠂ ᠬᠥᠬᠢᠭᠦᠯᠦᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠠ ᠬᠤᠪᠢ ᠬᠥᠮᠦᠨ ᠬᠤᠷᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠢᠦᠢ ᠶᠤᠸᠠᠢ    ᠵᠧᠦ ᠰᠢᠶᠣᠣ ᠯᠢᠨ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2